12 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶ᠎ᠡ ᠶᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠤᠬᠠᠮᠰᠠᠷ ᠠᠴᠠ ᠪᠠᠨ ᠨᠠᠮ ᠤᠨ ᠲᠥᠪ ᠬᠤᠷᠢᠶᠠᠨ ᠤ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ | ᠮᠠᠭᠠᠳᠯᠠᠯᠲᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ | ᠨᠢᠭᠡᠳᠬᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠬᠤ | ᠬᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ | ᠬᠠᠨᠳᠤᠰᠢ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠰᠲ᠋ᠧᠮᠲᠦ ᠰᠡᠳᠬᠢᠬᠦᠢ ᠶᠢ ᠴᠢᠩᠭᠠᠳᠬᠠᠨ᠂ ᠲᠥᠷᠥ ᠶᠢᠨ | ᠪᠣᠳᠣᠯᠭ᠎ᠠ ᠶᠢᠨ ᠦᠢᠯᠡᠳᠦᠯ ᠢ ᠶᠡᠬᠡᠰᠬᠡᠵᠦ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ ᠢᠷᠡᠬᠦ ᠵᠢᠯ ᠤᠨ ᠠᠵᠤ | ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃ ᠠᠵᠢᠯᠯᠠᠬᠤ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠵᠥᠪ ᠴᠢᠭᠯᠡᠯ ᠢᠶᠠᠷ ᠤᠷᠮᠠᠰᠢᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ | ᠬᠦᠯᠢᠶᠡᠰᠦ ᠶᠢ ᠰᠤᠯᠠᠷᠠᠭᠤᠯᠵᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ | ᠴᠢᠳᠠᠬᠤ ᠺᠠᠳ᠋ᠷ ᠢ ᠠᠵᠢᠯ ᠬᠢᠵᠦ ᠳᠡᠶᠢᠯᠬᠦ᠂ ᠠᠵᠢᠯ ᠪᠦᠲᠦᠭᠡᠵᠦ ᠴᠢᠳᠠᠬᠤ ᠪᠣᠯᠭᠠᠬᠤ ᠬᠡᠷᠡᠭᠲᠡᠢ᠃ ᠵᠢᠯ ᠤᠨ ᠡᠴᠦᠰ ᠵᠢᠯ ᠤᠨ | ᠡᠬᠢᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ ᠠᠮᠤᠷ ᠲᠦᠪᠰᠢᠨ ᠲᠣᠭᠲᠠᠭᠤᠨ ᠤ ᠡᠯ᠎ᠡ ᠵᠦᠢᠯ ᠤᠨ ᠠᠵᠢᠯ ᠢ | ᠰᠠᠶᠢᠲᠤᠷ ᠬᠢᠵᠦ᠂ ︽ᠨᠢᠭᠡ ᠭᠠᠵᠠᠷ ᠤᠨ ᠠᠮᠤᠷ ᠲᠦᠪᠰᠢᠨ ᠢ ᠪᠠᠲᠤᠯᠠᠵᠤ᠂ ᠨᠢᠭᠡ ᠭᠠᠵᠠᠷ ᠤᠨ ᠬᠥᠭᠵᠢᠯᠲᠡ ᠶᠢ ᠠᠬᠢᠭᠤᠯᠬᠤ︾ | ᠶᠢ ᠰᠠᠶᠢᠲᠤᠷ ᠬᠢᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠪᠣᠯᠤᠨ ᠠᠶᠤᠯ ᠲᠦᠭᠰᠢᠭᠦᠷᠢ ᠶᠢᠨ ᠭᠡᠮ ᠰᠣᠭᠤᠭ ᠢ | ᠭᠦᠨᠵᠡᠭᠡᠢ ᠪᠠᠶᠢᠴᠠᠭᠠᠨ ᠰᠢᠢᠳᠪᠦᠷᠢᠯᠡᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ | ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠨᠢᠭᠡ ᠳᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠂ ᠬᠤᠶᠠᠷ ᠲᠤ ᠶᠡᠷᠦᠩᠬᠡᠢ ᠱᠦᠵᠢ ᠰᠢ ᠶᠢᠨ | ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠭᠤᠷᠪᠠ ᠳᠤ᠂ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠬᠡᠷᠡᠭᠲᠡᠢ᠃ | ᠬᠤᠷᠠᠯ ᠠᠴᠠ 2024 ᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠬᠤᠷᠢᠶ᠎ᠡ ᠶᠢᠨ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠠᠵᠢᠯ ᠤᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠨᠢᠭᠡ ᠳᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ | ᠲᠥᠷᠥ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠨᠠᠮ ᠤᠨ ᠭᠡᠰᠢᠭᠦᠨ ᠤ | ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠵᠤ ᠲᠣᠬᠢᠷᠠᠭᠤᠯᠬᠤ ᠶᠢ ᠴᠢᠩᠭᠠᠳᠬᠠᠵᠤ᠂ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠬᠢᠨᠠᠨ ᠰᠢᠯᠭᠠᠬᠤ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ᠃ ᠭᠤᠷᠪᠠ ᠳᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠠᠵᠢᠯ ᠰᠢᠨ᠎ᠡ ᠦᠷ᠎ᠡ ᠪᠦᠲᠦᠮᠵᠢ ᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ | ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠭᠦᠳᠡ | ᠬᠤᠷᠠᠯ ᠵᠢᠴᠢ ᠪᠥᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠬᠤᠷᠠᠯ ᠢ ᠲᠤᠭᠤᠷᠪᠢᠬᠤ ᠳᠤᠭᠤᠶᠢᠯᠠᠩ | ᠣᠳᠣᠬᠠᠨ ᠤ ᠪᠠᠶᠢᠳᠠᠯ ᠪᠣᠯᠤᠨ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠡᠯ᠎ᠡ ᠲᠠᠯ᠎ᠠ ᠶᠢᠨ ᠰᠠᠨᠠᠯ | ᠰᠠᠨᠠᠭᠤᠯᠭ᠎ᠠ ᠶᠢ ᠨᠠᠷᠢᠨ ᠬᠢᠨᠠᠮᠠᠭᠠᠢ ᠰᠢᠩᠭᠡᠭᠡᠨ ᠠᠪᠴᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠮᠡᠳᠡᠭᠦᠯᠦᠯᠲᠡ ᠶᠢ ᠤᠯᠠᠮ | ᠴᠢᠨᠠᠭᠰᠢᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠤᠰ ᠤᠳᠠᠭ᠎ᠠ ᠶᠢᠨ ᠬᠤᠷᠠᠯ ᠢ ᠬᠠᠮᠲᠤ ᠶᠢᠨ ᠲᠠᠨᠢᠯᠲᠠ ᠶᠢ | ᠨᠢᠭᠲᠠᠷᠠᠭᠤᠯᠤᠭᠰᠠᠨ᠂ ᠴᠤᠭ ᠰᠦᠯᠳᠡ ᠪᠠᠨ ᠪᠠᠳᠠᠷᠠᠭᠤᠯᠤᠭᠰᠠᠨ ᠨᠢᠭᠡ ᠤᠳᠠᠭ᠎ᠠ ᠶᠢᠨ ᠬᠤᠷᠠᠯ ᠪᠣᠯᠭᠠᠨ ᠬᠤᠷᠠᠯᠳᠤᠭᠤᠯᠵᠤ᠂ | 2024 ᠣᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠳ᠋ᠦᠩᠨᠡᠵᠦ᠂ 2025 ᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠠᠵᠢᠯ ᠳᠤ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠭᠦᠶᠡᠩ ᠰᠢᠶᠠᠨ ᠤ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠪᠠ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ | ᠡᠭᠦᠷᠭᠡᠯᠡᠵᠦ᠂ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠪᠠ ᠶᠠᠰᠤ ᠴᠢᠨᠠᠷ᠂ ᠠᠮᠤ ᠪᠤᠳᠠᠭ᠎ᠠ ᠲᠠᠷᠢᠬᠤ ᠲᠠᠯᠠᠪᠠᠢ ᠪᠠ | ᠤᠨᠠᠯᠲᠠ ᠵᠡᠷᠭᠡ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ | ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠲᠠᠷᠢᠶᠠᠨ ᠭᠠᠵᠠᠷ ᠢ | ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ | ᠬᠡᠷᠡᠭᠲᠡᠢ᠃ | ᠬᠤᠷᠠᠯ ᠠᠴᠠ ᠭᠦᠶᠡᠩ ᠰᠢᠶᠠᠨ ᠤ ᠨᠢᠭᠲᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢ ᠪᠠᠶᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠵᠢᠭᠠᠵᠤ | ᠭᠠᠷᠭᠠᠭᠰᠠᠨ ᠨᠢ᠂ ᠰᠢᠶᠠᠨ ᠤ ᠬᠡᠪᠴᠢᠶᠡᠨ ᠤ ᠠᠷᠠᠳ ᠣᠯᠠᠨ ᠤ ᠡᠷᠡᠭᠦᠯ ᠮᠡᠨᠳᠦ ᠶᠢᠨ ᠬᠡᠷᠡᠭᠴᠡᠭᠡ ᠪᠠᠷ ᠤᠳᠤᠷᠢᠳᠤᠮᠵᠢ | ᠪᠣᠯᠭᠠᠵᠤ᠂ ᠣᠯᠠᠨ ᠲᠦᠮᠡᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠡᠷᠡᠭᠦᠯ ᠮᠡᠨᠳᠦ ᠶᠢ ᠬᠠᠮᠠᠭᠠᠯᠠᠬᠤ ᠪᠣᠳᠠᠲᠠᠢ | ᠠᠰᠠᠭᠤᠳᠠᠯ ᠠᠴᠠ ᠡᠭᠦᠰᠴᠦ᠂ ᠡᠷᠡᠭᠦᠯ ᠮᠡᠨᠳᠦ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠠᠬᠢᠭᠤᠯᠵᠤ᠂ | ᠡᠯ᠎ᠡ ᠵᠦᠢᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠮᠡᠨᠳᠦ ᠰᠤᠪᠢᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ | ᠰᠦᠪᠡᠭᠴᠢᠯᠡᠵᠦ᠂ ᠠᠷᠠᠳ ᠣᠯᠠᠨ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ | ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |