ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ | ᠺᠠᠳ᠋ᠷᠴᠤᠳ ᠤᠨ ᠣᠨᠣᠯ ᠢ ᠪᠣᠳᠠᠲᠠᠢ ᠲᠠᠢ ᠤᠶᠠᠯᠳᠤᠭᠤᠯᠬᠤ ᠲᠠᠯ᠎ᠠ ᠪᠠᠷ ᠬᠢ ︽ᠦᠵᠡᠯ ᠰᠠᠨᠠᠭᠠᠨ ᠤ ᠵᠢᠯᠣᠭᠤᠳᠤᠭᠴᠢ︾᠂ | ︽ᠤᠯᠤᠰ ᠲᠥᠷᠥ ᠶᠢᠨ ᠬᠠᠪᠰᠤᠷᠤᠨ ᠵᠢᠯᠣᠭᠤᠳᠤᠭᠴᠢ︾᠂ ︽ᠠᠵᠢᠯ ᠤᠨ ᠰᠤᠳᠤᠯᠤᠭᠴᠢ︾ ᠶᠢᠨ ᠦᠢᠯᠡᠳᠦᠯ ᠢ | ᠦᠨᠡᠨ ᠬᠦ ᠪᠠᠳᠠᠷᠠᠭᠤᠯᠬᠤ ᠶᠢᠨ ᠲᠥᠯᠥᠭᠡ᠂ ᠰᠢᠶᠠ ᠱᠢ ᠬᠤᠤ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ | 2024 ᠣᠨ ᠤ 12 ᠰᠠᠷ᠎ᠠ ᠶᠢᠨ 20 ᠤ ᠡᠳᠦᠷ ︽ᠤᠳᠤᠷᠢᠳᠬᠤ ᠺᠠᠳ᠋ᠷ ᠶᠠᠷᠢᠶᠠᠨ ᠤ ᠲᠠᠪᠴᠠᠩ ᠳᠤ ᠭᠠᠷᠬᠤ︾ | ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠪᠡ᠃ ᠪᠠᠯᠭᠠᠰᠤᠨ ᠤ ᠤᠳᠤᠷᠢᠳᠬᠤ | ᠪᠠᠭ ᠤᠨ ᠪᠦᠷᠢᠯᠳᠦᠬᠦᠨ᠂ ᠡᠯ᠎ᠡ ᠠᠯᠪᠠᠨ ᠭᠡᠷ᠂ ᠲᠥᠪ᠂ ᠠᠩᠭᠢ ᠶᠢᠨ ᠬᠠᠷᠢᠭᠤᠴᠠᠯᠭᠠᠲᠠᠨ ᠢᠶᠠᠷ ᠪᠦᠷᠢᠯᠳᠦᠭᠰᠡᠨ | ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠨᠢ ᠡᠩ ᠤᠨ ᠨᠠᠮ ᠤᠨ ᠭᠡᠰᠢᠭᠦᠨ ᠤ ᠬᠤᠪᠢ ᠪᠠᠷ ᠬᠢᠴᠢᠶᠡᠯ ᠤᠨ | ᠲᠠᠪᠴᠠᠩ ᠳᠤ ᠡᠭᠡᠯᠵᠢᠯᠡᠨ ᠬᠢᠴᠢᠶᠡᠯ ᠣᠷᠣᠵᠤ᠂ ᠶᠠᠷᠢᠬᠤ ᠪᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠯᠭ᠎ᠠ ᠪᠠᠷ | ᠺᠠᠳ᠋ᠷ ᠢ ᠠᠬᠢᠭᠤᠯᠬᠤ᠂ ᠠᠵᠢᠯᠯᠠᠬᠤ ᠪᠠᠷ ᠠᠬᠢᠭᠤᠯᠬᠤ ᠶᠢ ᠪᠡᠶᠡᠯᠡᠭᠦᠯᠵᠦ᠂ ᠰᠢᠶᠠ ᠱᠢ ᠬᠤᠤ ᠪᠠᠯᠭᠠᠰᠤᠨ ᠤ ᠡᠯ᠎ᠡ | ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ | ᠬᠠᠩᠭᠠᠬᠤ ᠬᠡᠷᠡᠭᠲᠡᠢ᠃ | ᠤᠳᠤᠷᠢᠳᠬᠤ ᠺᠠᠳ᠋ᠷ ᠶᠠᠷᠢᠶᠠᠨ ᠤ ᠲᠠᠪᠴᠠᠩ ᠳᠤ ᠭᠠᠷᠬᠤ ᠬᠤᠶᠠᠳᠤᠭᠠᠷ ᠬᠤᠭᠤᠴᠠᠭ᠎ᠠ | ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ | ᠸᠠᠩ ᠳ᠋ᠠᠨ ᠶᠠᠩ | ᠵᠠᠯᠠᠭᠤ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠳᠡᠭᠡᠭᠰᠢᠯᠡᠭᠦᠯᠵᠦ᠂ ᠦᠨᠡᠨᠴᠢ | ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠤᠭ ᠴᠢᠨᠠᠷ ᠢ ᠳᠠᠪᠲᠠᠨ | ᠪᠣᠯᠪᠠᠰᠤᠷᠠᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ᠂ ᠳᠡᠳ᠋ ᠱᠦᠵᠢ ᠸᠠᠩ ᠳ᠋ᠠᠨ ᠶᠠᠩ ᠠᠷᠢᠭᠤᠨ ᠴᠢᠬᠡᠴᠢ ᠶᠢᠨ | ᠨᠠᠮ ᠤᠨ ᠬᠢᠴᠢᠶᠡᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠵᠠᠯᠠᠭᠤ ᠺᠠᠳ᠋ᠷᠴᠤᠳ ᠤᠨ ᠦᠰᠦᠨ ᠪᠤᠶᠢᠵᠢᠯᠲᠠ ᠳᠤ | ᠭᠦᠨᠵᠡᠭᠡᠢ ᠵᠢᠯᠣᠭᠤᠳᠣᠯᠭ᠎ᠠ ᠬᠠᠩᠭᠠᠵᠠᠢ᠃ ᠲᠡᠷᠡ ᠨᠡᠶᠢᠲᠡᠯᠢᠭ ᠬᠡᠷᠡᠭ ᠤᠨ ᠵᠢᠱᠢᠶ᠎ᠡ ᠶᠢ ᠨᠠᠷᠢᠨ ᠰᠣᠩᠭᠤᠵᠤ᠂ ᠰᠠᠬᠢᠯᠭ᠎ᠠ | ᠪᠠᠲᠤ ᠬᠠᠤᠯᠢ ᠴᠠᠭᠠᠵᠠ ᠶᠢ ᠵᠥᠷᠢᠴᠡᠭᠰᠡᠨ ᠤ ᠠᠷᠤ ᠳᠠᠬᠢ ᠰᠢᠯᠲᠠᠭᠠᠨ ᠢ ᠭᠦᠨᠵᠡᠭᠡᠢ ᠵᠠᠳᠠᠯᠵᠤ᠂ ᠶᠠᠭ ᠨᠢᠭᠡ ᠲᠣᠯᠢ ᠲᠠᠢ | ᠠᠳᠠᠯᠢ ᠪᠠᠷ ᠵᠠᠯᠠᠭᠤ ᠺᠠᠳ᠋ᠷᠴᠤᠳ ᠢ ︽ᠬᠡᠷᠡᠭ︾ ᠢᠶᠠᠷ ᠲᠣᠯᠢ ᠪᠣᠯᠭᠠᠵᠤ᠂ ᠥᠪᠡᠷ ᠤᠨ ᠰᠡᠳᠬᠢᠯ ᠢᠶᠠᠷ ᠲᠣᠯᠢ ᠪᠣᠯᠭᠠᠵᠤ᠂ | ︽ᠰᠠᠬᠢᠯᠭ᠎ᠠ ᠪᠠᠲᠤ︾ ᠶᠢ ᠵᠢᠷᠤᠮᠯᠠᠬᠤ ᠶᠢᠨ ᠲᠥᠯᠥᠭᠡ ᠤᠭ ᠰᠠᠨᠠᠭ᠎ᠠ ᠪᠠᠨ ᠰᠠᠬᠢᠵᠤ᠂ ︽ᠪᠠᠭᠤᠬᠤ︾ ᠪᠠᠷ ᠰᠢᠯᠲᠠᠭ | ᠪᠣᠯᠭᠠᠬᠤ ᠶᠢ ᠡᠷᠡᠰ ᠬᠤᠷᠢᠭᠯᠠᠵᠤ᠂ ᠬᠥᠮᠦᠨ ᠤ ᠠᠮᠢᠳᠤᠷᠠᠯ ᠤᠨ ︽ᠠᠩᠬᠠᠨ ᠤ ᠲᠣᠪᠴᠢ︾ ᠶᠢ ᠢᠮᠠᠭᠲᠠ ᠴᠢᠩᠭ᠎ᠠ | ᠡᠵᠡᠮᠳᠡᠪᠡ᠃ ᠬᠢᠴᠢᠶᠡᠯᠯᠡᠬᠦ ᠠᠭᠤᠯᠭ᠎ᠠ ᠶᠢ ᠠᠭᠤᠰᠤᠯᠴᠠᠭᠤᠯᠬᠤ ᠣᠨᠣᠯ ᠤᠨ ᠴᠢᠨᠠᠷ᠂ ᠲᠥᠷᠥ ᠶᠢᠨ ᠪᠣᠳᠣᠯᠭ᠎ᠠ ᠶᠢᠨ | ᠴᠢᠨᠠᠷ᠂ ᠦᠢᠯᠡᠳᠦᠯᠭᠡ ᠶᠢᠨ ᠴᠢᠨᠠᠷ ᠢᠶᠠᠷ ᠲᠠᠮᠵᠢᠨ᠂ ᠬᠦᠦᠷᠨᠢᠬᠦ᠂ ᠶᠣᠰᠣ ᠶᠠᠷᠢᠬᠤ ᠶᠢᠨ ᠳᠠᠭᠠᠤ ᠳ᠋ᠦᠩᠨᠡᠵᠦ᠂ ᠰᠡᠩᠬᠡᠷᠡᠭᠦᠯᠬᠦ | ᠠᠷᠭ᠎ᠠ ᠬᠡᠯᠪᠡᠷᠢ ᠪᠠᠷ ᠵᠠᠯᠠᠭᠤ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠬᠢ ᠲᠣᠯᠣᠭᠠᠢ ᠪᠠᠨ ᠰᠡᠷᠭᠡᠭ | ᠪᠠᠶᠢᠯᠭᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠣᠶᠤᠨ ᠰᠠᠨᠠᠭᠠᠨ ᠤ ᠺᠠᠯᠼ ᠢ ᠭᠦᠢᠴᠡᠳ | ᠨᠥᠬᠦᠪᠥᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠵᠦ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ | ᠬᠠᠷᠢᠭᠤᠴᠠᠯᠭ᠎ᠠ ᠡᠭᠦᠷᠭᠡᠯᠡᠳᠡᠭ ᠤᠯᠤᠰ ᠲᠥᠷᠥ ᠶᠢᠨ ᠰᠡᠷᠭᠡᠭ ᠬᠥᠮᠦᠨ᠂ ᠮᠡᠷᠭᠡᠨ ᠬᠥᠮᠦᠨ ᠪᠣᠯᠭᠠᠬᠤ ᠪᠠᠷ ᠴᠢᠷᠮᠠᠶᠢᠨ᠎ᠠ᠃ | ᠠᠷᠢᠭᠤᠨ ᠴᠢᠬᠡᠴᠢ ᠪᠠᠶᠢᠬᠤ ᠪᠣᠯ ᠵᠠᠯᠠᠭᠤ ᠺᠠᠳ᠋ᠷᠴᠤᠳ ᠤᠨ ᠣᠷᠣᠰᠢᠨ ᠲᠣᠭᠲᠠᠨᠢᠬᠤ ᠶᠢᠨ ᠦᠨᠳᠦᠰᠦ ᠮᠥᠨ᠂ | ᠨᠡᠩ ᠴᠤ ᠣᠯᠠᠨ ᠲᠦᠮᠡᠨ ᠤ ᠢᠲᠡᠭᠡᠯ ᠢ ᠣᠯᠵᠤ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠵᠠᠩᠭᠢᠯᠠᠭ᠎ᠠ | ᠮᠥᠨ᠃ ᠭᠠᠭᠴᠠ ᠬᠦ ︽ᠵᠠᠰᠠᠭ ᠪᠠᠷᠢᠬᠤ ᠵᠠᠮ᠂ ᠪᠡᠶ᠎ᠡ ᠪᠠᠨ ᠵᠠᠰᠠᠬᠤ ᠪᠠᠷ ᠦᠨᠳᠦᠰᠦ ᠪᠣᠯᠭᠠᠬᠤ︾ ᠡᠷᠲᠡᠨ ᠤ | ᠰᠤᠷᠭᠠᠯᠲᠠ ᠲᠠᠢ᠂ ᠥᠪᠡᠷ ᠢ ᠪᠠᠨ ᠰᠡᠷᠡᠮᠵᠢᠯᠡᠭᠦᠯᠦᠨ ᠥᠪᠡᠷ ᠢ ᠪᠠᠨ ᠲᠤᠩᠭᠠᠵᠤ᠂ ᠡᠷᠬᠡ ᠶᠢᠨ ᠴᠢᠭᠯᠡᠯ ᠤᠨ ᠲᠠᠪᠴᠠᠩ︾ | ᠢ ᠴᠢᠩᠭ᠎ᠠ ᠠᠳᠬᠤᠵᠤ᠂ ᠠᠷᠢᠭᠤᠨ ᠴᠢᠬᠡᠴᠢ ᠶᠢᠨ ︽ᠠᠮᠤᠷ ᠲᠦᠪᠰᠢᠨ ᠤ ᠪᠦᠰᠡ︾ ᠶᠢ ᠪᠠᠬᠢᠵᠢᠭᠦᠯᠪᠡᠯ ᠰᠠᠶ᠋ᠢ ᠰᠢᠶᠠᠩ | ᠪᠠᠯᠭᠠᠰᠤᠨ ᠤ ᠠᠵᠢᠯ ᠤᠨ ᠥᠷᠭᠡᠨ ᠠᠭᠤᠳᠠᠮ ᠲᠠᠪᠴᠠᠩ ᠳᠡᠭᠡᠷ᠎ᠡ ᠯᠠᠪᠳᠠᠭᠤᠨ ᠲᠣᠭᠲᠠᠭᠤᠨ ᠢᠶᠠᠷ ᠤᠷᠤᠭᠰᠢᠯᠠᠵᠤ᠂ | ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠲᠤᠯᠭᠠᠭᠤᠷᠢ ᠬᠦᠴᠦᠨ | ᠪᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠷᠤᠭ ᠲᠥᠯᠥᠪᠯᠡᠭᠡ ᠳᠤ ᠵᠠᠯᠠᠭᠤ ᠨᠠᠰᠤᠨ ᠤ ᠣᠶᠤᠨ | ᠤᠬᠠᠭᠠᠨ ᠪᠠ ᠬᠦᠴᠦᠨ ᠴᠢᠳᠠᠯ ᠢᠶᠠᠨ ᠡᠷᠭᠦᠵᠦ᠂ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ | ᠣᠰᠣᠯᠳᠠᠬᠤ ᠦᠭᠡᠢ ᠠᠷᠢᠭᠤᠨ ᠴᠢᠬᠡᠴᠢ ᠵᠢᠳᠬᠦᠬᠦ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ᠃ | |