1 ᠰᠠᠷ᠎ᠠ ᠶᠢᠨ 2 ᠤᠨ ᠡᠳᠦᠷ᠂ ᠰᠢᠶᠠᠨ ᠤ ᠵᠠᠰᠠᠭ ᠤᠨ ᠣᠷᠳᠣᠨ 2025 ᠣᠨ ᠤ ᠨᠢᠭᠡᠳᠦᠭᠡᠷ ᠤᠳᠠᠭᠠᠨ ᠤ | ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ | ᠶᠠᠷᠢᠯᠴᠠᠬᠤ ᠨᠣᠤᠷᠠᠭ︶︾᠂ ︽ᠭᠦᠶᠡᠩ ᠰᠢᠶᠠᠨ ᠤ 2024 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠮᠡᠳᠡᠭᠦᠯᠦᠯᠲᠡ ︵ | ᠲᠥᠰᠦᠯ︶︾᠂ ︽2024 ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2025 | ᠣᠨ ᠤ ᠲᠥᠰᠦᠪ ︵ᠲᠥᠰᠦᠯ︶︾᠂ ︽ᠭᠦᠶᠡᠩ ᠰᠢᠶᠠᠨ ᠤ ᠬᠤᠲᠠ ᠶᠢᠨ ᠲᠣᠭᠤᠷᠢᠭ ᠤᠨ ᠭᠠᠵᠠᠷ ᠳᠣᠣᠷᠠᠬᠢ | ᠬᠤᠭᠤᠯᠠᠢ ᠶᠢᠨ ᠲᠣᠣᠷ ᠤᠨ ᠬᠤᠩᠭᠢᠯ ᠵᠢᠴᠢ ᠲᠥᠬᠦᠭᠡᠷᠦᠮᠵᠢ ᠶᠢ ᠥᠭᠡᠷᠡᠴᠢᠯᠡᠬᠦ ᠬᠡᠷᠡᠭᠵᠢᠭᠦᠯᠬᠦ ᠲᠥᠰᠦᠯ︾ ᠢ ᠬᠢᠨᠠᠨ | ᠵᠥᠪᠯᠡᠵᠦ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠪᠡᠶᠡᠯᠡᠭᠦᠯᠦᠭᠰᠡᠨ ᠪᠠᠶᠢᠳᠠᠯ ᠵᠢᠴᠢ 2025 ᠣᠨ ᠤ ᠡᠯᠰᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠪᠠ᠃ | ᠬᠤᠷᠠᠯ ᠠᠴᠠ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯ ᠵᠠᠰᠠᠭ ᠤᠨ ᠣᠷᠳᠣᠨ ᠤ ᠰᠢᠨ᠎ᠡ ᠨᠢᠭᠡ | ᠵᠢᠯ ᠤᠨ ᠠᠵᠢᠯ ᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠭᠦᠨᠵᠡᠭᠡᠢ ᠰᠤᠳᠤᠯᠤᠨ ᠨᠤᠲᠠᠯᠠᠵᠤ᠂ 2024 ᠣᠨ ᠤ ᠠᠵᠢᠯ ᠤᠨ ᠠᠮᠵᠢᠯᠲᠠ ᠶᠢ ᠪᠦᠬᠦ | ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ 2025 ᠣᠨ ᠤ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ | ᠣᠨᠣᠪᠴᠢᠲᠠᠢ ᠲᠥᠯᠥᠪᠵᠢᠭᠦᠯᠵᠦ᠂ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠬᠤᠷᠢᠶᠠᠩᠭᠤᠶᠢᠯᠠᠨ ᠡᠮᠬᠢᠯᠡᠵᠦ᠂ | ᠢᠯᠡᠳᠬᠡᠯ ᠳᠤ ᠭᠦᠢᠴᠡᠳ ᠠᠭᠤᠰᠤᠯᠴᠠᠭᠤᠯᠤᠨ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠭᠰᠡᠨ᠂ ᠵᠠᠮ ᠨᠡᠭᠡᠭᠡᠨ | ᠡᠷᠡᠯᠬᠡᠭᠯᠡᠨ ᠤᠷᠤᠭᠰᠢᠯᠠᠭᠰᠠᠨ ᠴᠢᠨᠠᠷ ᠰᠠᠶᠢᠲᠠᠢ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠢ᠃ ᠠᠵᠤ ᠠᠬᠤᠢ | ᠨᠡᠶᠢᠭᠡᠮ ᠤᠨ ᠬᠥᠭᠵᠢᠯᠲᠡ ᠪᠠ ᠪᠥᠬᠦ ᠰᠢᠶᠠᠨ ᠤ ᠣᠨᠴᠠᠯᠢᠭᠲᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ | ᠠᠵᠤ ᠠᠬᠤᠢ ᠶᠢᠨ ᠨᠡᠮᠡᠭᠳᠡᠯ ᠤᠨ ᠬᠠᠨᠳᠤᠰᠢ ᠪᠠ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠢ ᠵᠠᠳᠠᠯᠤᠨ | ᠰᠤᠳᠤᠯᠵᠤ ᠮᠠᠭᠠᠳᠯᠠᠵᠤ᠂ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠨ᠂ ᠡᠯ᠎ᠡ ᠵᠦᠢᠯ ᠤᠨ ᠲᠥᠯᠥᠪᠯᠡᠭᠡ ᠶᠢᠨ ᠰᠢᠨᠵᠢᠯᠡᠬᠦ ᠤᠬᠠᠭᠠᠨᠴᠢ | ᠪᠥᠭᠡᠳ ᠪᠦᠲᠦᠮᠵᠢᠲᠡᠢ᠂ ᠪᠣᠳᠠᠲᠠᠢ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠬᠥᠭᠵᠢᠯᠲᠡ ᠶᠢᠨ ᠬᠥᠳᠡᠯᠭᠡᠬᠦ | ᠬᠦᠴᠦᠨ ᠪᠠ ᠠᠮᠢᠵᠢᠷᠠᠯ ᠤᠨ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ᠃ ᠲᠥᠰᠦᠪ ᠢ ᠬᠠᠮᠢᠶᠠᠷᠤᠨ ᠡᠵᠡᠮᠳᠡᠬᠦ | ᠤᠬᠠᠮᠰᠠᠷ ᠢᠶᠠᠨ ᠴᠢᠩᠭᠠᠳᠬᠠᠵᠤ᠂ ᠠᠷᠪᠢᠯᠠᠨ ᠭᠠᠮᠨᠠᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠨᠡᠩ ᠴᠢᠬᠤᠯᠠᠴᠢᠯᠠᠵᠤ᠂ ᠠᠷᠭ᠎ᠠ ᠪᠦᠬᠦᠨ ᠢ | ᠰᠦᠪᠡᠭᠴᠢᠯᠡᠨ ᠡᠳ᠋ ᠤᠨ ᠬᠦᠴᠦᠨ ᠤ ᠦᠨᠳᠦᠰᠦᠨ ᠪᠠᠶᠢᠳᠠᠯ ᠢ ᠪᠤᠵᠠᠭᠠᠶᠢᠷᠠᠭᠤᠯᠵᠤ᠂ ᠣᠷᠣᠯᠭ᠎ᠠ ᠶᠢᠨ | ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠣᠯᠠᠨ ᠲᠠᠯ᠎ᠠ ᠠᠴᠠ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠣᠯᠵᠤ᠂ ᠡᠳ᠋ ᠤᠨ ᠵᠠᠰᠠᠭ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ | ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ | ᠪᠣᠯ ᠵᠠᠰᠠᠭ ᠤᠨ ᠣᠷᠳᠣᠨ ᠠᠴᠠ ᠪᠥᠬᠦ ᠰᠢᠶᠠᠨ ᠤ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠂ | ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠴᠢᠨᠠᠷ ᠰᠠᠶᠢᠲᠠᠢ ᠨᠡᠶᠢᠳᠡᠮ ᠠᠰᠢᠭ ᠬᠦᠷᠲᠡᠭᠡᠬᠦ᠂ ᠲᠥᠷᠥᠭᠳᠡᠯ ᠲᠠᠢ | ᠪᠣᠯᠬᠤ ᠶᠢ ᠪᠠᠷᠢᠮᠲᠠᠯᠠᠵᠤ᠂ ᠦᠨᠳᠦᠰᠦᠨ ᠠᠷᠠᠳ ᠤᠨ ᠠᠮᠢᠳᠤᠷᠠᠯ ᠪᠠ ᠣᠯᠠᠨ ᠲᠦᠮᠡᠨ ᠤ ᠪᠠᠴᠢᠮᠳᠠᠵᠤ ᠬᠦᠴᠢᠷᠳᠡᠵᠦ | ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠢᠴᠡᠳ ᠦᠨᠡᠯᠡᠨ ᠵᠢᠱᠢᠵᠦ | ᠨᠤᠲᠠᠯᠠᠯᠲᠠ ᠬᠢᠵᠦ᠂ ᠭᠦᠢᠴᠡᠳᠬᠡᠬᠦ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠡᠪᠴᠢᠶ᠎ᠡ ᠶᠢ | ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠦᠨ ᠨᠢᠭᠡ ᠪᠦᠯᠦᠭ ᠣᠯᠠᠨ ᠲᠦᠮᠡᠨ ᠤ ᠲᠤᠰᠬᠠᠯ ᠰᠠᠶᠢᠨ ᠠᠷᠠᠳ ᠤᠨ | ᠠᠮᠢᠳᠤᠷᠠᠯ ᠤᠨ ᠲᠥᠷᠥᠯ ᠵᠦᠢᠯ ᠢ ᠬᠡᠷᠡᠭᠵᠢᠭᠦᠯᠵᠦ᠂ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ ᠠᠷᠠᠳ ᠤᠨ | ᠠᠮᠢᠳᠤᠷᠠᠯ ᠤᠨ ᠲᠥᠷᠥᠯ ᠵᠦᠢᠯ ᠢ ᠰᠢᠨ᠎ᠡ ᠪᠠᠷ ᠨᠡᠮᠡᠵᠦ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠠᠵᠠ | ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠥᠷᠥᠯ ᠤᠨ ᠬᠤᠭᠤᠯᠠᠢ ᠶᠢᠨ ᠲᠣᠣᠷ᠂ ᠬᠤᠭᠤᠯᠠᠢ ᠶᠢᠨ ᠬᠤᠩᠬᠢᠯ | ᠵᠢᠴᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢᠨ ᠴᠠᠭ ᠤᠨ ᠳᠠᠷᠠᠭᠠᠯᠠᠯ ᠢ ᠨᠢᠭᠡᠳᠦᠯᠲᠡᠢ | ᠲᠥᠯᠥᠪᠯᠡᠵᠦ᠂ ᠳᠠᠬᠢᠨ ᠳᠠᠪᠲᠠᠨ ᠮᠠᠯᠲᠠᠵᠤ ᠪᠦᠲᠦᠭᠡᠨ ᠪᠠᠶᠢᠭᠤᠯᠬᠤ ᠠᠴᠠ ᠵᠠᠶᠢᠯᠠᠰᠬᠢᠬᠦ ᠬᠡᠷᠡᠭᠲᠡᠢ᠃ ᠢᠳᠡᠪᠬᠢᠲᠡᠢ ᠪᠠᠷ | ᠪᠡᠯᠡ ᠮᠥᠩᠭᠦ ᠣᠯᠵᠤ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠵᠤ | ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠬᠤᠲᠠ ᠶᠢᠨ ᠶᠠᠰᠤ | ᠴᠢᠨᠠᠷ ᠢ ᠳᠡᠭᠡᠭᠰᠢᠯᠡᠭᠦᠯᠵᠦ᠂ ᠬᠤᠲᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |