ᠶᠢᠨ ᠬᠤᠤ ᠪᠠᠯᠭᠠᠰᠤᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠤᠯᠠᠮ ᠨᠢᠭᠡ | ᠠᠯᠬᠤᠮ ᠤᠬᠠᠭᠤᠯᠵᠤ᠂ ᠳᠡᠯᠭᠡᠨ ᠦᠵᠡᠭᠦᠯᠵᠦ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ | ᠭᠠᠳᠠᠨ᠎ᠠ ᠪᠣᠷᠣᠯᠠᠭᠤᠯᠬᠤ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ᠂ 12 | ᠰᠠᠷ᠎ᠠ ᠶᠢᠨ 30 ᠤ ᠡᠳᠦᠷ᠂ ᠶᠢᠨ ᠬᠤᠤ ᠪᠠᠯᠭᠠᠰᠤ ᠪᠤᠭᠤᠲᠤ ᠬᠤᠲᠠ ᠶᠢᠨ ᠨᠠᠰᠤᠲᠠᠶᠢᠴᠤᠳ ᠤᠨ ᠲᠥᠪ ᠤᠨ | ᠬᠠᠮᠲᠤᠷᠠᠨ ᠠᠵᠢᠯᠯᠠᠬᠤ ᠲᠥᠪ ᠲᠤ ︽ᠶᠢᠨ ᠬᠤᠤ ᠶᠢᠨ ᠰᠢᠭᠤᠳ ᠡᠳ᠋ᠯᠡᠵᠦ ᠰᠠᠶᠢᠨ ᠢᠳᠡᠬᠦ︾ ᠴᠢᠨᠠᠷ ᠰᠠᠶᠢᠲᠠᠢ | ᠨᠤᠲᠤᠭ ᠤᠨ ᠣᠨᠴᠠ ᠪᠦᠲᠦᠭᠡᠭᠳᠡᠬᠦᠨ ᠢ ᠲᠠᠨᠢᠯᠴᠠᠭᠤᠯᠬᠤ ᠬᠤᠷᠠᠯ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠦᠢᠯᠡᠳᠬᠦᠨ ᠤ ᠲᠥᠷᠥᠯ ᠵᠦᠢᠯ ᠣᠯᠠᠨ ᠬᠠᠷᠠᠭᠳᠠᠨ᠎ᠠ᠃ ᠥᠪᠥᠷ | ᠮᠣᠩᠭᠤᠯ ᠤᠨ ᠰᠢᠨ ᠨᠦᠩ ᠶᠤᠸᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠡᠯᠭᠡᠨ ᠪᠣᠷᠣᠯᠠᠭᠤᠯᠬᠤ | ᠪᠦᠲᠦᠭᠡᠭᠳᠡᠬᠦᠨ᠂ ᠬᠤᠨᠴᠢᠷ ᠨᠣᠬᠠᠢ ᠶᠢᠨ ᠬᠤᠰᠢᠭᠤ ᠶᠢᠨ ᠰᠢᠩᠭᠡᠨ ᠪᠤᠳᠠᠭ᠎ᠠ᠂ ᠴᠦᠨ ᠺᠦᠨ ᠱᠠᠨ ᠤ ᠰᠢᠯᠢᠳᠡᠭ | ᠬᠤᠨᠢᠨ ᠮᠢᠬ᠎ᠠ᠂ ᠬᠤᠮᠠ ᠶᠢᠨ ᠲᠣᠰᠣ᠂ ᠶᠡᠭᠡ ᠰᠦᠮ᠎ᠡ ᠶᠢᠨ ᠶᠧ ᠱᠠᠨ ᠴᠠᠢ᠂ ᠭᠠᠷ ᠤᠷᠠᠯᠠᠯ ᠂ ᠲᠣᠰᠣᠨ ᠪᠣᠣᠪᠤ᠂ | ᠤᠯᠠᠭᠠᠨ ᠪᠣᠭᠤᠷᠰᠤᠭ ᠵᠢᠴᠢ ᠨᠠᠷᠢᠯᠢᠭ ᠰᠠᠶᠢᠬᠠᠨ ᠨᠤᠲᠤᠭ ᠤᠨ ᠣᠨᠴᠠ ᠭᠠᠷᠤᠯᠲᠠ ᠶᠢᠨ ᠪᠡᠶ᠎ᠡ ᠰᠤᠪᠢᠯᠠᠬᠤ ᠪᠡᠯᠡᠭ ᠤᠨ | ᠬᠠᠶᠢᠷᠴᠠᠭ ᠵᠡᠷᠭᠡ ᠢ ᠠᠪᠴᠢᠷᠠᠪᠠ᠃ ᠺᠠᠳ᠋ᠷᠴᠤᠳ ᠴᠦ ᠪᠡᠶ᠎ᠡ ᠲᠣᠭᠲᠠᠭᠤᠨ ᠪᠠᠶᠢᠵᠤ᠂ ᠦᠢᠯᠡᠳᠬᠦᠨ ᠨᠢ ︽ | ᠪᠣᠷᠣᠯᠠᠭᠤᠯᠤᠭᠴᠢ︾ ᠪᠣᠯᠵᠣ᠂ ᠦᠢᠯᠡᠳᠬᠦᠨ ᠨᠢ ᠪᠠᠷᠠᠭ᠎ᠠ ᠠᠪᠴᠤ ᠪᠠᠶᠢᠪᠠ᠃ | ︽ᠠᠨᠢᠶ᠎ᠠ ᠡ᠂ ᠡᠨᠡ ᠪᠣᠯ ᠮᠠᠨ ᠤ ︽ᠪᠤᠭᠤᠲᠤ ᠶᠢᠨ ᠨᠡᠷᠡᠲᠦ ᠵᠠᠭᠤᠰᠢ︾᠂ ᠴᠦᠨ ᠺᠦᠨ ᠱᠠᠨ ᠬᠤᠨᠢᠨ | ᠮᠢᠬ᠎ᠠ ᠪᠠᠷ ᠴᠢᠨᠠᠭᠰᠠᠨ ᠢᠮᠠᠭᠠᠨ ᠮᠢᠬ᠎ᠠ ᠨᠢ ᠴᠦᠨ ᠺᠦᠨ ᠱᠠᠨ ᠠᠭᠤᠯᠠᠨ ᠳᠤ ᠲᠠᠯᠪᠢᠵᠤ ᠪᠠᠶᠢᠭ᠎ᠠ ᠡᠪᠡᠰᠦᠨ ᠬᠥᠲᠥᠯ | ᠬᠤᠨᠢ ᠪᠣᠯᠤᠨ᠎ᠠ᠂ ᠢᠳᠡᠵᠦ ᠪᠠᠶᠢᠭ᠎ᠠ ᠨᠢ ᠬᠡᠭᠡᠷ᠎ᠡ ᠶᠢᠨ ᠡᠪᠡᠰᠦᠨ ᠡᠮ ᠪᠣᠯᠤᠨ᠎ᠠ᠂ ᠤᠤᠭᠤᠵᠤ ᠪᠠᠶᠢᠭ᠎ᠠ ᠨᠢ ᠪᠤᠯᠠᠭ ᠤᠨ | ᠤᠰᠤ᠂ ᠮᠢᠬ᠎ᠠ ᠨᠢ ᠨᠠᠷᠢᠯᠢᠭ᠂ ᠲᠠᠷᠭᠤᠨ ᠲᠤᠷᠠᠩᠬᠠᠢ ᠲᠤᠬᠢᠷᠠᠮᠵᠢᠳᠠᠢ᠂ ᠦᠨᠦᠷ ᠠᠮᠲᠠ ᠨᠢ ᠰᠢᠨ᠎ᠡ ᠰᠣᠷᠭᠤᠭ | ᠮᠥᠷᠲᠡᠭᠡᠨ ᠰᠢᠩᠬᠡᠭ ᠦᠨᠦᠷ ᠦᠭᠡᠢ᠂ ᠲᠠ ᠠᠮᠲᠠᠯᠠᠵᠤ ᠦᠵᠡᠭᠡᠷᠡᠢ︾᠃ | ᠲᠤᠰ ᠤᠳᠠᠭᠠᠨ ᠤ ᠠᠵᠢᠯᠯᠠᠭ᠎ᠠ ᠳᠤ ᠶᠢᠨ ᠬᠤᠤ ᠪᠠᠯᠭᠠᠰᠤᠨ ᠤ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠪᠦᠲᠦᠭᠡᠭᠳᠡᠬᠦᠨ ᠠᠬᠠᠮᠠᠳ ᠨᠥᠬᠦᠳ ᠲᠤ ᠦᠨᠡᠨ ᠪᠣᠳᠠᠲᠠᠢ ᠬᠠᠷᠠᠭᠠᠯᠵᠠᠯ ᠦᠵᠡᠭᠦᠯᠵᠦ᠂ ᠠᠬᠠᠮᠠᠳ | ᠨᠠᠰᠤᠳᠠᠳ ᠲᠤ ᠮᠠᠰᠢ ᠴᠢᠩᠭ᠎ᠠ ᠲᠤᠰᠬᠠᠯ ᠭᠠᠷᠭᠠᠵᠤ᠂ ᠬᠤᠶᠢᠨ᠎ᠠ ᠬᠤᠶᠢᠨ᠎ᠠ ᠠᠴᠠ ᠪᠠᠨ ᠬᠤᠳᠠᠯᠳᠤᠨ ᠠᠪᠴᠤ᠂ | ᠠᠵᠢᠯᠯᠠᠭ᠎ᠠ ᠶᠢᠨ ᠬᠡᠯᠪᠡᠷᠢ ᠪᠠ ᠳᠡᠯᠭᠡᠨ ᠪᠣᠷᠣᠯᠠᠭᠤᠯᠬᠤ ᠦᠢᠯᠡᠳᠬᠦᠨ ᠢ ᠮᠠᠭᠲᠠᠨ ᠰᠠᠶᠢᠰᠢᠶᠠᠪᠠ᠃ ᠵᠠᠯᠭᠠᠭᠠᠳ᠂ | ᠮᠠᠨ ᠤ ᠪᠠᠯᠭᠠᠰᠤ ᠨᠤᠲᠤᠭ ᠤᠨ ᠣᠨᠴᠠ ᠭᠠᠷᠤᠯᠲᠠ ᠶᠢ ᠦᠷᠭᠦᠯᠵᠢᠯᠡᠨ ᠶᠡᠬᠡᠪᠡᠷ ᠳᠡᠯᠭᠡᠷᠡᠭᠦᠯᠵᠦ᠂ ᠨᠡᠩ ᠣᠯᠠᠨ ᠴᠢᠨᠠᠷ | ᠰᠠᠶᠢᠲᠠᠢ ᠦᠢᠯᠡᠳᠬᠦᠨ ᠢ ︽ᠭᠠᠳᠠᠭᠰᠢ ᠭᠠᠷᠭᠠᠬᠤ︾ ᠪᠣᠯᠤᠨ᠎ᠠ᠃ | ᠲᠤᠰ ᠤᠳᠠᠭᠠᠨ ᠤ ᠠᠵᠢᠯᠯᠠᠭ᠎ᠠ ᠨᠢ ᠮᠥᠨ ᠴᠦ ᠶᠢᠨ ᠬᠤᠤ ᠪᠠᠯᠭᠠᠰᠤᠨ ᠤ ᠲᠠᠷᠢᠶᠠᠯᠠᠩ ᠢ ᠲᠤᠰᠠᠯᠠᠬᠤ ᠰᠢᠷᠢᠰ | ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠲᠠᠪᠤᠳᠤᠭᠠᠷ ᠲᠠᠯᠠᠪᠤᠷ | ᠪᠣᠯᠤᠨ᠎ᠠ᠂ ᠵᠢᠯ ᠤᠨ ᠡᠴᠦᠰ ᠲᠤ ᠶᠢᠨ ᠬᠤᠤ ᠪᠠᠯᠭᠠᠰᠤ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ | ᠪᠣᠯᠭᠠᠵᠤ᠂ ᠠᠯᠢ ᠣᠯᠠᠨ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠠᠵᠢᠯᠯᠠᠭ᠎ᠠ ᠶᠢ ᠦᠷᠭᠦᠯᠵᠢᠯᠡᠨ | ᠠᠪᠴᠢᠷᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ | ᠥᠷᠭᠡᠳᠬᠡᠵᠦ᠂ ᠨᠤᠲᠤᠭ ᠤᠨ ᠠᠶᠠᠯᠭᠤ ᠶᠢᠨ ᠨᠡᠷᠡᠲᠦ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠬᠦ ᠪᠣᠯᠤᠨ᠎ᠠ᠃ | |