ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠭᠦᠶᠡᠩ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ  ᠵᠢᠨᠱᠠᠨ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2025/1/23
    1 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠭᠦᠶᠡᠩ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠵᠢᠨᠱᠠᠨ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃    ᠬᠢᠨᠠᠨ ᠵᠥᠪᠯᠡᠬᠦ ᠶᠠᠪᠤᠴᠠ ᠳᠤ᠂ ᠭᠦᠸᠧ ᠴᠦᠨ ᠯᠢᠶᠠᠨ᠂ ᠨᠢᠦ ᠵᠢᠶᠦ᠋ᠨ ᠯᠢ᠂ ᠶᠣᠣ ᠱᠦᠨ᠂ ᠦ᠋ ᠬᠠᠢ ᠯᠦᠩ ᠵᠡᠷᠭᠡ ᠲᠥᠯᠥᠭᠡᠯᠡᠭᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠨᠴᠢᠷ ᠤᠨ ᠠᠵᠤ ᠦᠢᠯᠡᠰ ᠤᠨ ᠬᠥᠭᠵᠢᠯᠲᠡ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠥᠬᠦᠭᠡᠷᠦᠮᠵᠢ ᠶᠢ ᠰᠢᠯᠢᠳᠡᠭᠵᠢᠭᠦᠯᠬᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠥᠭᠡᠷᠡᠴᠢᠯᠡᠯᠲᠡ ᠵᠡᠷᠭᠡ ᠲᠠᠯ᠎ᠠ ᠪᠠᠷ ᠥᠪᠡᠷ ᠤᠨ ᠪᠠᠶᠢᠴᠠᠭᠠᠨ ᠰᠤᠳᠤᠯᠤᠯᠲᠠ ᠪᠣᠯᠤᠨ ᠪᠣᠳᠠᠲᠠᠢ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ ᠪᠣᠳᠣᠭᠰᠠᠨ ᠢᠶᠠᠨ ᠠᠭᠤᠵᠢᠷᠠᠲᠠᠯ᠎ᠠ ᠶᠠᠷᠢᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠰᠠᠨᠠᠯ ᠨᠢᠭᠡᠲᠡᠢ ᠦᠵᠡᠭᠰᠡᠨ ᠨᠢ᠂ ᠢᠯᠡᠳᠬᠡᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠢᠯᠡᠷᠡᠭᠦᠯᠵᠦ᠂ ᠥᠩᠭᠡᠷᠡᠭᠰᠡᠨ ᠨᠢᠭᠡ ᠵᠢᠯ ᠤᠨ ᠠᠵᠢᠯ ᠤᠨ ᠠᠮᠵᠢᠯᠲᠠ ᠪᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠰᠢᠨ᠎ᠡ ᠨᠢᠭᠡ ᠵᠢᠯ ᠤᠨ ᠠᠵᠢᠯ ᠤᠨ ᠰᠡᠳᠬᠢᠴᠡ ᠪᠣᠯᠤᠨ ᠬᠥᠭᠵᠢᠯᠲᠡ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠳᠤᠷᠠᠳᠴᠤ᠂ ᠪᠠᠷᠠᠭᠠᠯᠬᠢᠯᠠᠯᠳᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠢᠲᠡᠭᠡᠯ ᠵᠣᠷᠢᠭ ᠢᠶᠠᠨ ᠢᠯᠡᠷᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠭᠰᠡᠨ ᠰᠠᠶᠢᠨ ᠮᠡᠳᠡᠭᠦᠯᠦᠯᠲᠡ ᠪᠣᠯᠤᠨ᠎ᠠ᠃ ᠶᠣᠣ ᠵᠢᠶᠦ᠋ᠨ ᠵᠢᠶᠧ ᠨᠠᠷᠢᠨ ᠬᠢᠨᠠᠮᠠᠭᠠᠢ ᠰᠣᠨᠣᠰᠴᠤ᠂ ᠨᠠᠷᠢᠨ ᠨᠢᠭᠲᠠ ᠲᠡᠮᠳᠡᠭᠯᠡᠵᠦ᠂ ᠰᠠᠨᠠᠭᠤᠯᠭ᠎ᠠ ᠨᠢᠭᠡᠪᠦᠷᠢ ᠳᠤ ᠴᠢᠭᠯᠡᠭᠦᠯᠦᠨ ᠨᠢᠭᠡᠳ ᠨᠢᠭᠡ ᠪᠠᠷ ᠬᠠᠷᠢᠭᠤᠯᠲᠠ ᠥᠭᠴᠦ᠂ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠲᠥᠯᠥᠭᠡᠯᠡᠭᠴᠢᠳ ᠲᠠᠢ ᠭᠦᠨᠵᠡᠭᠡᠢ ᠰᠤᠳᠤᠯᠤᠨ ᠶᠠᠷᠢᠯᠴᠠᠪᠠ᠃ ᠡᠶᠢᠮᠦᠷᠬᠦ ᠥᠨᠳᠥᠷ ᠪᠦᠲᠦᠮᠵᠢᠲᠡᠢ ᠬᠠᠷᠢᠯᠴᠠᠨ ᠰᠣᠯᠢᠯᠴᠠᠭ᠎ᠠ ᠬᠢᠬᠦ ᠲᠣᠭᠲᠠᠴᠠ ᠨᠢ ᠵᠠᠰᠠᠭ ᠤᠨ ᠣᠷᠳᠣᠨ ᠤ ᠠᠵᠢᠯ ᠤᠨ ᠨᠡᠩ ᠢᠯᠡ ᠲᠣᠳᠣ ᠪᠠᠶᠢᠬᠤ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠠᠷᠠᠳ ᠣᠯᠠᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢ ᠢᠯᠡᠷᠡᠭᠦᠯᠦᠭᠰᠡᠨ ᠪᠠᠶᠢᠨ᠎ᠠ᠃    ᠶᠣᠣ ᠵᠢᠶᠦ᠋ᠨ ᠵᠢᠶᠧ ᠢᠯᠡᠷᠬᠡᠶᠢᠯᠡᠬᠦ ᠳᠡᠭᠡᠨ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠯᠥᠭᠡᠯᠡᠭᠴᠢ ᠶᠢᠨ ᠪᠡᠶ᠎ᠡ ᠶᠢᠨ ᠭᠠᠷᠤᠯ ᠢᠶᠠᠨ ᠨᠠᠨᠳᠢᠩᠨᠠᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠦᠨᠡᠨ ᠠᠴᠠ ᠵᠥᠪ ᠢ ᠡᠷᠢᠭᠰᠡᠨ ᠰᠠᠭᠤᠷᠢᠨ ᠳᠡᠭᠡᠷ᠎ᠡ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠬᠡᠷᠡᠭᠲᠡᠢ᠃ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨ ᠠᠭᠤᠳᠠᠯᠵᠤ᠂ ᠠᠵᠢᠯ ᠤᠨ ᠰᠡᠳᠬᠢᠴᠡ ᠪᠠᠨ ᠲᠣᠳᠣᠷᠬᠠᠢ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠣᠰᠬᠤᠨ ᠤ ᠬᠠᠮᠲᠤ ᠶᠢᠨ ᠠᠵᠤ ᠠᠬᠤᠢ ᠵᠡᠷᠭᠡ ᠲᠠᠯ᠎ᠠ ᠶᠢᠨ ᠰᠠᠶᠢᠨ ᠰᠠᠨᠠᠭᠤᠯᠭ᠎ᠠ ᠶᠢ ᠳᠤᠷᠠᠳᠴᠤ᠂ ᠭᠦᠶᠡᠩ ᠰᠢᠶᠠᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号