ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠰᠢ ᠳ᠋ᠧᠦ ᠫᠦ᠋ ᠪᠠᠯᠭᠠᠰᠤ ᠴᠢᠷᠮᠠᠶᠢᠨ ᠠᠵᠢᠯᠯᠠᠨ᠎ᠠ
ᠨᠡᠶᠢᠲᠡᠯᠡᠭᠰᠡᠨ ᠴᠠᠭ᠄
2025/1/3
    ᠣᠯᠠᠨ ᠲᠠᠯ᠎ᠠ ᠬᠦᠴᠦ ᠪᠠᠨ ᠬᠠᠮᠲᠤᠳᠬᠠᠨ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠶ᠎ᠠ    12 ᠰᠠᠷ᠎ᠠ ᠶᠢᠨ 28 ᠤ ᠡᠳᠦᠷ᠂ ᠰᠢ ᠳ᠋ᠧᠦ ᠫᠦ᠋ ᠪᠠᠯᠭᠠᠰᠤ ᠳᠡᠭᠡᠳᠦ ᠱᠠᠲᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠱᠠᠭᠠᠷᠳᠠᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠪᠦᠬᠦ ᠪᠠᠯᠭᠠᠰᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ︽ᠪᠤᠵᠠᠷ ᠰᠠᠮᠠᠭᠤᠨ ᠵᠤᠷᠢᠶ᠎ᠡ︾ ᠶᠢᠨ ᠦᠵᠡᠭᠳᠡᠯ ᠳᠤ ᠶᠡᠷᠦᠩᠬᠡᠢ ᠳᠠᠭᠠᠷᠢᠯᠲᠠ ᠬᠢᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠯᠠᠭᠤᠨ ᠥᠷᠨᠢᠯᠲᠡ ᠶᠢ ᠪᠣᠢ ᠪᠣᠯᠭᠠᠪᠠ᠃    ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 119 ᠬᠥᠮᠦᠨ ᠢ ᠬᠥᠳᠡᠯᠭᠡᠵᠦ᠂ ᠡᠯ᠎ᠡ ᠲᠣᠰᠬᠤᠨ ᠤ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ᠂ ᠡᠯ᠎ᠡ ᠲᠣᠰᠬᠤᠨ ᠤ ᠺᠠᠳ᠋ᠷ ᠵᠢᠴᠢ ᠮᠠᠰᠢ ᠣᠯᠠᠨ ᠬᠠᠯᠠᠭᠤᠨ ᠰᠡᠳᠬᠢᠯᠲᠦ ᠰᠠᠶᠢᠨ ᠳᠤᠷ᠎ᠠ ᠶᠢᠨ ᠠᠵᠢᠯᠯᠠᠭᠴᠢ᠂ ᠲᠣᠰᠬᠤᠨ ᠤ ᠳᠣᠲᠣᠷᠠᠬᠢ ᠴᠡᠪᠡᠷᠯᠡᠭᠴᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠯ᠎ᠡ ᠴᠡᠭᠴᠡᠯᠡᠨ ᠵᠠᠰᠠᠬᠤ ᠴᠡᠭ ᠲᠤ ᠬᠦᠷᠴᠦ᠂ ᠪᠦᠬᠦ ᠪᠠᠯᠭᠠᠰᠤᠨ ᠤ ᠬᠡᠪᠴᠢᠶᠡᠨ ᠳᠠᠬᠢ ᠣᠷᠴᠢᠨ ᠲᠣᠭᠤᠷᠢᠨ ᠤ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠨ ᠴᠡᠭᠴᠡᠯᠡᠪᠡ᠃    ᠴᠡᠭᠴᠡᠯᠡᠨ ᠵᠠᠰᠠᠬᠤ ᠶᠠᠪᠤᠴᠠ ᠳᠤ᠂ ᠬᠤᠭ ᠨᠣᠪᠰᠢ ᠣᠪᠣᠭᠠᠯᠠᠬᠤ᠂ ᠡᠯᠳᠡᠪ ᠪᠣᠳᠠᠰ ᠢ ᠳᠤᠷ᠎ᠠ ᠪᠠᠷ ᠲᠠᠯᠪᠢᠬᠤ ᠵᠡᠷᠭᠡ ᠳᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠲᠥᠪᠯᠡᠷᠡᠭᠦᠯᠦᠨ ᠰᠢᠢᠳᠪᠦᠷᠢᠯᠡᠵᠦ᠂ ᠨᠡᠶᠢᠲᠡ 87 ᠠᠰᠠᠭᠤᠳᠠᠯ ᠢ ᠰᠢᠢᠳᠪᠦᠷᠢᠯᠡᠵᠦ᠂ ᠬᠦᠷᠢᠶ᠎ᠡ ᠬᠡᠪᠴᠢᠶ᠎ᠡ ᠨᠢ ᠪᠦᠬᠦ ᠪᠠᠯᠭᠠᠰᠤᠨ ᠤ 39 ᠠᠶᠢᠯ ᠲᠣᠰᠬᠤᠨ ᠳᠤ ᠬᠤᠯᠪᠣᠭᠳᠠᠵᠤ᠂ ᠴᠡᠭᠴᠡᠯᠡᠨ ᠵᠠᠰᠠᠬᠤ ᠳᠤ ᠥᠨᠴᠥᠭ ᠪᠤᠯᠤᠩ ᠦᠭᠡᠢ᠂ ᠪᠦᠬᠦᠨ ᠢ ᠪᠦᠷᠬᠦᠭᠦᠯᠬᠦ ᠶᠢ ᠦᠨᠡᠨ ᠬᠦ ᠪᠡᠶᠡᠯᠡᠭᠦᠯᠪᠡ᠃ ᠵᠠᠮ ᠤᠨ ᠬᠤᠶᠠᠷ ᠬᠠᠵᠠᠭᠤ ᠶᠢᠨ ᠤᠨᠠᠭᠰᠠᠨ ᠨᠠᠪᠴᠢ᠂ ᠲᠠᠮᠠᠬᠢᠨ ᠲᠣᠯᠣᠭᠠᠢ ᠪᠣᠯᠤᠨ ᠰᠦᠯᠢᠶᠣᠣ ᠬᠤᠭ ᠨᠣᠪᠰᠢ ᠶᠢ ᠨᠠᠷᠢᠨ ᠬᠢᠨᠠᠮᠠᠭᠠᠢ ᠴᠡᠪᠡᠷᠯᠡᠬᠦ ᠪᠠᠷ ᠳᠠᠮᠵᠢᠭᠤᠯᠵᠤ᠂ ᠭᠤᠣᠯ ᠤᠨ ᠵᠠᠮ ᠤᠨ ᠭᠤᠤ ᠰᠤᠪᠠᠭ ᠤᠨ ᠬᠤᠭ ᠨᠣᠪᠰᠢ ᠶᠢ ᠴᠡᠪᠡᠷᠯᠡᠵᠦ᠂ ᠲᠣᠰᠬᠤᠨ ᠤ ᠠᠷᠠᠳ ᠤᠨ ᠭᠡᠷ ᠤᠨ ᠡᠮᠦᠨ᠎ᠡ ᠬᠤᠶᠢᠨ᠎ᠠ ᠤᠷᠲᠤ ᠬᠤᠭᠤᠴᠠᠭ᠎ᠠ ᠪᠠᠷ ᠣᠪᠣᠭᠠᠯᠠᠵᠤ ᠲᠠᠯᠪᠢᠭᠰᠠᠨ ᠲᠦᠯᠡᠭᠡ ᠡᠪᠡᠰᠦ᠂ ᠲᠣᠭᠤᠰᠬ᠎ᠠ ᠴᠢᠯᠠᠭᠤ ᠵᠡᠷᠭᠡ ᠡᠯᠳᠡᠪ ᠪᠣᠳᠠᠰ ᠢ ᠵᠥᠭᠡᠭᠡᠪᠦᠷᠢᠯᠡᠵᠦ᠂ ᠣᠯᠠᠨ ᠨᠡᠶᠢᠲᠡ ᠶᠢᠨ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠥᠨᠴᠥᠭ ᠪᠤᠯᠤᠩ ᠢ ᠲᠦᠢᠯᠪᠤᠷᠢᠲᠠᠢ ᠴᠡᠪᠡᠷᠯᠡᠨ ᠴᠡᠭᠴᠡᠯᠡᠪᠡ᠃    ᠡᠳᠦᠷ ᠪᠦᠷᠢ ᠶᠢᠨ ᠰᠢᠷᠭᠠᠭᠤ ᠬᠥᠳᠡᠯᠮᠦᠷᠢ ᠪᠠᠷ ᠳᠠᠮᠵᠢᠭᠠᠳ᠂ ᠲᠣᠰᠬᠤᠨ ᠤ ᠳᠦᠷᠰᠦ ᠪᠠᠶᠢᠳᠠᠯ ᠴᠣ᠋ ᠰᠢᠨ᠎ᠡ ᠪᠣᠯᠵᠤ᠂ ᠵᠡᠭᠡᠯᠢ ᠭᠤᠳᠤᠮᠵᠢ ᠴᠡᠪᠡᠷ ᠴᠡᠮᠴᠡᠭᠡᠷ ᠪᠣᠯᠵᠤ᠂ ᠲᠣᠰᠬᠤᠨ ᠤ ᠡᠯ᠎ᠡ ᠥᠨᠴᠥᠭ ᠪᠤᠯᠤᠩ ᠳᠤ ᠴᠥᠮ ᠴᠡᠪᠡᠷ ᠲᠡᠭᠰᠢ ᠡᠮᠬᠢ ᠵᠢᠷᠤᠮ ᠲᠠᠢ ᠰᠢᠨ᠎ᠡ ᠪᠠᠶᠢᠳᠠᠯ ᠢᠯᠡᠷᠡᠪᠡ᠃ ᠲᠤᠰ ᠤᠳᠠᠭᠠᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠨᠢ ᠲᠣᠰᠬᠤᠨ ᠤ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠲᠣᠰᠬᠤᠨ ᠤ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠪᠠ ᠭᠡᠷ ᠣᠷᠣᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠨᠠᠩ ᠨᠡᠮᠡᠭᠳᠡᠭᠦᠯᠦᠭᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠰᠢ ᠳ᠋ᠧᠦ ᠫᠦ᠋ ᠪᠠᠯᠭᠠᠰᠤ ᠬᠥᠮᠦᠰ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠨᠢᠭᠡ ᠵᠦᠢᠯ ᠤᠨ ᠤᠷᠲᠤ ᠬᠤᠭᠤᠴᠠᠭᠠᠨ ᠤ ᠴᠢᠬᠤᠯᠠ ᠡᠭᠦᠷᠭᠡ ᠪᠣᠯᠭᠠᠨ ᠠᠳᠬᠤᠵᠤ ᠂ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠢ ᠲᠠᠷᠢᠶᠠᠴᠢᠳ ᠤᠨ ᠠᠮᠤᠷ ᠲᠠᠶᠢᠪᠤᠩ ᠭᠡᠷ ᠣᠷᠣᠨ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠪᠣᠯᠤᠨ᠎ᠠ᠃ 
 
ᠢᠷᠡᠯᠲᠡ᠄ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号