ᠪᠦᠬᠦ ᠰᠢᠶᠠᠨ ᠤ ᠠᠬᠠᠰ ᠵᠠᠬᠠᠰ ᠨᠤᠲᠤᠭ ᠤᠨ ᠠᠬ᠎ᠠ ᠳᠡᠭᠦᠦ ᠨᠠᠷ᠂ ᠨᠥᠬᠦᠳ ᠡ᠂ ᠨᠠᠶᠢᠵᠠ ᠨᠠᠷ ᠡ᠄ | ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ᠂ ᠪᠠᠶᠠᠷ ᠪᠠᠶᠠᠰᠬᠤᠯᠠᠩ ᠲᠠᠢ ᠡᠶ᠎ᠡ ᠨᠠᠶᠢᠷᠠᠮᠳᠠᠭᠤ | ᠰᠠᠶᠢᠨ ᠰᠠᠶᠢᠬᠠᠨ ᠴᠠᠭ ᠮᠥᠴᠡ ᠳᠤ᠂ ᠪᠢ ᠰᠢᠶᠠᠨ ᠤ ᠳᠦᠷᠪᠡᠨ ᠶᠡᠭᠡ ᠪᠠᠭ ᠤᠨ ᠡᠮᠦᠨ᠎ᠡ ᠠᠴᠠ ᠨᠢᠭᠡ ᠵᠢᠯ ᠤᠨ | ᠲᠤᠷᠰᠢ ᠡᠯ᠎ᠡ ᠹᠷᠣᠨᠲ᠂ ᠡᠯ᠎ᠡ ᠬᠦᠷᠢᠶᠡᠨ ᠤ ᠺᠠᠳ᠋ᠷ ᠤᠯᠠᠨ ᠲᠦᠮᠡᠨ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠯᠠᠮᠵᠢᠯᠠᠵᠤ᠂ ᠳᠡᠮᠵᠢᠵᠦ᠂ ᠣᠷᠣᠯᠴᠠᠭᠰᠠᠨ ᠨᠡᠶᠢᠭᠡᠮ ᠤᠨ ᠡᠯ᠎ᠡ | ᠡᠲᠡᠭᠡᠳ ᠤᠨ ᠬᠥᠮᠦᠰ ᠲᠤ ᠴᠢᠩ ᠰᠡᠳᠬᠢᠯ ᠤᠨ ᠮᠡᠨᠳᠦᠴᠢᠯᠡᠯ ᠪᠠ ᠰᠢᠨ᠎ᠡ ᠵᠢᠯ ᠤᠨ ᠵᠥᠩᠨᠡᠯ ᠳᠡᠪᠰᠢᠭᠦᠯᠦᠶ᠎ᠡ︕ | ᠡᠨᠡ ᠨᠢᠭᠡ ᠵᠢᠯ ᠳᠤ᠂ ᠪᠢᠳᠡ ᠨᠠᠮ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠯ | ᠨᠢᠭᠡᠳᠦᠨ ᠰᠦᠭ ᠰᠦᠨᠡᠰᠦ ᠶᠢ ᠱᠤᠭᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠵᠤ ᠪᠦᠬᠦ ᠬᠤᠳᠠ ᠶᠢᠨ | ᠰᠢᠯᠢᠳᠡᠭ ᠳᠡᠰ ᠢᠶᠠᠷ ᠦᠨᠡᠯᠡᠭᠳᠡᠪᠡ᠃ ᠡᠨᠡ ᠨᠢᠭᠡ ᠵᠢᠯ ᠳᠤ ᠪᠢᠳᠡ ᠬᠤᠳᠠᠯᠳᠤᠭᠠᠴᠢᠨ ᠤᠷᠢᠬᠤ᠂ ᠠᠵᠤ ᠠᠬᠤᠶ ᠪᠠᠨ | ᠬᠥᠭᠵᠢᠭᠦᠯᠬᠦ ᠶᠢ ᠶᠡᠭᠡ ᠪᠠᠷ ᠠᠳᠬᠤᠵᠤ᠂ ᠪᠥᠬᠦ ᠬᠤᠲᠠ ᠶᠢᠨ ᠪᠥᠬᠦ ᠵᠢᠯ ᠤᠨ ᠴᠢᠬᠤᠯᠠ ᠶᠡᠭᠡ ᠲᠥᠷᠥᠯ ᠵᠦᠢᠯ ᠢ | ᠰᠢᠯᠭᠠᠨ ᠦᠨᠡᠯᠡᠬᠦ ᠳᠤᠭᠤᠶᠢᠯᠠᠩ ᠤᠨ ᠨᠢᠭᠡᠳᠦᠭᠡᠷ ᠲᠤ ᠤᠷᠤᠭᠰᠠᠨ ᠰᠠᠶᠢᠨ ᠬᠢᠷᠢ ᠪᠦᠲᠦᠮᠵᠢ ᠶᠢ ᠣᠯᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶ ᠥᠷᠲᠡᠭ ᠠᠩᠬ᠎ᠠ ᠤᠳᠠᠭ᠎ᠠ 300 | ᠳ᠋ᠦᠩᠰᠢᠭᠤᠷ ᠲᠥᠭᠦᠷᠢᠭ ᠢ ᠳᠠᠪᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠦᠷᠭᠦᠯᠵᠢᠯᠡᠨ | ᠭᠤᠷᠪᠠᠨ ᠵᠢᠯ ᠤᠨ ᠨᠡᠮᠡᠭᠳᠡᠯ ᠤᠨ ᠬᠤᠷᠳᠤᠴᠠ ᠶᠢ 13% ᠠᠴᠠ ᠳᠡᠭᠡᠭᠰᠢ ᠪᠠᠲᠤᠯᠠᠪᠠ᠃ ᠡᠨᠡ ᠨᠢᠭᠡ ᠵᠢᠯ ᠳᠤ᠂ | ᠪᠢᠳᠡ ᠠᠷᠠᠳ ᠤᠨ ᠠᠮᠢᠳᠤᠷᠠᠯ ᠳᠤ ᠬᠠᠶᠢᠷ᠎ᠠ ᠰᠡᠳᠬᠢᠯᠭᠡ ᠲᠠᠢ ᠪᠠᠷ ᠬᠦᠴᠦᠯᠡᠵᠦ᠂ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠥᠷᠲᠡᠭ ᠨᠡᠮᠡᠭᠳᠡᠯ ᠤᠨ ᠦᠨᠡᠯᠡᠯᠲᠡ ᠪᠥᠬᠦ ᠬᠤᠲᠠ ᠶᠢᠨ | ᠨᠢᠭᠡᠳᠦᠭᠡᠷ ᠲᠤ ᠣᠷᠣᠵᠤ᠂ ᠤᠯᠤᠰ ᠤᠨ ᠵᠠᠮ ᠤᠨ 210 ᠪᠠᠭ᠎ᠠ ᠬᠡᠰᠡᠭ ᠵᠠᠰᠠᠮᠠᠯ ᠵᠠᠮ ᠤᠨ ᠲᠥᠷᠥᠯ ᠵᠦᠢᠯ ᠢ ᠤᠳᠠᠯ | ᠥᠬᠡᠶ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ 1.6 ᠲᠦᠮᠡᠨ ᠡᠷᠦᠬᠡ ᠶᠢᠨ ᠥᠮᠴᠢᠯᠡᠯ ᠤᠨ ᠡᠷᠬᠡ ᠶᠢᠨ | ᠦᠯᠡᠳᠡᠭᠳᠡᠯ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃ ᠡᠨᠡ ᠨᠢᠭᠡ ᠵᠢᠯ ᠳᠤ᠂ ᠪᠢᠳᠡ ᠰᠢᠨ᠎ᠡ ᠶᠢ ᠡᠭᠦᠳᠦᠨ | ᠰᠢᠪᠲᠤᠯᠤᠯᠲᠠ ᠭᠠᠷᠭᠠᠵᠤ᠂ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠪᠥᠬᠦ ᠤᠯᠤᠰ ᠤᠨ ᠠᠩᠬᠠᠳᠠᠭᠴᠢ ᠴᠢᠨ | ᠤᠯᠤᠰ ᠤᠨ ᠣᠷᠳᠣ ᠴᠠᠭᠠᠨ ᠬᠡᠷᠡᠮ ᠢᠶᠠᠷ ᠭᠤᠤᠯ ᠰᠡᠳᠦᠪ ᠪᠣᠯᠭᠠᠭᠰᠠᠨ ᠤᠯᠤᠰ ᠤᠨ ᠰᠣᠶᠣᠯ ᠤᠨ ᠴᠡᠴᠡᠷᠯᠢᠭ ᠢ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠭᠲᠠᠭᠠᠮᠵᠢ ᠪᠠᠷ ᠬᠠᠮᠤᠭ ᠤᠨ ᠶᠡᠭᠡ ᠭᠠᠵᠠᠷ ᠰᠢᠷᠣᠶ ᠶᠢᠨ ᠨᠡᠮᠡᠭᠳᠡᠯ | ᠬᠠᠰᠤᠭᠳᠠᠯ ᠳᠤ ᠬᠤᠯᠪᠣᠭᠳᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠤᠮᠠᠷᠠᠲᠤ ᠥᠷᠭᠡᠷᠢᠭ ᠤᠨ ︽41℃ | ᠭᠦᠶᠡᠩ ᠡᠷᠭᠦᠬᠦ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠦᠨ᠎ᠡ | ᠥᠷᠲᠡᠭ ᠨᠢ 213.79 ᠳ᠋ᠦᠩᠰᠢᠭᠤᠷ ᠲᠥᠭᠦᠷᠢᠭ ᠲᠤ ᠬᠦᠷᠴᠡᠶ᠃ | ᠰᠢᠨ᠎ᠡ ᠨᠢᠭᠡ ᠵᠢᠯ ᠳᠤ᠂ ᠪᠢᠳᠡ ᠲᠡᠮᠡᠴᠡᠯ ᠤᠨ ᠵᠣᠷᠢᠭ ᠪᠠᠳᠠᠷᠠᠩᠭᠤᠢ ᠪᠠᠷ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠴᠠᠯᠠᠭᠠᠶᠢᠷᠠᠯ ᠦᠭᠡᠢ ᠪᠠᠷ ᠡᠬᠢᠯᠡᠯᠲᠡ ᠶᠢᠨ ᠵᠢᠳᠬᠦᠯ | ᠴᠢᠷᠮᠠᠶᠢᠯᠭ᠎ᠠ ᠪᠠᠨ ᠢᠯᠡᠷᠡᠭᠦᠯᠵᠦ᠂ ᠡᠷᠡᠮᠡᠬᠡᠶᠢᠯᠡᠨ ᠠᠵᠢᠯᠯᠠᠵᠤ ᠪᠣᠳᠠᠲᠠᠢ ᠠᠵᠢᠯᠯᠠᠵᠤ᠂ ᠪᠤᠭᠤᠲᠤ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠠᠵᠤ ᠠᠬᠤᠢ ᠶᠢᠨ ᠨᠡᠮᠡᠭᠳᠡᠯ ᠤᠨ ᠲᠦᠢᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠭᠦᠶᠡᠩ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠬᠦ ᠶᠢ ᠵᠥᠩᠨᠡᠶ᠎ᠡ︕ ᠬᠦᠶᠡᠩ ᠤᠨ ᠮᠠᠷᠭᠠᠰᠢ ᠨᠡᠩ ᠰᠠᠶᠢᠨ | ᠰᠠᠶᠢᠬᠠᠨ ᠪᠣᠯᠬᠤ ᠶᠢ ᠢᠷᠥᠭᠡᠶ᠎ᠡ︕ ᠪᠦᠬᠦ ᠰᠢᠶᠠᠨ ᠤ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ | ᠪᠠᠶᠢᠬᠤ ᠶᠢ ᠢᠷᠥᠭᠡᠶ᠎ᠡ︕ | |