12 ᠰᠠᠷ᠎ᠠ ᠶᠢᠨ 30 ᠤ ᠡᠳᠦᠷ᠂ ᠲᠠᠷᠢᠶᠠᠯᠠᠩ ᠢ ᠳᠡᠮᠵᠢᠬᠦ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ | ᠪᠦᠷᠢᠯᠳᠦᠬᠦᠨ ᠨᠢᠭᠡᠴᠡ ᠶᠢᠨ ᠬᠤᠩ ᠶᠤᠸᠠᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠲᠠᠢ ᠬᠠᠮᠲᠤᠷᠠᠨ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ︽ᠬᠠᠭᠤᠴᠢᠨ ᠢᠶᠠᠨ ᠦᠳᠡᠵᠦ ᠰᠢᠨ᠎ᠡ ᠶᠢ | ᠡᠭᠦᠳᠴᠦ ᠰᠢᠨ᠎ᠡ ᠠᠶᠠᠨ ᠢᠶᠠᠨ ᠤᠭᠲᠤᠬᠤ︾ ᠰᠢᠨ᠎ᠡ ᠵᠢᠯ ᠤᠨ ᠪᠠᠶᠠᠷ ᠤᠨ ᠦᠳᠡᠰᠢᠯᠡᠭᠡ ᠶᠢᠨ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠪᠡ᠃ ᠲᠤᠰ ᠤᠳᠠᠭᠠᠨ ᠤ ᠠᠵᠢᠯᠯᠠᠭ᠎ᠠ ᠳᠤ 35 ᠬᠠᠮᠲᠤ ᠪᠠᠷ ᠪᠦᠲᠦᠭᠡᠨ | ᠪᠠᠶᠢᠭᠤᠯᠬᠤ ᠨᠢᠭᠡᠴᠡ ᠶᠢᠨ ᠠᠵᠢᠯᠲᠠᠨ᠂ ᠬᠠᠷᠢᠶᠠᠲᠤ ᠣᠷᠣᠨ ᠤ ᠨᠠᠮ ᠤᠨ ᠭᠡᠰᠢᠭᠦᠨ ᠢ ᠣᠷᠣᠯᠴᠠᠭᠤᠯᠵᠤ᠂ ᠰᠠᠶᠢᠨ | ᠰᠠᠶᠢᠬᠠᠨ ᠴᠠᠭ ᠮᠥᠴᠡ ᠶᠢ ᠬᠠᠮᠲᠤ ᠪᠠᠷ ᠥᠩᠭᠡᠷᠡᠭᠦᠯᠪᠡ᠃ | ᠲᠤᠬᠠᠢ ᠶᠢᠨ ᠲᠠᠯᠠᠪᠤᠷ ᠤᠨ ᠬᠥᠮᠦᠰ ᠪᠠᠶᠠᠷ ᠬᠥᠷ ᠢᠶᠠᠷ ᠪᠢᠯᠬᠠᠨ᠎ᠠ᠃ ᠰᠢᠨ᠎ᠡ ᠵᠢᠯ ᠤᠨ ᠰᠢᠨ᠎ᠡ ᠶᠢᠨ ᠨᠢᠭᠡᠨ ᠤ | ᠬᠥᠳᠡᠯᠭᠡᠭᠡᠨ ᠨᠢ 4 ᠺᠠᠷᠲ ᠴᠣᠬᠢᠬᠤ ᠬᠠᠷᠢᠯᠴᠠᠨ ᠬᠥᠳᠡᠯᠦᠯᠴᠡᠬᠦ ᠠᠭᠤᠯᠭ᠎ᠠ ᠶᠢ ᠨᠠᠷᠢᠨ ᠨᠢᠮᠪᠠᠢ ᠪᠡᠯᠡᠳᠬᠡᠵᠦ᠂ ︽ | ᠪᠤᠶᠠᠨ ᠦᠰᠦᠭ ᠤᠨ ᠳᠠᠷᠤᠮᠠᠯᠠᠯ︾᠂ ︽ᠳᠠᠭᠤᠤ ᠶᠢᠨ ᠨᠡᠷ᠎ᠡ ᠮᠠᠭᠠᠳᠯᠠᠬᠤ︾᠂ ︽ᠨᠠᠷᠠᠨ ᠬᠤᠸᠠᠷ ᠨᠣᠣᠰᠣᠨ | ᠪᠥᠮᠪᠦᠭᠡ ᠶᠢᠨ DIY︾᠂ ︽ᠪᠢ ᠪᠣᠯ ᠬᠤᠪᠢᠯᠭᠠᠨ ᠬᠠᠷᠪᠤᠭᠠᠴᠢ︾᠂ ᠣᠯᠠᠨ ᠳᠤ ᠵᠣᠯ ᠵᠢᠷᠭᠠᠯ ᠢ ᠪᠡᠶᠡᠲᠡᠨ | ᠣᠶᠢᠯᠠᠭᠠᠬᠤ ᠨᠠᠢᠷᠠᠯᠲᠤ ᠠᠵᠢᠯᠯᠠᠭ᠎ᠠ ᠶᠢ ᠪᠣᠢ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ ᠠᠬᠠᠮᠠᠳ ᠨᠠᠮ ᠤᠨ ᠭᠡᠰᠢᠭᠦᠨ | ᠲᠤᠬᠠᠢ ᠶᠢᠨ ᠲᠠᠯᠠᠪᠠᠢ ᠳᠤ ᠪᠢᠷ ᠪᠡᠬᠡᠰ ᠢᠶᠠᠷ ᠬᠠᠶᠢᠷ᠎ᠠ ᠰᠡᠳᠬᠢᠯᠭᠡ ᠪᠠᠨ ᠳᠠᠮᠵᠢᠭᠤᠯᠵᠤ᠂ ᠰᠢᠨ᠎ᠡ ᠵᠢᠯ ᠤᠨ ᠲᠤᠬᠠᠢ | ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠪᠢᠴᠢᠵᠡᠢ᠃ ᠤᠯᠠᠭᠠᠨ ᠴᠠᠭᠠᠰᠤᠨ ᠳᠡᠭᠡᠷᠡᠬᠢ ᠦᠰᠦᠭ ᠨᠢ ᠴᠥᠮ | ᠢᠷᠡᠭᠡᠳᠦᠢ ᠳᠤ ᠵᠣᠷᠢᠭᠤᠯᠤᠭᠰᠠᠨ ᠢᠷᠥᠭᠡᠯ ᠪᠣᠯᠤᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠨᠠᠮ ᠤᠨ | ᠭᠡᠰᠢᠭᠦᠨ ᠪᠠᠶᠢᠨ ᠪᠠᠶᠢᠨ ᠵᠣᠭᠤᠭᠳᠠᠵᠤ᠂ ᠣᠯᠠᠨ ᠢᠶᠠᠷ ᠢᠶᠠᠨ ᠬᠠᠶᠢᠷ᠎ᠠ ᠰᠡᠳᠬᠢᠯᠭᠡ ᠪᠠᠨ ᠶᠠᠷᠢᠯᠴᠠᠵᠤ᠂ | ᠬᠤᠪᠢᠷᠠᠯᠲᠠ ᠶᠢ ᠶᠠᠷᠢᠯᠴᠠᠵᠤ᠂ ᠶᠠᠪᠤᠯᠴᠠᠭ᠎ᠠ ᠠᠭᠤᠰᠤᠯᠴᠠᠯ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ | ᠬᠤᠯᠪᠣᠭᠠᠲᠤ ᠨᠠᠮ ᠤᠨ ᠬᠤᠷᠢᠶ᠎ᠡ ᠶᠢᠨ ᠡᠨᠡ ᠬᠦ ︽ᠶᠡᠭᠡ ᠭᠡᠷ ᠪᠦᠯᠢ︾ ᠶᠢ ᠨᠠᠩ ᠬᠠᠯᠠᠭᠤᠨ ᠳᠤᠯᠠᠭᠠᠨ ᠪᠣᠯᠭᠠᠪᠠ᠃ | ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠡ ᠬᠢᠭᠡᠳ 16 ᠬᠠᠮᠲᠤ ᠪᠠᠷ ᠪᠠᠶᠢᠭᠤᠯᠬᠤ ᠨᠢᠭᠡᠴᠡ᠂ 2 | ᠬᠤᠳᠠᠯᠳᠤᠭᠠᠨ ᠤ ᠡᠷᠦᠬᠡ ︽ᠵᠣᠯ ᠵᠢᠷᠭᠠᠯ ᠤᠨ ᠬᠤᠷᠰᠢᠭᠴᠢ ᠶᠢᠨ ᠬᠤᠯᠪᠣᠭ᠎ᠠ︾ ᠶᠢ ᠪᠠᠶᠢᠭᠤᠯᠵᠤ᠂ ᠤᠯᠠᠷᠢᠯ ᠪᠦᠷᠢ | ᠬᠠᠮᠲᠤᠷᠠᠭᠰᠠᠨ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠵᠢᠵᠢᠭᠦᠷᠯᠡᠬᠦ ᠠᠵᠢᠯᠯᠠᠭ᠎ᠠ ᠶᠢ ᠲᠥᠪᠯᠡᠷᠡᠭᠦᠯᠦᠨ | ᠵᠥᠪᠳᠡᠯᠴᠡᠪᠡ᠃ ᠨᠡᠶᠢᠭᠡᠮ ᠲᠣᠭᠤᠷᠢᠭ ᠲᠤ ︽ᠲᠠᠶᠢᠰᠠ︾ ᠪᠠᠶᠢᠭᠤᠯᠬᠤ ᠶᠢ ᠪᠡᠶᠡᠯᠡᠭᠦᠯᠵᠦ᠂ ᠬᠠᠷᠢᠶᠠᠲᠤ ᠣᠷᠣᠨ ᠤ | ᠨᠢᠭᠡᠴᠡ ᠠᠴᠠ ︽ᠬᠦᠴᠦ ᠭᠠᠷᠭᠠᠬᠤ︾ ᠶᠢ ᠪᠡᠶᠡᠯᠡᠭᠦᠯᠵᠦ᠂ ᠣᠯᠠᠨ ᠲᠦᠮᠡᠨ ︽ᠠᠰᠢᠭ ᠬᠦᠷᠲᠡᠬᠦ︾ ᠵᠣᠷᠢᠯᠭ᠎ᠠ ᠶᠢ | ᠰᠠᠶᠢᠲᠤᠷ ᠪᠡᠶᠡᠯᠡᠭᠦᠯᠵᠡᠢ᠂ ᠲᠤᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠨᠢᠭᠡ | ᠤᠳᠠᠭᠠᠨ ᠤ ᠰᠣᠶᠣᠯ ᠤᠨ ᠠᠵᠢᠯᠯᠠᠭ᠎ᠠ ᠶᠢᠨ ᠰᠢᠨ᠎ᠡ ᠶᠢ ᠡᠭᠦᠳᠬᠦ ᠦᠢᠯᠡᠳᠦᠯᠭᠡ ᠪᠣᠯᠬᠤ ᠪᠠᠷ ᠪᠠᠷᠠᠬᠤ ᠦᠭᠡᠢ᠂ ᠨᠡᠩ | ᠴᠤ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠰᠣᠶᠣᠯ ᠤᠨ ᠪᠠᠶᠢᠭᠤᠯᠤᠯᠲᠠ ᠶᠢ ᠬᠥᠲᠥᠯᠥᠨ | ᠳᠠᠭᠠᠭᠤᠯᠤᠭᠰᠠᠨ ᠨᠢᠭᠡ ᠤᠳᠠᠭᠠᠨ ᠤ ᠠᠮᠢᠳᠤᠯᠢᠭ ᠢᠯᠡᠷᠡᠯ ᠪᠣᠯᠤᠨ᠎ᠠ᠃ ᠨᠠᠮ ᠤᠨ ᠡᠳᠦᠷ ᠤᠨ ᠠᠵᠢᠯᠯᠠᠭ᠎ᠠ ᠨᠢ | ᠬᠠᠮᠲᠤ ᠪᠠᠷ ᠪᠠᠶᠢᠭᠤᠯᠬᠤ ᠨᠢᠭᠡᠴᠢ ᠶᠢᠨ ᠬᠤᠭᠤᠷᠣᠨᠳᠣᠬᠢ ᠵᠠᠢ ᠶᠢ ᠨᠡᠮᠡᠭᠳᠡᠭᠦᠯᠵᠦ᠂ ᠬᠠᠯᠠᠭᠤᠨ ᠳᠤᠯᠠᠭᠠᠨ ᠡᠶ᠎ᠡ | ᠨᠠᠶᠢᠷᠠᠮᠳᠠᠭᠤ᠂ ᠥᠯᠵᠡᠶᠢᠲᠦ ᠰᠠᠶᠢᠬᠠᠨ ᠰᠢᠨ᠎ᠡ ᠵᠢᠯ ᠤᠨ ᠠᠭᠤᠷ ᠠᠮᠢᠰᠬᠤᠯ ᠢ ᠪᠣᠢ ᠪᠣᠯᠭᠠᠪᠠ᠃ ᠨᠠᠮ ᠤᠨ | ᠪᠠᠶᠢᠭᠤᠯᠤᠯᠲᠠ ᠶᠢᠨ ᠠᠵᠢᠯ ᠢ ᠬᠤᠯᠪᠣᠭᠠᠯᠠᠨ ᠠᠳᠬᠤᠬᠤ᠂ ᠵᠣᠬᠢᠶᠠᠨ ᠪᠠᠶᠢᠭᠤᠯᠤᠯᠲᠠ ᠶᠢᠨ ᠡᠬᠢ ᠪᠠᠶᠠᠯᠢᠭ ᠢ | ᠬᠤᠯᠪᠣᠭᠠᠯᠠᠨ ᠡᠳ᠋ᠯᠡᠬᠦ᠂ ᠣᠯᠠᠨ ᠲᠦᠮᠡᠨ ᠳᠤ ᠦᠢᠯᠡᠴᠢᠯᠡᠬᠦ ᠶᠢ ᠬᠤᠯᠪᠣᠭᠠᠯᠠᠨ ᠬᠢᠬᠦ ᠶᠢ ᠪᠡᠶᠡᠯᠡᠭᠦᠯᠦᠨ᠎ᠡ᠃ | ᠳᠠᠷᠠᠭᠠᠴᠢ ᠶᠢᠨ ᠠᠯᠬᠤᠮ ᠳᠤ᠂ ᠲᠠᠷᠢᠶᠠᠯᠠᠩ ᠢ ᠳᠡᠮᠵᠢᠬᠦ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠡ | ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠨᠡᠩ ᠣᠯᠠᠨ ᠰᠠᠶᠢᠨ ᠰᠠᠶᠢᠬᠠᠨ ︽ᠰᠢᠨ᠎ᠡ︾ | ᠬᠡᠷᠡᠭ ᠪᠣᠳᠠᠰ ᠢ ᠠᠭᠤᠳᠠᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠨᠡᠩ ᠰᠢᠯᠢᠳᠡᠭ ᠦᠢᠯᠡᠴᠢᠯᠡᠭᠡ ᠬᠠᠩᠭᠠᠵᠤ᠂ | ᠨᠠᠮ ᠤᠨ ᠭᠡᠰᠢᠭᠦᠨ᠂ ᠣᠯᠠᠨ ᠲᠦᠮᠡᠨ᠂ ᠬᠠᠮᠲᠤ ᠪᠠᠷ ᠪᠦᠲᠦᠭᠡᠨ ᠪᠠᠶᠢᠭᠤᠯᠬᠤ ᠨᠢᠭᠡᠴᠢ ᠵᠡᠷᠭᠡ ᠡᠯ᠎ᠡ ᠲᠠᠯ᠎ᠠ ᠶᠢᠨ | ᠬᠦᠴᠦᠨ ᠲᠠᠢ ᠬᠤᠯᠪᠣᠭᠠᠯᠠᠨ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠦᠢᠯᠡᠰ ᠤᠨ ᠥᠷᠨᠢᠩᠭᠦᠢ | ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃ | |