ᠡᠨᠡ ᠵᠢᠯ ᠤᠨ ᠲᠤᠷᠰᠢ᠂ ᠰᠢᠶᠠ ᠱᠢ ᠬᠤᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠯᠲᠠ | ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠢ ᠶᠢᠨ ︽ᠣᠢ ᠬᠠᠮᠠᠭᠠᠯᠠᠭᠴᠢ︾ ᠪᠣᠯᠵᠤ᠂ | ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠪᠦᠲᠦᠮᠵᠢᠲᠡᠢ ᠪᠠᠲᠤᠯᠠᠵᠤ᠂ ᠪᠦᠬᠦ ᠪᠠᠯᠭᠠᠰᠤᠨ ᠤ | ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠬᠠᠮᠠᠭᠠᠯᠠᠪᠠ᠃ | ︽ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠭᠤᠰ ᠴᠤᠬᠤᠮ ᠬᠠᠮᠢᠭ᠎ᠠ ᠵᠠᠷᠤᠴᠠᠭᠤᠯᠤᠭᠰᠠᠨ ᠪᠤᠢ︖ | ᠮᠠᠨ ᠤ ᠲᠣᠰᠬᠤᠨ ᠤ ᠠᠷᠠᠳ ᠶᠠᠭᠤ ᠴᠤ ᠮᠡᠳᠡᠬᠦ ᠦᠭᠡᠢ ᠪᠥᠭᠡᠳ ᠪᠢᠳᠡᠨ ᠳᠤ ᠢᠯᠡ ᠨᠡᠶᠢᠲᠡᠯᠡᠬᠦ ᠦᠭᠡᠢ᠂ | ᠦᠵᠡᠬᠦ ᠳᠤ ᠠᠰᠠᠭᠤᠳᠠᠯ ᠲᠠᠢ︾᠃ ᠡᠨᠡ ᠪᠣᠯ ᠰᠢᠶᠠ ᠱᠢ ᠬᠤᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠠᠰᠠᠭᠤᠳᠠᠯ ᠢ ᠲᠤᠰᠬᠠᠵᠤ ᠪᠠᠶᠢᠭ᠎ᠠ ᠶᠤᠮ᠃ ᠣᠳᠣᠬᠠᠨ ᠳᠤ ᠲᠣᠰᠬᠤᠨ ᠤ ᠮᠠᠰᠢ ᠣᠯᠠᠨ ᠵᠥᠷᠢᠴᠡᠯ | ᠡᠭᠦᠰᠦᠭᠰᠡᠨ ᠦᠨᠳᠦᠰᠦ ᠰᠤᠷᠪᠤᠯᠵᠢ ᠨᠢ ᠡᠳ᠋ ᠤᠨ ᠶᠠᠪᠤᠳᠠᠯ ᠢ ᠢᠯᠡ ᠪᠣᠯᠭᠠᠭᠰᠠᠨ ᠨᠢ ᠭᠦᠢᠴᠡᠳ ᠦᠭᠡᠢ᠂ | ᠲᠣᠰᠬᠤᠨ ᠤ ᠠᠷᠠᠳ ᠤᠨ ᠢᠳᠡᠭᠡᠯ ᠢ ᠠᠯᠳᠠᠭᠰᠠᠨ ᠶᠠᠪᠤᠳᠠᠯ ᠪᠣᠯᠤᠨ᠎ᠠ᠃ ᠡᠶᠢᠮᠦ ᠠᠴᠠ ᠪᠢᠳᠡ ᠣᠯᠠᠨ ᠵᠦᠢᠯ ᠤᠨ | ᠬᠡᠯᠪᠡᠷᠢ ᠪᠠᠷ ᠤᠶᠠᠯᠳᠤᠭᠤᠯᠵᠤ᠂ ᠲᠣᠰᠬᠤᠨ ᠤ ᠡᠨᠡ ᠬᠦ ᠳᠠᠩᠰᠠ ᠶᠢ ᠲᠣᠳᠣᠷᠬᠠᠢ ᠣᠶᠢᠯᠠᠭᠠᠵᠤ᠂ ᠣᠯᠠᠨ ᠲᠦᠮᠡᠨ ᠤ | ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠰᠢᠶᠠ ᠱᠢ ᠬᠤᠤ ᠪᠠᠯᠭᠠᠰᠤ ᠲᠣᠰᠬᠤᠨ ᠤ ᠶᠠᠪᠤᠳᠠᠯ ᠢ ᠢᠯᠡ ᠪᠣᠯᠭᠠᠬᠤ᠂ | ︽ᠭᠤᠷᠪᠠᠨ ᠶᠠᠪᠤᠳᠠᠯ︾ ᠢ ᠢᠯᠡ ᠪᠣᠯᠭᠠᠬᠤ ᠵᠡᠷᠭᠡ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ︽ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢᠨ ᠵᠠᠭᠪᠤᠷ ᠢᠶᠠᠷ ᠳᠠᠮᠵᠢᠭᠤᠯᠤᠨ᠂ ᠲᠣᠰᠬᠤᠨ ᠤ ᠱᠠᠲᠤᠨ ᠤ | ᠡᠳ᠋ ᠤᠨ ᠶᠠᠪᠤᠳᠠᠯ᠂ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢᠨ ᠬᠡᠷᠡᠭᠯᠡᠯᠲᠡ ᠵᠡᠷᠭᠡ ᠮᠡᠳᠡᠭᠡ | ᠵᠠᠩᠭᠢ ᠶᠢ ᠢᠯᠡ ᠪᠣᠯᠭᠠᠵᠤ᠂ ᠦᠨᠳᠦᠰᠦᠨ ᠱᠠᠲᠤᠨ ᠤ ᠠᠵᠤ ᠠᠬᠤᠢ ᠶᠢᠨ ᠬᠢᠨᠠᠯᠲᠠ ᠲᠠᠯᠪᠢᠬᠤ ᠬᠦᠴᠢᠷ | ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠬᠢᠨᠠᠯᠲᠠ ᠲᠠᠯᠪᠢᠬᠤ ︽ᠮᠡᠳᠡᠷᠡᠯ ᠤᠨ ᠰᠡᠵᠢᠭᠦᠷ︾ ᠢ | ᠨᠡᠪᠲᠡᠷᠡᠭᠦᠯᠪᠡ᠃ ᠡᠭᠦᠨ ᠠᠴᠠ ᠭᠠᠳᠠᠨ᠎ᠠ᠂ ᠰᠢᠶᠠ ᠱᠢ ᠬᠤᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ | ᠲᠣᠰᠬᠤᠨ ᠤ ᠬᠠᠮᠲᠤ ᠶᠢᠨ ᠡᠳ᠋ ᠤᠨ ᠶᠠᠪᠤᠳᠠᠯ ᠵᠢᠷᠤᠮᠵᠢᠯ ᠦᠭᠡᠢ᠂ ᠡᠳ᠋ ᠤᠨ ᠶᠠᠪᠤᠳᠠᠯ ᠢ ᠢᠯᠡ ᠪᠣᠯᠭᠠᠬᠤ ᠦᠭᠡᠢ | ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠵᠤ᠂ ᠬᠥᠳᠡᠭᠡ ᠲᠣᠰᠬᠤᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ | ᠡᠬᠢ ᠪᠠᠶᠠᠯᠢᠭ ᠵᠡᠷᠭᠡ ᠲᠠᠯ᠎ᠠ ᠶᠢᠨ ᠠᠵᠢᠯᠯᠠᠭᠠᠨ ᠢ ᠦᠨᠡᠨ ᠬᠦ ᠪᠠᠲᠤᠯᠠᠪᠠ᠃ ᠡᠨᠡ ᠵᠢᠯ ᠠᠴᠠ ᠨᠠᠰᠢ᠂ ᠰᠢᠶᠠ ᠱᠢ | ᠬᠤᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠡᠯ᠎ᠡ ᠲᠣᠰᠬᠤᠨ ᠤ ᠠᠷᠠᠳ ᠤᠨ ᠵᠥᠪᠯᠡᠯ ᠤᠨ ︽ | ᠭᠤᠷᠪᠠᠨ ᠶᠠᠪᠤᠳᠠᠯ︾ ᠢ ᠢᠯᠡ ᠪᠣᠯᠭᠠᠬᠤ ᠬᠢᠨᠠᠯᠲᠠ ᠪᠠᠶᠢᠴᠠᠭᠠᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠠᠷ᠎ᠠ | ᠪᠦᠷᠢ ᠶᠢᠨ 25 ᠤ ᠡᠳᠦᠷ ᠠᠴᠠ ᠡᠮᠦᠨ᠎ᠡ ᠢᠯᠡ ᠪᠣᠯᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠣᠳᠣ ᠨᠢᠭᠡᠨᠲᠡ 8 | ᠤᠳᠠᠭ᠎ᠠ ᠵᠠᠷᠯᠠᠨ ᠮᠡᠳᠡᠭᠳᠡᠵᠦ᠂ ᠡᠯ᠎ᠡ ᠲᠣᠰᠬᠤᠨ ᠤ ᠡᠳ᠋ ᠤᠨ ᠶᠠᠪᠤᠳᠠᠯ ᠢ ᠴᠠᠭ ᠲᠤᠬᠠᠢ ᠳᠤᠨᠢ ᠢᠯᠡ ᠪᠣᠯᠭᠠᠵᠦ᠂ ︽ | ᠡᠳ᠋ ᠤᠨ ᠶᠠᠪᠤᠳᠠᠯ︾ ᠢ ᠪᠠᠯᠠᠷᠬᠠᠢ ᠪᠣᠯᠭᠠᠬᠤ ᠠᠴᠠ ᠵᠠᠶᠢᠯᠠᠰᠬᠢᠵᠦ᠂ ᠰᠤᠷᠲᠠᠯ ᠴᠢᠬᠡᠴᠢ ᠣᠪᠣᠷ ᠲᠥᠪ ᠦᠨᠳᠦᠰᠦᠨ | ᠱᠠᠲᠤᠨ ᠤ ᠵᠠᠰᠠᠯᠲᠠ ᠶᠢᠨ ᠣᠷᠴᠢᠨ ᠲᠣᠭᠤᠷᠢᠨ ᠢᠶᠠᠷ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ | ᠠᠬᠢᠭᠤᠯᠪᠠ᠃ | ᠠᠷᠠᠳ ᠤᠨ ᠰᠠᠨᠠᠯ ᠢ ᠰᠣᠨᠣᠰᠴᠤ ︽ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠡᠮᠦᠨᠡᠬᠡᠨ | ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠬᠢᠨᠠᠯᠲᠠ ᠲᠠᠯᠪᠢᠬᠤ ᠵᠥᠪᠯᠡᠯ ᠤᠨ ᠪᠡᠶ᠎ᠡ ᠪᠠᠷ ᠢᠶᠠᠨ ᠬᠢᠨᠠᠯᠲᠠ | ᠲᠠᠯᠪᠢᠬᠤ︾ ᠬᠠᠮᠵᠢᠯᠴᠠᠨ ᠬᠤᠯᠪᠣᠭᠠᠯᠠᠨ ᠬᠥᠳᠡᠯᠦᠯᠴᠡᠵᠦ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠺᠣᠮᠢᠰ ᠤᠨ ᠪᠦᠷᠢᠯᠳᠦᠬᠦᠨ ᠤ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠬᠤ ᠪᠠᠷ ᠳᠠᠮᠵᠢᠭᠤᠯᠤᠨ᠂ ᠲᠣᠰᠬᠤᠨ ᠤ ᠶᠠᠪᠤᠳᠠᠯ ᠳᠤ | ᠬᠢᠨᠠᠯᠲᠠ ᠲᠠᠯᠪᠢᠬᠤ ᠺᠣᠮᠢᠰ ᠤᠨ ᠪᠦᠷᠢᠯᠳᠦᠬᠦᠨ ᠤ ᠵᠢᠷᠤᠮᠵᠢᠯ ᠲᠠᠢ ᠪᠦᠲᠦᠮᠵᠢᠲᠡᠢ ᠬᠢᠨᠠᠯᠲᠠ ᠲᠠᠯᠪᠢᠬᠤ ᠶᠢ ᠲᠦᠯᠬᠢᠨ | ᠠᠬᠢᠭᠤᠯᠵᠤ᠂ ᠲᠣᠰᠬᠤᠨ ᠤ ᠱᠠᠲᠤᠨ ᠳᠤ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠠᠯᠬᠤᠮ | ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠣᠰᠬᠤᠨ ᠤ ᠬᠠᠮᠲᠤ ᠶᠢᠨ ᠪᠡᠯᠡ ᠮᠥᠩᠭᠦ ᠶᠢᠨ ᠣᠷᠣᠯᠭ᠎ᠠ | ᠵᠠᠷᠤᠯᠭ᠎ᠠ᠂ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠬᠡᠷᠡᠭᠵᠢᠭᠦᠯᠦᠯᠲᠡ᠂ ︽ᠪᠡᠯᠡ ᠮᠥᠩᠭᠦ᠂ ᠡᠳ᠋ | ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ | ᠵᠠᠩᠭᠢᠯᠠᠭ᠎ᠠ ᠶᠢᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ︽ᠭᠤᠷᠪᠠᠨ ᠪᠠᠶᠢᠬᠤ︾ ᠡᠬᠡ ᠳᠠᠩᠰᠠ ᠪᠣᠯᠤᠨ | ᠲᠣᠰᠬᠤᠨ ᠤ ᠳᠤᠭᠤᠶᠢᠯᠠᠩ ᠤᠨ ᠳᠠᠩᠰᠠ ᠲᠡᠮᠳᠡᠭᠯᠡᠯ ᠤᠨ ᠳᠡᠪᠲᠡᠷ ᠢ ᠪᠠᠶᠢᠴᠠᠭᠠᠨ ᠦᠵᠡᠬᠦ᠂ ᠲᠤᠬᠠᠢ ᠶᠢᠨ | ᠭᠠᠵᠠᠷ ᠲᠤᠨᠢ ᠰᠤᠷᠪᠤᠯᠵᠢᠯᠠᠬᠤ᠂ ᠣᠯᠠᠨ ᠲᠦᠮᠡᠨ ᠤ ᠰᠠᠨᠠᠯ ᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠳᠤ ᠬᠢᠨᠠᠯᠲᠠ ᠲᠠᠯᠪᠢᠬᠤ ᠠᠭᠤᠯᠭ᠎ᠠ ᠶᠢ ᠨᠠᠷᠢᠯᠢᠭᠵᠢᠭᠤᠯᠵᠤ᠂ | ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠳᠤ ᠬᠢᠨᠠᠯᠲᠠ ᠲᠠᠯᠪᠢᠬᠤ ᠵᠦᠢᠯᠡᠰ ᠢ ᠲᠣᠳᠣᠷᠬᠠᠶᠢᠯᠠᠪᠠ᠃ | ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ | ᠢᠯᠵᠠᠷᠠᠯ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠢᠭᠡ ᠶᠢ ᠢᠯᠡᠷᠡᠪᠡᠯ ᠨᠢᠭᠡ ᠶᠢ | ᠰᠢᠢᠳᠪᠦᠷᠢᠯᠡᠬᠦ ᠶᠢ ᠪᠡᠶᠡᠯᠡᠭᠦᠯᠤᠨ᠎ᠠ᠃ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠳᠤ ᠢᠳᠡᠪᠬᠢᠲᠡᠢ ᠬᠠᠷᠢᠭᠤᠯᠲᠠ | ᠥᠭᠴᠦ᠂ ᠴᠢᠩᠭ᠎ᠠ ᠪᠠᠶᠢᠴᠠᠭᠠᠵᠤ ᠲᠦᠷᠭᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠠᠷᠠᠳ ᠤᠨ ᠠᠰᠢᠭ | ᠲᠤᠰᠠ ᠶᠢ ᠬᠦᠴᠦᠲᠡᠢ ᠬᠠᠮᠠᠭᠠᠯᠠᠵᠤ᠂ ᠪᠠᠯᠭᠠᠰᠤ ᠲᠣᠰᠬᠤᠨ ᠤ ᠰᠤᠷᠲᠠᠯ ᠴᠢᠬᠡᠴᠢ ᠣᠪᠣᠷ ᠲᠥᠪ ᠪᠠᠶᠢᠬᠤ ᠶᠢ | ᠪᠠᠲᠤᠯᠠᠬᠤ ᠬᠡᠷᠡᠭᠲᠡᠢ᠃ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠶᠠᠪᠤᠴᠠ ᠳᠤ | ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠬᠢᠬᠦ ᠵᠢᠴᠢ | ᠲᠣᠰᠬᠤᠨ ᠤ ᠱᠠᠲᠤᠨ ᠤ ᠬᠠᠮᠲᠤ ᠶᠢᠨ ᠪᠡᠯᠡ ᠮᠥᠩᠭᠦ ᠶᠢ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ | ᠦᠯᠡᠳᠡᠭᠡᠨ ᠠᠪᠴᠤ ᠨᠡᠭᠦᠯᠭᠡᠨ ᠬᠡᠷᠡᠭᠯᠡᠭᠰᠡᠨ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠲᠣᠰᠬᠤᠨ ᠤ | ᠱᠠᠲᠤᠨ ᠤ ᠬᠠᠮᠲᠤ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ ᠪᠠᠲᠤ ᠪᠠᠬᠢ ᠰᠠᠬᠢᠯᠭ᠎ᠠ ᠪᠠᠲᠤ ᠶᠢᠨ | ᠪᠠᠲᠤᠯᠠᠭ᠎ᠠ ᠬᠠᠩᠭᠠᠬᠤ ᠬᠡᠷᠡᠭᠲᠡᠢ᠃ ᠡᠨᠡ ᠵᠢᠯ᠂ ᠰᠢᠶᠠ ᠱᠢ ᠬᠤᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠡ ᠬᠢᠨᠠᠯᠲᠠ ᠲᠠᠯᠪᠢᠵᠤ ᠪᠠᠶᠢᠴᠠᠭᠠᠬᠤ ᠳᠤᠮᠳᠠ ᠨᠢᠭᠡ ᠲᠣᠰᠬᠤᠨ ᠤ ᠨᠠᠮ ᠤᠨ ᠡᠭᠦᠷ ᠱᠦᠵᠢ ᠶᠢᠨ ᠲᠤᠰᠢᠶᠠᠯ ᠢ | ᠡᠭᠦᠷᠭᠡᠯᠡᠬᠦ ᠳᠡᠭᠡᠨ ᠲᠣᠰᠬᠤᠨ ᠤ ᠬᠠᠮᠲᠤ ᠶᠢᠨ ᠪᠡᠯᠡ ᠮᠥᠩᠭᠦ ᠶᠢ ᠭᠠᠳᠠᠭᠰᠢ ᠵᠢᠭᠡᠯᠡᠭᠦᠯᠦᠭᠡᠳ ᠨᠡᠬᠡᠵᠦ ᠠᠪᠤᠭᠰᠠᠨ | ᠦᠭᠡᠢ ᠠᠰᠠᠭᠤᠳᠠᠯ ᠤᠨ ᠰᠦᠪᠡᠭᠴᠢ ᠶᠢ ᠣᠯᠵᠤ ᠮᠡᠳᠡᠭᠡᠳ᠂ ᠨᠢᠭᠡᠨᠲᠡ ᠬᠡᠷᠡᠭ ᠪᠣᠯᠭᠠᠨ ᠳᠠᠩᠰᠠᠯᠠᠵᠤ ᠬᠢᠨᠠᠨ | ᠪᠠᠶᠢᠴᠠᠭᠠᠵᠤ᠂ ᠨᠠᠮ ᠤᠨ ᠡᠭᠦᠷ ᠤᠨ ᠱᠦᠵᠢ ᠲᠤᠰᠢᠶᠠᠯ ᠡᠭᠦᠷᠭᠡᠯᠡᠮᠡᠭᠴᠡ ᠨᠠᠮ ᠤᠨ ᠳᠣᠲᠣᠭᠠᠳᠤ ᠳᠤ ᠴᠢᠩᠭ᠎ᠠ | ᠰᠡᠷᠡᠮᠵᠢᠯᠡᠭᠦᠯᠬᠦ ᠰᠢᠢᠳᠬᠡᠯ ᠥᠭᠴᠡᠢ᠃ | ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠳᠤᠲᠠᠬᠳᠠᠯ ᠢ ᠨᠥᠬᠦᠪᠥᠷᠢᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠣᠯᠠᠨ ᠲᠦᠮᠡᠨ ᠤ ᠪᠠᠴᠢᠮᠳᠠᠵᠤ | ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠢᠯᠡᠷᠡᠭᠦᠯᠬᠦ ᠶᠢᠨ ᠬᠠᠮᠲᠤ ᠠᠬᠢᠭᠤᠯᠬᠤ ᠪᠠᠷ ᠬᠠᠷᠠᠯᠲᠠ | ᠪᠣᠯᠭᠠᠵᠤ᠂ ᠶᠡᠭᠡ ᠬᠢᠨᠠᠯᠲᠠ ᠶᠢ ᠪᠣᠳᠠᠲᠠᠶᠢᠵᠢᠭᠤᠯᠵᠤ᠂ ᠲᠣᠰᠬᠤᠨ ᠤ ᠬᠠᠮᠲᠤ ᠪᠣᠯᠤᠨ ᠠᠷᠠᠳ ᠣᠯᠠᠨ ᠤ ︽ | ᠵᠣᠭᠤᠰᠣᠨ ᠤᠭᠤᠲᠠ︾ ᠶᠢ ᠰᠠᠶᠢᠲᠤᠷ ᠰᠠᠬᠢᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ | ᠪᠠᠲᠤᠯᠠᠨ᠎ᠠ᠃ | |