ᠰᠢᠨ᠎ᠡ ᠵᠢᠯ ᠤᠨ ᠡᠬᠢᠨ ᠳᠡᠭᠡᠨ ᠰᠤᠯᠠᠷᠠᠭᠤᠯᠤᠯ ᠦᠭᠡᠢ᠂ ᠠᠮᠤᠷ ᠲᠦᠪᠰᠢᠨ ᠤ ᠰᠡᠷᠡᠮᠵᠢ ᠶᠢᠨ ᠬᠤᠩᠬᠤ ᠶᠢ ᠴᠢᠩᠭ᠎ᠠ ᠠᠳᠬᠤᠨ ᠰᠢ ᠳ᠋ᠧᠦ ᠫᠦ᠋ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠬᠢᠨᠠᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/1/7
    2025 ᠣᠨ ᠤ 1 ᠰᠠᠷ᠎ᠠ ᠶᠢᠨ 2 ᠤᠨ ᠡᠳᠦᠷ᠂ ᠰᠢ ᠳ᠋ᠧᠦ ᠫᠦ᠋ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠯᠢᠩ ᠪᠢᠨ ᠳᠤᠭᠤᠶᠢᠯᠠᠩ ᠳᠠᠭᠠᠭᠤᠯᠤᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠥᠷᠨᠢᠭᠦᠯᠪᠡ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠷᠡᠰ ᠪᠠᠲᠤ ᠣᠪᠣᠷ᠂ ᠬᠦᠴᠦᠲᠡᠢ ᠠᠷᠭ᠎ᠠ ᠬᠡᠮᠵᠢᠶ᠎ᠡ ᠪᠠᠷ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃    ᠲᠤᠰ ᠤᠳᠠᠭᠠᠨ ᠤ ᠪᠠᠶᠢᠴᠠᠭᠠᠯᠲᠠ ᠶᠢᠨ ᠭᠤᠣᠯᠳᠠᠯᠭ᠎ᠠ ᠪᠣᠯ ᠪᠠᠯᠭᠠᠰᠤᠨ ᠤ ᠳᠣᠲᠣᠷᠠᠬᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠪᠣᠯᠤᠨ᠎ᠠ᠂ ᠬᠤᠩ ᠶᠤᠸᠠᠨ ᠠᠭᠤᠷᠬᠠᠢ ᠶᠢᠨ ᠦᠢᠯᠡᠰ᠂ ᠵᠢᠦᠢ ᠴᠠᠩ ᠯᠦᠩ ᠠᠭᠤᠷᠬᠠᠢ ᠶᠢᠨ ᠦᠢᠯᠡᠰ ᠤᠨ ᠢ ᠹᠧᠩ ᠵᠤᠤᠬ᠎ᠠ ᠶᠢᠨ ᠦᠢᠯᠡᠳᠪᠦᠷᠢ ᠦᠢᠯᠡᠳᠪᠦᠷᠢ᠂ ᠳ᠋ᠧ ᠱᠦᠨ ᠶᠤᠸᠠᠨ ᠠᠭᠤᠷᠬᠠᠢ ᠶᠢᠨ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠳᠦᠷᠢᠮ᠂ ᠠᠮᠤᠷ ᠲᠦᠪᠰᠢᠨ ᠤ ᠬᠠᠮᠢᠶᠠᠷᠤᠯᠲᠠ᠂ ᠠᠮᠤᠷ ᠲᠦᠪᠰᠢᠨ ᠤ ᠪᠣᠯᠪᠠᠰᠤᠷᠠᠯ᠂ ᠦᠢᠯᠡᠳᠪᠦᠷᠢ ᠶᠢᠨ ᠭᠡᠷ ᠪᠠᠶᠢᠰᠢᠩ ᠤᠨ ᠠᠮᠤᠷ ᠲᠦᠪᠰᠢᠨ᠂ ᠠᠮᠢᠳᠤᠷᠠᠯ ᠤᠨ ᠲᠣᠭᠤᠷᠢᠭ ᠤᠨ ᠭᠠᠯ ᠴᠠᠬᠢᠯᠭᠠᠨ ᠬᠡᠷᠡᠭᠯᠡᠬᠦ ᠵᠡᠷᠭᠡ ᠣᠯᠠᠨ ᠲᠠᠯ᠎ᠠ ᠪᠠᠷ ᠪᠠᠶᠢᠴᠠᠭᠠᠨ ᠵᠢᠯᠣᠭᠤᠳᠪᠠ᠃ ᠣᠯᠵᠤ ᠮᠡᠳᠡᠭᠰᠡᠨ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠮᠡᠳᠡᠭᠳᠡᠭᠰᠡᠨ ᠪᠥᠭᠡᠳ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠯᠵᠤ ᠮᠡᠳᠡᠭᠰᠡᠨ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠪᠠ ᠠᠮᠤᠷ ᠲᠦᠪᠰᠢᠨ ᠤ ᠭᠡᠮ ᠰᠣᠭᠤᠭ ᠢ ᠥᠪᠡᠰᠦᠪᠡᠨ ᠪᠠᠶᠢᠴᠠᠭᠠᠵᠤ᠂ ᠬᠥᠮᠦᠨ ᠪᠦᠬᠦᠨ ᠠᠮᠤᠷ ᠲᠦᠪᠰᠢᠨ ᠢ ᠣᠶᠢᠯᠠᠭᠠᠵᠤ᠂ ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ ᠶᠢ ᠦᠨᠡᠨᠬᠦ ᠪᠠᠲᠤᠯᠠᠨ᠎ᠠ ᠭᠡᠵᠦ ᠢᠯᠡᠳᠬᠡᠪᠡ᠃     ᠳᠠᠷᠠᠭᠠᠴᠢ ᠶᠢᠨ ᠠᠯᠬᠤᠮ ᠳᠤ᠂ ᠰᠢ ᠳ᠋ᠧᠦ ᠫᠦ᠋ ᠪᠠᠯᠭᠠᠰᠤ ᠥᠨᠳᠥᠷ ᠳᠠᠷᠤᠯᠲᠠᠲᠤ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠴᠢᠩᠭ᠎ᠠ ᠠᠳᠬᠤᠵᠤ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠱᠠᠯᠠᠪᠳᠠᠭᠤᠯᠤᠨ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠰᠤᠯᠠᠷᠠᠭᠤᠯᠤᠯ ᠦᠭᠡᠢ᠂ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠴᠤᠬᠤᠶᠢᠵᠤ ᠪᠠᠶᠢᠭ᠎ᠠ ᠱᠠᠲᠤᠨ ᠳᠤ ᠠᠷᠢᠯᠭᠠᠵᠤ᠂ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠦᠨ᠎ᠡ᠃ 
 
ᠢᠷᠡᠯᠲᠡ᠄ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号