ᠭᠦᠶᠡᠩ ᠰᠢᠶᠠᠨ ᠤ ᠡᠮᠡᠭᠲᠡᠶᠢᠴᠦᠳ ᠤᠨ ᠬᠤᠯᠪᠣᠭ᠎ᠠ ​ ᠰᠦᠢᠳᠬᠡᠯ ᠬᠤᠷᠢᠶᠠᠬᠤ ᠦᠭᠡᠢ ᠪᠠᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠺᠢᠨᠣ᠋ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/27
    ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ  2025 ᠡᠪᠦᠯ ᠤᠨ ᠠᠮᠠᠷᠠᠯᠲᠠ ᠶᠢᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠦᠶᠡᠩ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠠᠢ ᠬᠠᠮᠲᠤᠷᠠᠨ  ᠬᠡᠦᠬᠡᠳ ᠲᠤ ᠰᠦᠢᠳᠬᠡᠯ ᠬᠤᠷᠢᠶᠠᠬᠤ ᠦᠭᠡᠢ ᠨᠡᠶᠢᠲᠡ ᠶᠢᠨ ᠠᠰᠠᠷᠠᠮᠵᠢ ᠶᠢᠨ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠪᠡ᠃    1 ᠰᠠᠷ᠎ᠠ ᠶᠢᠨ 18 ᠤ ᠡᠳᠦᠷ ᠠᠴᠠ 1 ᠰᠠᠷ᠎ᠠ ᠶᠢᠨ 27 ᠤ ᠡᠳᠦᠷ ᠪᠣᠯᠲᠠᠯ᠎ᠠ᠂ ᠭᠦᠶᠡᠩ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠶᠢᠨ ᠢ ᠯᠢᠶᠠᠨ ᠺᠢᠨᠣ᠋ ᠶᠢᠨ ᠬᠤᠳᠠ ᠶᠢᠨ ᠭᠦᠶᠡᠩ ᠰᠢᠩ ᠲᠢᠶᠠᠨ ᠳ᠋ᠢ ᠳᠡᠯᠭᠡᠭᠦᠷ ︵ᠭᠤᠸᠠᠩ ᠵᠦᠩ ᠳᠡᠯᠭᠡᠭᠦᠷ︶ ᠲᠤ ᠬᠡᠦᠬᠡᠳ ᠤᠳ ᠲᠤ ︽  ᠪᠠ ᠸᠠᠩ ᠯᠦᠩ ᠤᠨ ᠠᠵᠢᠯᠯᠠᠭ᠎ᠠ︾᠂ ︽ᠳᠤᠮᠳᠠᠳᠤ ᠤᠯᠤᠰ ᠤᠨ ᠨᠢᠰᠬᠡᠯ ᠤᠨ ᠳᠠᠷᠤᠭ᠎ᠠ︾᠂ ︽  ᠭᠠᠭ᠋ᠠᠶ ᠶᠢᠨ ᠪᠠᠭᠠᠲᠤᠷ ᠤᠨ ᠲᠤᠮᠤ ᠺᠢᠨᠣ᠋ · ᠳᠠᠯᠠᠢ ᠲᠠᠩᠭᠢᠰ ᠤᠨ ᠡᠳᠦᠷ ᠤᠨ ᠲᠡᠮᠳᠡᠭᠯᠡᠯ︾ ᠵᠡᠷᠭᠡ 10 ᠭᠤᠶᠢᠳᠠ ᠰᠠᠶᠢᠬᠠᠨ ᠺᠢᠨᠣ᠋ ᠶᠢ ᠪᠡᠯᠡᠳᠬᠡᠵᠦ᠂ ᠬᠡᠦᠬᠡᠳ ᠤᠨ ᠣᠶᠤᠨ ᠰᠠᠨᠠᠭᠠᠨ ᠤ ᠶᠢᠷᠲᠢᠨᠴᠦ ᠶᠢ ᠪᠠᠶᠠᠯᠢᠭᠵᠢᠭᠤᠯᠤᠨ᠂ ᠲᠡᠳᠡᠨ ᠤ ᠭᠤᠸ᠎ᠠ ᠲᠠᠭᠠᠰᠢᠶᠠᠯ ᠤᠨ ᠴᠢᠳᠠᠪᠤᠷᠢ ᠪᠠ ᠬᠠᠶᠢᠷ᠎ᠠ ᠰᠡᠳᠬᠢᠯᠭᠡ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠬᠠᠮᠲᠤ ᠬᠡᠷ ᠪᠦᠯᠢ  ᠶᠢᠨ ᠬᠤᠭᠤᠷᠣᠨᠳᠤ ᠪᠠᠨ ᠨᠡᠪᠲᠡᠷᠡᠯᠴᠡᠨ ᠰᠣᠯᠢᠯᠴᠠᠬᠤ ᠬᠥᠭᠦᠷᠭᠡ ᠶᠢ ᠪᠠᠶᠢᠭᠤᠯᠵᠤ᠂ ᠡᠴᠢᠭᠡ ᠡᠬᠡ ᠦᠷ᠎ᠡ ᠬᠡᠦᠬᠡᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠬᠦ ᠬᠤᠯᠪᠣᠭᠠᠰᠤ ᠶᠢ ᠨᠢ ᠨᠡᠮᠡᠭᠳᠡᠭᠦᠯᠪᠡ᠃    ᠲᠣᠰ ᠠᠵᠢᠯᠯᠠᠭ᠎ᠠ ᠳᠤ ᠣᠯᠠᠨ ᠬᠡᠷ ᠪᠦᠯᠢ ᠢᠳᠡᠪᠬᠢᠲᠡᠶ ᠣᠷᠣᠯᠴᠠᠵᠤ᠂ ᠺᠢᠨᠣ᠋ ᠦᠵᠡᠬᠦ ᠶᠠᠪᠤᠴᠠ ᠳᠤ᠂ ᠬᠡᠦᠬᠡᠳ ᠤᠳ ᠤᠨ ᠺᠢᠨᠣ᠋ ᠶᠢᠨ ᠳᠣᠲᠣᠷᠠᠬᠢ ᠭᠤᠶᠢᠳᠠ ᠰᠠᠶᠢᠬᠠᠨ ᠦᠢᠯᠡ ᠶᠠᠪᠤᠳᠠᠯ ᠨᠢ ᠭᠦᠨ ᠲᠠᠲᠠᠭᠳᠠᠵᠤ᠂ ᠪᠠᠶᠢᠨ ᠪᠠᠶᠢᠨ ᠪᠠᠶᠠᠷᠯᠠᠨ ᠢᠨᠢᠶᠡᠯᠴᠡᠵᠦ᠂ ᠵᠠᠷᠢᠮ ᠳᠠᠭᠠᠨ ᠪᠠᠴᠢᠮᠳᠠᠵᠤ᠂ ᠬᠡᠷ ᠤᠨ ᠠᠬᠠᠮᠠᠳ ᠴᠤ ᠪᠠᠰᠠ  ᠺᠢᠨᠣ᠋ ᠶᠢᠨ ᠷᠢᠳᠢ ᠰᠢᠳᠢ ᠶᠢ ᠬᠠᠮᠲᠤ ᠪᠠᠷ ᠮᠡᠳᠡᠷᠡᠭᠦᠯᠪᠡ᠃    ᠳᠠᠷᠠᠭᠠᠴᠢ ᠶᠢᠨ ᠠᠯᠬᠤᠮ ᠳᠤ᠂ ᠭᠦᠶᠡᠩ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠡᠯ᠎ᠡ ᠲᠠᠯ᠎ᠠ ᠶᠢᠨ ᠡᠬᠢ ᠪᠠᠶᠠᠯᠢᠭ ᠢ ᠦᠷᠭᠦᠯᠵᠢᠯᠡᠨ ᠬᠤᠷᠠᠮᠳᠤᠭᠤᠯᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯᠯᠠᠭ᠎ᠠ ᠶᠢᠨ ᠠᠭᠤᠯᠭ᠎ᠠ ᠪᠣᠯᠤᠨ ᠬᠡᠯᠪᠡᠷᠢ ᠶᠢ ᠲᠠᠰᠤᠷᠠᠯᠲᠠ ᠦᠭᠡᠢ ᠰᠢᠨ᠎ᠡ ᠶᠢ ᠡᠭᠦᠳᠬᠦ ᠪᠠ ᠪᠠᠶᠠᠯᠢᠭᠵᠢᠭᠤᠯᠤᠨ᠎ᠠ᠃ ᠬᠡᠦᠬᠡᠳ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠳᠤ ᠨᠡᠩ ᠢᠯᠡᠭᠦᠦ ᠨᠡᠶᠢᠴᠡᠬᠦ᠂ ᠰᠤᠷᠭᠠᠨ ᠬᠥᠮᠦᠵᠢᠯ ᠤᠨ ᠠᠴᠢ ᠬᠤᠯᠪᠣᠭᠳᠠᠯ ᠪᠠ ᠳᠤᠷ᠎ᠠ ᠰᠣᠨᠢᠷᠬᠠᠯ ᠤᠨ ᠴᠢᠨᠠᠷᠲᠠᠢ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠨᠠᠷᠢᠨ ᠨᠢᠮᠪᠠᠢ ᠤᠬᠠᠭᠠᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠡᠦᠬᠡᠳ ᠤᠨ ᠦᠰᠦᠨ ᠪᠤᠶᠢᠵᠢᠯᠲᠠ ᠶᠢ ᠬᠠᠯᠠᠮᠵᠢᠯᠠᠬᠤ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠪᠦᠬᠦ ᠨᠡᠶᠢᠭᠡᠮ ᠢᠶᠠᠷ ᠢᠶᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠬᠡᠦᠬᠡᠳ ᠪᠣᠯᠭᠠᠨ ᠢ ᠬᠠᠶᠢᠷ᠎ᠠ ᠬᠠᠯᠠᠮᠵᠢ ᠳᠣᠣᠷ᠎ᠠ ᠢᠳᠡᠷᠡᠭᠦᠨ ᠢᠶᠠᠷ ᠥᠰᠬᠡᠨ᠎ᠡ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号