ᠭᠦᠶᠡᠩ ᠰᠢᠶᠠᠨ ᠤ ᠴᠢᠳᠠᠪᠤᠷᠢᠲᠠᠨ ᠤ ᠪᠠᠶᠢᠷᠢ ​ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/1/3
    12 ᠰᠠᠷ᠎ᠠ ᠶᠢᠨ 31 ᠤ ᠡᠳᠦᠷ᠂ ᠭᠦᠶᠡᠩ ᠰᠢᠶᠠᠨ ᠵᠠᠯᠠᠭᠤ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠷᠦᠩ ᠽᠢ ᠠᠭᠤᠷᠬᠠᠢ ᠶᠢᠨ ᠦᠢᠯᠡᠰ ᠤᠨ ᠬᠤᠪᠢ ᠣᠷᠣᠭᠤᠯᠤᠭᠴᠢ ᠶᠢᠨ ᠲᠥᠯᠥᠭᠡᠯᠡᠭᠴᠢ ᠴᠧᠨ ᠴᠠᠩ ᠽᠠᠢ᠂ ᠰᠢᠶᠠᠨ ᠤ ᠤᠳᠤᠷᠢᠳᠤᠯᠭ᠎ᠠ ᠶᠣᠣ ᠵᠢᠶᠦ᠋ᠨ ᠵᠢᠶᠧ᠂ ᠾᠧᠦ ᠶᠥᠩ ᠹᠧᠩ᠂ ᠭᠦᠸᠧ ᠵᠢᠶᠠᠨ ᠭᠤᠸᠠᠩ᠂ ᠵᠢᠶᠠ ᠶᠥᠩ ᠪᠢᠶᠣᠤ᠂ ᠯᠢ ᠷᠦᠢ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠰᠢᠶᠠᠩ ᠯᠢᠨ ᠫᠠᠶᠢᠰᠠ ᠰᠡᠬᠦᠬᠦ ᠶᠣᠰᠣᠯᠠᠯ ᠢ ᠡᠷᠬᠢᠯᠡᠪᠡ᠃   ᠶᠣᠰᠣᠯᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠦᠸᠧ ᠵᠢᠶᠠᠨ ᠭᠤᠸᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠢᠶᠠ ᠶᠥᠩ ᠪᠢᠶᠣᠤ ᠬᠠᠮᠲᠤ ᠪᠠᠷ ᠠᠵᠤ ᠠᠬᠤᠶᠢᠯᠠᠯ ᠳᠤ ᠵᠢᠷᠤᠭ ᠬᠦᠷᠭᠡᠵᠦ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠪᠣᠯᠤᠨ ᠷᠦᠩ ᠽᠢ ᠠᠭᠤᠷᠬᠠᠢ ᠶᠢᠨ ᠦᠢᠯᠡᠰ ᠤᠨ ᠬᠤᠪᠢ ᠣᠷᠣᠭᠤᠯᠤᠭᠴᠢ ᠶᠢᠨ ᠲᠥᠯᠥᠭᠡᠯᠡᠭᠴᠢ ᠴᠧᠨ ᠴᠠᠩ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠫᠠᠶᠢᠰᠠ ᠶᠢ ᠰᠡᠬᠦᠪᠡ ᠃ ᠾᠧᠦ ᠶᠥᠩ ᠹᠧᠩ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠠᠩᠬᠠᠷᠴᠤ᠂ ︽ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ ᠠᠵᠢᠯ ᠢ ᠴᠢᠩᠭᠠᠳᠬᠠᠪᠠ᠃ ᠪᠠᠭᠰᠢ ᠶᠢᠨ ᠴᠠᠯᠢᠩ ᠤᠨ ᠥᠭᠡᠷᠡᠴᠢᠯᠡᠯᠲᠡ ᠶᠢ ᠠᠬᠢᠭᠤᠯᠵᠤ᠂ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠰᠢᠯᠢᠳᠡᠭ ᠪᠠᠭᠰᠢ ᠶᠢ ᠱᠠᠩᠨᠠᠨ ᠬᠥᠬᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠥᠷᠨᠢᠭᠦᠯᠵᠦ᠂ ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠤᠷᠢᠨ ᠲᠣᠮᠢᠯᠠᠬᠤ ᠳᠦᠷᠢᠮ ᠪᠣᠯᠤᠨ ᠡᠮᠨᠡᠯᠭᠡ ᠶᠢᠨ ᠠᠵᠢᠯᠲᠠᠨ ᠤ ᠴᠠᠯᠢᠩ ᠤᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠪᠠ ᠰᠤᠷᠭᠠᠭᠤᠯᠢ ᠳᠤ ᠠᠵᠢᠯᠴᠢᠨ ᠬᠡᠷᠡᠭᠯᠡᠬᠦ ᠬᠥᠭᠦᠷᠭᠡ ᠪᠠᠶᠢᠭᠤᠯᠵᠤ᠂ ᠮᠡᠷᠭᠡᠵᠢᠯ ᠤᠨ ᠴᠢᠳᠠᠪᠤᠷᠢᠲᠠᠨ ᠪᠠ ᠠᠵᠤ ᠦᠢᠯᠡᠰ ᠤᠨ ᠠᠵᠢᠯᠴᠢᠨ ᠢ ᠢᠳᠡᠪᠬᠢᠲᠡᠢ ᠪᠠᠷ ᠣᠷᠣᠭᠤᠯᠤᠨ ᠠᠪᠴᠢᠷᠠᠨ᠎ᠠ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠤ ᠰᠠᠨᠠᠭ᠎ᠠ ᠠᠮᠤᠷ ᠦᠢᠯᠡᠰ ᠴᠣᠭᠴᠠᠯᠠᠵᠤ ᠠᠵᠢᠯ ᠣᠯᠭᠤᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠣᠢ ᠪᠣᠯᠭᠠᠬᠤ ᠬᠡᠷᠡᠭᠲᠡᠢ᠃ ︽ᠵᠢᠩᠬᠢᠨᠢ ᠠᠯᠲᠠ ᠮᠥᠩᠭᠦ︾ ᠪᠠ ︽ᠦᠨᠡᠨ ᠰᠡᠳᠬᠢᠯᠭᠡ︾ ᠪᠠᠷ ᠰᠢᠯᠢᠳᠡᠭ ᠴᠢᠳᠠᠪᠤᠷᠢᠲᠠᠨ ᠢ ᠭᠦᠶᠡᠩ ᠤᠨ ᠶᠡᠭᠡ ᠦᠵᠡᠭᠦᠯᠦᠯᠭᠡ ᠳᠤ ᠲᠠᠲᠠᠵᠤ ᠠᠪᠴᠢᠷᠠᠪᠠ᠃    ︽ᠤᠶᠠᠩᠭᠠᠲᠤ ᠮᠣᠳᠣ ᠲᠠᠷᠢᠪᠠᠯ ᠭᠠᠷᠤᠳᠢ ᠭᠠᠯᠪᠢᠩᠭ᠎ᠠ ᠢᠷᠡᠨ᠎ᠡ︾ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ︽ᠰᠠᠶᠢᠨ ᠲᠠᠪᠴᠠᠩ ᠪᠠᠶᠢᠭᠤᠯᠵᠤ︾᠂ ᠴᠢᠳᠠᠯ ᠤᠨ ᠬᠢᠷᠢ ᠪᠠᠷ ᠢᠶᠠᠨ ︽ᠰᠠᠶᠢᠨ ᠲᠥᠷᠥ ᠶᠢᠨ ᠪᠣᠳᠣᠯᠭ᠎ᠠ︾ ᠬᠠᠩᠭᠠᠵᠤ᠂ ᠡᠯ᠎ᠡ ᠲᠥᠷᠥᠯ ᠤᠨ ᠴᠢᠳᠠᠪᠤᠷᠢᠲᠠᠨ ᠢ ᠭᠦᠶᠡᠩ ᠳᠤ ᠪᠠᠲᠤᠯᠠᠭ᠎ᠠ ᠲᠠᠢ᠂ ᠴᠢᠬᠤᠯᠠᠴᠢᠯᠠᠭᠳᠠᠬᠤ᠂ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠶᠢ ᠪᠠᠲᠤᠯᠠᠵᠤ᠂ ᠰᠠᠶᠢᠨ ᠰᠠᠶᠢᠬᠠᠨ ᠠᠵᠢᠯ ᠤᠨ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠵᠦ᠂ ᠪᠠᠰᠠ ᠥᠷᠭᠡᠨ ᠣᠯᠠᠨ ᠴᠢᠳᠠᠪᠤᠷᠢᠲᠠᠨ ᠭᠦᠶᠡᠩ ᠳᠤ ᠦᠨᠳᠦᠰᠦᠯᠡᠵᠦ᠂ ᠰᠢᠩ ᠶᠧ ᠭᠦᠶᠡᠩ ᠤᠨ ᠦᠯᠢᠭᠡᠷ ᠢ ᠰᠠᠶᠢᠲᠤᠷ ᠶᠠᠷᠢᠵᠤ᠂ ᠭᠦᠶᠡᠩ ᠤᠨ ᠳᠠᠭᠤᠨ ᠢ ᠳᠠᠮᠵᠢᠭᠤᠯᠵᠤ ᠂ ᠨᠡᠩ ᠣᠯᠠᠨ ᠰᠢᠯᠢᠳᠡᠭ ᠴᠢᠳᠠᠪᠤᠷᠢᠲᠠᠨ ᠢ ᠢᠳᠡᠪᠬᠢᠲᠡᠢ ᠬᠥᠲᠥᠯᠥᠨ ᠳᠠᠭᠠᠭᠤᠯᠵᠤ ᠲᠠᠶᠢᠴᠢᠯᠠᠨ᠂ ᠭᠦᠶᠡᠩ ᠤᠨ ᠡᠨᠡᠬᠦ ᠬᠠᠯᠠᠭᠤᠨ ᠬᠥᠷᠥᠰᠥᠨ ᠳᠤ ᠣᠷᠣᠯᠴᠠᠵᠤ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠫᠠᠶᠢᠰᠠ ᠰᠡᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠠᠮᠲᠤ ᠪᠠᠷ ᠭᠦᠶᠡᠩ ᠰᠢᠶᠠᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠪᠣᠯᠤᠨ ᠴᠢᠳᠠᠪᠤᠷᠢᠲᠠᠨ ᠤ ᠪᠠᠶᠢᠷᠢ ᠶᠢ ᠲᠣᠭᠤᠷᠢᠨ ᠦᠵᠡᠪᠡ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号