1 ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠵᠢᠴᠢ ᠪᠥᠬᠦ ᠰᠢᠶᠠᠨ ᠤ ᠠᠵᠤ | ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠤᠨ ᠳᠠᠷᠠᠭ᠎ᠠ᠂ ᠶᠢᠨ ᠱᠠᠨ ᠠᠵᠤ ᠠᠬᠤᠢ ᠶᠢᠨ | ᠨᠡᠭᠡᠭᠡᠯᠲᠡ ᠶᠢᠨ ᠣᠷᠣᠨ᠂ ᠬᠡᠰᠡᠭ ᠰᠢᠶᠠᠨ ᠤ ᠰᠢᠭᠤᠳ ᠬᠠᠷᠢᠶ᠎ᠠ ᠨᠢᠭᠡᠴᠡ᠂ ᠭᠤᠣᠯᠳᠠᠯᠭ᠎ᠠ ᠲᠠᠢ ᠠᠵᠤ | ᠠᠬᠤᠶᠢᠯᠠᠯ ᠤᠨ ᠬᠠᠷᠢᠭᠤᠴᠠᠯᠭᠠᠲᠠᠨ ᠨᠠᠷ ᠭᠦᠶᠡᠩ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠲᠤᠰᠬᠠᠢ | ᠰᠤᠷᠪᠤᠯᠵᠢᠯᠠᠭ᠎ᠠ ᠶᠢ ᠬᠦᠯᠢᠶᠡᠪᠡ᠃ ᠲᠡᠳᠡ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠰᠢᠶᠠᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ | ᠪᠦᠭᠦᠳᠡ ᠬᠤᠷᠠᠯ ᠵᠢᠴᠢ ᠪᠥᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠣᠶᠢᠯᠠᠭᠠᠯᠲᠠ ᠪᠠᠨ ᠶᠠᠷᠢᠵᠤ᠂ ᠬᠥᠭᠵᠢᠯᠲᠡ ᠶᠢᠨ ᠲᠤᠬᠠᠢ | ᠶᠠᠷᠢᠯᠴᠠᠪᠠ᠃ | ᠲᠡᠳᠡᠨ ᠤ ᠶᠠᠭᠤ ᠭᠡᠵᠦ ᠶᠠᠷᠢᠬᠤ ᠶᠢ ᠪᠤᠰᠢᠭᠤ ᠰᠣᠨᠣᠰ — | ᠪᠤᠭᠤᠲᠤ ᠶᠢᠨ ᠵᠢᠨᠱᠠᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠣᠣ ᠵᠢᠶᠠᠨ ᠵᠢᠶᠦ᠋ᠨ ᠄ | ᠪᠤᠭᠤᠲᠤ ᠶᠢᠨ ᠵᠢᠨᠱᠠᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠪᠥᠬᠦ ᠰᠢᠶᠠᠨ ᠤ ᠠᠵᠤ | ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯ ᠬᠦᠴᠦᠨ᠂ ᠭᠤᠣᠯ ᠳᠠᠶᠢᠨ ᠤ ᠲᠠᠯᠠᠪᠤᠷ | ᠪᠣᠯᠤᠭᠰᠠᠨ ᠤ ᠬᠤᠪᠢ ᠳᠤ᠂ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ︽ᠰᠢᠨ᠎ᠡ︾ ᠳᠠᠰᠢ ︽ᠶᠠᠰᠤ ᠴᠢᠨᠠᠷ︾ ᠢ ᠳᠡᠭᠡᠭᠰᠢᠯᠡᠭᠦᠯᠵᠦ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠥᠷᠥᠯ ᠵᠦᠢᠯ ᠤᠨ ᠶᠠᠰᠤ ᠴᠢᠨᠠᠷ ᠢ | ᠲᠠᠰᠤᠷᠠᠯᠲᠠ ᠥᠬᠡᠶ ᠴᠢᠩᠭᠠᠷᠠᠭᠤᠯᠤᠨ᠂ ᠠᠵᠤ ᠦᠢᠯᠡᠰ ᠤᠨ ᠴᠢᠳᠠᠪᠤᠷᠢ ᠶᠢᠨ ᠳᠡᠰ ᠢ ᠳᠡᠭᠡᠭᠰᠢᠯᠡᠭᠦᠯᠵᠦ᠂ ︽ | ᠬᠠᠮᠢᠶᠠᠷᠤᠯᠲᠠ ᠶᠢᠨ ᠵᠥᠪᠯᠡᠯ ᠤᠨ ᠺᠣᠮᠫᠠᠨᠢ︾ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠠᠵᠢᠯ ᠢ ᠪᠦᠬᠦ | ᠬᠦᠴᠦᠨ ᠢᠶᠠᠷ ᠢᠶᠠᠨ ᠬᠡᠷᠡᠭᠵᠢᠭᠦᠯᠵᠦ᠂ ︽ᠴᠠᠭ ᠪᠢᠳᠡᠨ ᠢ ᠬᠦᠯᠢᠶᠡᠬᠦ ᠦᠭᠡᠢ᠂ ᠶᠠᠭ ᠴᠠᠭ ᠳᠠᠭᠠᠨ ᠳᠣᠭᠢᠷᠠᠬᠤ︾ | ᠡᠷᠡᠯᠬᠡᠭᠯᠡᠨ ᠤᠷᠤᠭᠰᠢᠯᠠᠬᠤ ᠣᠪᠣᠷ ᠢᠶᠠᠷ ︽ᠥᠨᠥᠳᠦᠷ ᠬᠡᠳᠦᠢ ᠣᠷᠣᠢ ᠪᠣᠯᠤᠭᠰᠠᠨ ᠴᠤ ᠡᠷᠲᠡ᠂ ᠮᠠᠷᠭᠠᠰᠢ ᠬᠡᠳᠦᠢ | ᠡᠷᠲᠡ ᠪᠣᠯᠤᠭᠰᠠᠨ ᠴᠤ ᠣᠷᠣᠢ︾ ᠭᠡᠬᠦ ᠠᠵᠢᠯ ᠤᠨ ᠣᠶᠢᠯᠠᠭᠠᠭᠳᠠᠬᠤᠨ ᠢᠶᠠᠷ ᠴᠢᠩᠭ᠎ᠠ ᠠᠳᠬᠤᠨ ᠪᠣᠳᠠᠲᠠᠢ | ᠠᠳᠬᠤᠵᠤ᠂ ᠲᠦᠷᠭᠡᠨ ᠪᠥᠭᠡᠳ ᠲᠦᠷᠭᠡᠨ ᠠᠵᠢᠯᠯᠠᠵᠤ᠂ ᠭᠦᠶᠡᠩ ᠤᠨ ᠠᠵᠤ ᠦᠢᠯᠡᠳᠪᠦᠷᠢ ᠶᠢᠨ ᠠᠵᠤ | ᠠᠬᠤᠢ ᠶᠢᠨ ᠲᠦᠷᠭᠡᠨ ᠢᠶᠠᠷ ᠳᠡᠭᠡᠭᠰᠢᠯᠡᠬᠦ ᠰᠢᠨ᠎ᠡ ᠬᠥᠳᠡᠯᠭᠡᠬᠦ ᠬᠦᠴᠦᠨ ᠢ ᠬᠥᠭᠵᠢᠭᠡᠵᠦ᠂ ︽ᠠᠵᠤ | ᠦᠢᠯᠡᠳᠪᠦᠷᠢ ᠶᠢᠨ ᠹᠦ᠋ ᠰᠢᠶᠠᠨ︾ ᠳᠤ ᠨᠡᠭᠡᠭᠡᠯᠲᠡ ᠶᠢᠨ ᠲᠣᠭᠤᠷᠢᠭ ᠤᠨ ᠬᠦᠴᠦᠨ ᠴᠢᠳᠠᠯ ᠢᠶᠠᠨ ᠡᠷᠭᠦᠬᠦ ᠪᠠᠷ | ᠴᠢᠷᠮᠠᠶᠢᠨ᠎ᠠ᠃ ᠪᠤᠭᠤᠲᠤ ᠶᠢᠨ ᠰᠦᠷ ᠵᠢᠪᠬᠤᠭ᠎ᠠ ᠶᠢ ᠳᠠᠬᠢᠨ ᠮᠠᠨᠳᠤᠭᠤᠯᠬᠤ ᠳᠤ ᠭᠦᠶᠡᠩ ᠤᠨ ᠬᠦᠴᠦᠨ ᠴᠢᠳᠠᠯ ᠢᠶᠠᠨ | ᠡᠷᠭᠦᠶ᠎ᠡ︕ | ᠭᠦᠶᠡᠩ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠡᠷᠬᠢᠯᠡᠭᠴᠢ ᠨᠢᠦ ᠪᠧᠨ ᠄ | ᠬᠤᠷᠠᠯ ᠳᠡᠭᠡᠷ᠎ᠡ ᠱᠦᠵᠢ ᠶᠣᠣ ᠵᠢᠶᠦ᠋ᠨ ᠵᠢᠶᠧ ᠶᠢᠨ ᠬᠢᠭᠰᠡᠨ ᠪᠦᠭᠦᠳᠡ ᠬᠤᠷᠠᠯ ᠤᠨ ᠮᠡᠳᠡᠭᠦᠯᠦᠯᠲᠡ ᠶᠢ ᠨᠠᠷᠢᠨ | ᠬᠢᠨᠠᠮᠠᠭᠠᠢ ᠰᠣᠨᠣᠰᠴᠤ᠂ ᠠᠭᠤᠯᠤᠭᠳᠠᠬᠤᠨ ᠡᠯᠪᠡᠭ ᠪᠠᠶᠠᠯᠢᠭ᠂ ᠬᠠᠷᠠᠯᠲᠠ ᠶᠢᠨ ᠴᠢᠭᠯᠡᠯ ᠣᠨᠣᠪᠴᠢᠲᠠᠢ᠂ | ᠭᠤᠣᠯᠳᠠᠯᠭ᠎ᠠ ᠲᠣᠪᠤᠶᠢᠮ᠎ᠠ ᠪᠠᠶᠢᠵᠤ᠂ ᠪᠢᠳᠡᠨ ᠤ ᠢᠲᠡᠭᠡᠯ ᠵᠣᠷᠢᠭ ᠢ ᠲᠦᠢᠯ ᠤᠨ ᠶᠡᠭᠡ ᠪᠠᠷ ᠬᠥᠭᠵᠢᠭᠡᠵᠦ᠂ ᠪᠥᠬᠦ | ᠰᠢᠶᠠᠨ ᠤ ᠢᠷᠡᠬᠦ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠠᠵᠢᠯ ᠳᠤ ᠴᠢᠭᠯᠡᠯ ᠵᠠᠮ ᠢ ᠲᠣᠳᠣᠷᠬᠠᠢ ᠵᠢᠭᠠᠵᠤ | ᠥᠭᠴᠡᠢ᠃ | ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠥᠬᠦ ᠰᠢᠶᠠᠨ ᠤ ᠴᠢᠬᠤᠯᠠ ᠠᠵᠤ ᠠᠬᠤᠢ ᠶᠢᠨ | ᠬᠥᠭᠵᠢᠯᠲᠡ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ | ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠲᠣᠭᠲᠠᠭᠤᠨ ᠤ | ᠳᠤᠮᠳᠠ ᠲᠦᠷᠭᠡᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ᠂ ︽ᠬᠤᠶᠠᠷ | ᠰᠢᠨ᠎ᠡ︾ ᠶᠢᠨ ᠤᠳᠤᠷᠢᠳᠤᠮᠵᠢ ᠶᠢ ᠲᠤᠪᠤᠶᠢᠯᠭᠠᠵᠦ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠲᠣᠪᠤᠶᠢᠯᠭᠠᠵᠤ᠂ | ᠠᠵᠤ ᠠᠬᠤᠢ ᠶᠢᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠪᠥᠬᠦ | ᠰᠢᠶᠠᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ᠂ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠭᠠᠪᠢᠶ᠎ᠠ | ᠵᠢᠳᠬᠦᠯ ᠤᠨ ᠢᠷᠠᠭᠤ ᠠᠯᠳᠠᠷ ᠲᠤ ᠪᠢ ᠪᠠᠶᠢᠬᠤ ᠪᠢᠰᠢ︾ ᠭᠡᠬᠦ ᠵᠣᠷᠢᠭ ᠰᠠᠨᠠᠭᠠᠨ ᠤ ᠠᠬᠤᠢ ᠪᠠᠶᠢᠳᠠᠯ ᠪᠣᠯᠤᠨ ︽ | ᠭᠠᠪᠢᠶ᠎ᠠ ᠵᠢᠳᠬᠦᠯ ᠤᠨ ᠦᠢᠯᠠ ᠠᠵᠢᠯᠯᠠᠭ᠎ᠠ ᠳᠤ ᠯᠠᠪᠲᠠᠢ ᠪᠢ ᠪᠠᠶᠢᠬᠤ︾ ᠬᠠᠷᠢᠭᠤᠴᠠᠯᠭ᠎ᠠ ᠡᠭᠦᠷᠭᠡᠯᠡᠯ ᠢᠶᠠᠷ ︽ | ᠪᠤᠭᠤᠲᠤ ᠳᠤ ᠬᠠᠶᠢᠷ᠎ᠠ ᠪᠠᠨ ᠡᠷᠭᠦᠵᠤ ᠬᠥᠭᠵᠢᠯᠲᠡ ᠶᠢ ᠡᠷᠢᠯᠬᠢᠯᠡᠬᠦ︾ ᠶᠢ ᠦᠢᠯᠡᠳᠦᠯᠭᠡᠵᠢᠭᠦᠯᠵᠦ᠂ ᠪᠥᠬᠦ ᠰᠢᠶᠠᠨ ᠤ | ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠪᠣᠯᠬᠤ ᠪᠠᠷ ᠴᠢᠷᠮᠠᠶᠢᠵᠤ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠬᠦᠴᠦᠨ ᠴᠢᠳᠠᠯ ᠢᠶᠠᠨ ᠡᠷᠭᠦᠨ᠎ᠡ᠃ | ᠭᠦᠶᠡᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠵᠢᠶᠠ ᠵᠢᠶᠠ ᠄ | ᠪᠦᠭᠦᠳᠡ ᠬᠤᠷᠠᠯ ᠤᠨ ᠢᠯᠡᠳᠬᠡᠯ ᠳᠤ ᠪᠢᠳᠡᠨ ᠳᠤ ᠡᠨᠡ ᠵᠢᠯ ᠤᠨ ᠠᠵᠢᠯ ᠤᠨ ᠴᠢᠭᠯᠡᠯ ᠢ ᠤᠯᠠᠮ ᠲᠣᠳᠣᠷᠬᠠᠢ | ᠵᠢᠭᠠᠵᠤ ᠥᠭᠴᠡᠢ᠂ ᠪᠢᠳᠡ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ | ᠪᠠᠲᠤᠯᠠᠬᠤ᠂ ᠬᠥᠭᠵᠢᠯᠲᠡ ᠶᠢ ᠠᠬᠢᠭᠤᠯᠬᠤ︾ ᠠᠵᠢᠯ ᠤᠨ ᠭᠤᠣᠯ ᠱᠤᠭᠤᠮ ᠤᠨ ᠲᠣᠭᠤᠷᠢᠨ ᠳᠤ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠠᠷᠭ᠎ᠠ ᠪᠦᠬᠦᠨ ᠢ | ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ | ᠪᠦᠭᠦᠳᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ | ᠭᠡᠪᠡ᠃ ᠨᠢᠭᠡ ᠳᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠵᠤ᠂ ᠠᠳᠠᠯ | ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ | ᠪᠠᠳᠠᠷᠠᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ | ᠠᠳᠠᠯ ᠦᠢᠯᠡᠰ ᠴᠣᠭᠴᠠᠯᠠᠬᠤ ᠠᠷᠭ᠎ᠠ ᠵᠠᠮ ᠢ ᠪᠠᠭᠤᠷᠠᠭᠤᠯᠵᠤ᠂ ᠨᠢᠭᠡ ᠥᠷᠲᠡᠭᠡ ᠮᠠᠶ᠋ᠢᠭ ᠤᠨ ᠠᠳᠠᠯ ᠦᠢᠯᠡᠰ | ᠴᠣᠭᠴᠠᠯᠠᠬᠤ ᠦᠢᠯᠡᠴᠢᠯᠡᠭᠡ ᠬᠠᠩᠭᠠᠵᠤ᠂ ᠠᠩᠬ᠎ᠠ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠲᠥᠷᠥ ᠶᠢᠨ | ᠪᠣᠳᠣᠯᠭ᠎ᠠ ᠪᠠ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠠᠶᠢᠴᠢᠯᠠᠬᠤ ᠶᠢᠨ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︽ | ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠵᠢᠯ ᠣᠯᠭᠤᠯᠲᠠ ᠶᠢ ᠠᠬᠢᠭᠤᠯᠬᠤ︾ ᠠᠵᠢᠯᠯᠠᠭ᠎ᠠ ᠶᠢ ᠪᠦᠬᠦ | ᠲᠠᠯ᠎ᠠ ᠪᠠᠷ ᠥᠷᠨᠢᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠰᠬᠠᠢ ᠲᠤᠰᠢᠶᠠᠯᠲᠠᠨ ᠤ ᠦᠢᠯᠡᠳᠦᠯ ᠢ | ᠭᠦᠢᠴᠡᠳ ᠪᠠᠳᠠᠷᠠᠭᠤᠯᠤᠨ᠂ ︽ᠴᠡᠭ ᠠᠴᠠ ᠴᠡᠭ ᠲᠤ ᠬᠥᠷᠬᠦ︾ ︽ᠨᠢᠭᠤᠷᠳᠠᠬᠤ︾ ᠨᠠᠷᠢᠯᠢᠭ ᠣᠨᠣᠴᠠᠲᠠᠢ ᠪᠠᠷ | ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃ ᠬᠤᠶᠠᠷ ᠲᠤ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠢᠶᠠᠨ ᠤ ᠬᠡᠪᠴᠢᠶᠡᠨ ᠤ ᠠᠵᠤ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠪᠠᠷ ᠤᠳᠤᠷᠢᠳᠤᠮᠵᠢ ᠪᠣᠯᠭᠠᠵᠤ᠂ ᠴᠢᠬᠤᠯᠠ ᠶᠡᠭᠡ ᠲᠥᠷᠥᠯ ᠵᠦᠢᠯ᠂ | ᠰᠢᠨ᠎ᠡ ᠪᠠᠷ ᠨᠠᠶᠢᠳᠠᠪᠤᠷᠢᠵᠢᠭᠤᠯᠤᠭᠳᠠᠭᠰᠠᠨ ᠠᠵᠤ ᠠᠬᠤᠶᠢᠯᠠᠯ ᠪᠣᠯᠤᠨ ᠭᠤᠣᠯᠳᠠᠯᠭ᠎ᠠ ᠲᠠᠢ ᠠᠵᠤ ᠦᠢᠯᠡᠰ ᠤᠨ ᠪᠠᠴᠢᠮ | ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠠᠵᠢᠯ ᠤᠨ ᠲᠣᠭᠤᠷᠢᠨ ᠳᠤ᠂ ᠠᠵᠤ ᠠᠬᠤᠶᠢᠯᠠᠯ᠂ ᠶᠡᠭᠡ | ᠳᠡᠭᠡᠳᠦ ᠰᠤᠷᠭᠠᠭᠤᠯᠢ᠂ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ | ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠥᠲᠥᠯᠥᠨ ᠵᠢᠯᠣᠭᠤᠳᠴᠤ ᠳᠡᠮᠵᠢᠵᠦ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠱᠠᠲᠤ ᠲᠥᠷᠥᠯ ᠬᠤᠪᠢᠶᠠᠨ ᠥᠷᠨᠢᠭᠦᠯᠵᠦ᠂ ᠬᠥᠳᠡᠯᠮᠦᠷᠢᠴᠢᠳ ᠤᠨ ᠠᠵᠢᠯ | ᠣᠯᠵᠤ ᠳᠡᠶᠢᠯᠬᠦ᠂ ᠠᠵᠢᠯ ᠣᠯᠭᠤᠬᠤ ᠳᠤ ᠠᠮᠠᠷᠬᠠᠨ᠂ ᠠᠵᠢᠯ ᠣᠯᠭᠤᠵᠤ ᠴᠢᠳᠠᠬᠤ ᠪᠣᠯᠭᠠᠨ᠎ᠠ᠃ ᠭᠤᠷᠪᠠ ᠳᠤ᠂ | ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ ᠪᠣᠳᠠᠲᠤ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠢ᠃ ︽ᠠᠵᠢᠯ | ᠣᠯᠬᠤ︾ ᠴᠤᠤᠷᠢᠶᠠᠲᠤᠨ ᠨᠡᠪᠲᠡᠷᠡᠭᠦᠯᠬᠦ ᠲᠥᠷᠥᠯ ᠲᠡᠮᠳᠡᠭᠲᠦ ᠶᠢᠨ ᠤᠯᠠᠮᠵᠢᠯᠠᠨ ᠲᠠᠷᠬᠠᠭᠠᠬᠤ ᠬᠦᠴᠦᠨ ᠢ | ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠲᠤ ᠴᠢᠭᠯᠡᠭᠦᠯᠦᠨ᠂ ᠬᠠᠨᠳᠤᠯᠭᠠᠲᠤ ᠴᠢᠨᠠᠷᠲᠠᠢ | ᠠᠵᠢᠯ ᠣᠯᠭᠤᠬᠤ ᠵᠢᠯᠣᠭᠤᠳᠣᠯᠭ᠎ᠠ᠂ ᠠᠵᠢᠯ ᠤᠨ ᠪᠠᠶᠢᠷᠢ ᠲᠠᠨᠢᠯᠴᠠᠭᠤᠯᠬᠤ᠂ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠬᠢᠬᠦ ᠵᠡᠷᠭᠡ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ᠲᠡᠳᠡᠨ ᠢ ᠬᠠᠪᠰᠤᠷᠤᠨ ᠠᠵᠢᠯ | ᠣᠯᠭᠤᠵᠤ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠦᠨ᠎ᠡ᠃ ᠠᠵᠢᠯ ᠣᠯᠭᠤᠯᠲᠠ ᠶᠢᠨ ᠲᠤᠰᠠᠯᠠᠮᠵᠢ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠣᠯᠬᠤ ᠳᠤ ᠬᠦᠴᠢᠷᠲᠡᠢ ᠬᠥᠮᠦᠰ ᠲᠤ ᠦᠨᠳᠦᠰᠦᠨ ᠵᠦᠢᠯ ᠢ | ᠪᠠᠲᠤᠯᠠᠵᠤ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠨᠢᠭᠡ ᠴᠦ ᠠᠵᠢᠯ ᠣᠯᠤᠭᠰᠠᠨ ᠦᠭᠡᠢ ᠭᠡᠷ ᠪᠦᠯᠢ ᠶᠢ | ᠬᠥᠳᠡᠯᠦᠩᠭᠦᠢ ᠪᠠᠷ ᠦᠭᠡᠶᠢᠰᠬᠡᠬᠦ ᠶᠢ ᠦᠨᠡᠨᠬᠦ ᠪᠠᠲᠤᠯᠠᠨ᠎ᠠ᠃ | ᠥᠪᠥᠷ ᠮᠣᠩᠭᠤᠯ ᠤᠨ ᠯᠦᠩ ᠵᠢᠦᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠤᠤ ᠰᠢᠶᠦ᠋ᠨ ᠮᠧᠢ᠄ | ᠮᠠᠨ ᠤ ᠺᠣᠮᠫᠠᠨᠢ ᠮᠠᠨ ᠤ ᠰᠢᠶᠠᠨ ᠤ 2025 ᠣᠨ ᠤ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠳᠠᠭᠠᠵᠤ᠂ | ᠬᠤᠨᠴᠢᠷ ᠤᠨ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠮᠠᠯ ᠤᠨ | ᠦᠵᠦᠭᠦᠷ ᠲᠤ ᠴᠢᠨᠠᠷ ᠰᠠᠶᠢᠲᠠᠢ ᠣᠷᠭᠠᠨᠢᠭ ᠬᠤᠨᠴᠢᠷ ᠲᠠᠷᠢᠬᠤ ᠲᠠᠯᠠᠪᠠᠢ ᠶᠢ ᠥᠷᠭᠡᠳᠬᠡᠵᠦ᠂ ᠣᠶᠤᠨᠴᠢ ᠤᠰᠤᠯᠠᠯᠲᠠ | ᠪᠠ ᠪᠠᠶᠢᠴᠠᠭᠠᠨ ᠰᠢᠯᠭᠠᠬᠤ ᠰᠢᠰᠲ᠋ᠧᠮ ᠢ ᠣᠷᠣᠭᠤᠯᠤᠨ ᠠᠪᠴᠢᠷᠠᠵᠤ᠂ ᠶᠠᠰᠤ ᠴᠢᠨᠠᠷ ᠪᠠ ᠤᠨᠠᠯᠲᠠ ᠶᠢ | ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠠᠯ᠎ᠠ ᠪᠠᠷ᠂ ᠬᠤᠨᠴᠢᠷ ᠪᠠᠭ᠎ᠠ ᠬᠦᠷᠢᠶᠡᠯᠡᠩ ᠪᠣᠯᠤᠨ | ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ | ᠬᠤᠨᠴᠢᠷ ᠤᠨ ᠬᠡᠷᠡᠭᠯᠡᠭᠡᠨ ᠤ ᠦᠨ᠎ᠡ ᠥᠷᠲᠡᠭ ᠪᠣᠯᠤᠨ ᠬᠡᠷᠡᠭᠯᠡᠭᠡᠨ ᠤ ᠪᠠᠶᠢᠳᠠᠯ ᠢ ᠭᠦᠨᠵᠡᠭᠡᠶᠢᠷᠡᠭᠦᠯᠵᠦ᠂ ᠥᠨᠳᠥᠷ | ᠨᠡᠮᠡᠯᠲᠡ ᠥᠷᠲᠡᠭ ᠪᠦᠬᠦᠢ ᠦᠢᠯᠡᠳᠬᠦᠨ ᠢ ᠨᠡᠭᠡᠭᠡᠨ ᠬᠥᠭᠵᠢᠭᠦᠯᠵᠦ᠂ ᠮᠠᠨ ᠤ ᠰᠢᠶᠠᠨ ᠤ ᠪᠤᠰᠤᠳ ᠴᠢᠨᠠᠷ ᠰᠠᠶᠢᠲᠠᠢ | ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠲᠠᠢ ᠤᠶᠠᠯᠳᠤᠭᠤᠯᠵᠤ᠂ ᠭᠦᠶᠡᠩ ᠤᠨ ᠬᠤᠨᠢᠨ | ᠮᠢᠬ᠎ᠠ ᠪᠣᠯᠤᠨ ᠬᠤᠨᠴᠢᠷ ᠲᠠᠢ ᠪᠡᠶ᠎ᠡ ᠰᠤᠪᠢᠯᠠᠬᠤ ᠱᠥᠯᠥ᠂ ᠭᠦᠶᠡᠩ ᠤᠨ ᠨᠣᠬᠠᠢ ᠶᠢᠨ ᠬᠤᠰᠢᠭᠤ ᠶᠢᠨ ᠪᠡᠶ᠎ᠡ | ᠰᠤᠪᠢᠯᠠᠬᠤ ᠰᠢᠩᠭᠡᠨ ᠪᠤᠳᠠᠭ᠎ᠠ ᠵᠡᠷᠭᠡ ᠶᠢ ᠵᠠᠯᠭᠠᠭ᠎ᠠ ᠪᠠᠷ ᠭᠠᠷᠭᠠᠭᠰᠠᠨ ᠪᠠᠶᠢᠨ᠎ᠠ᠃ ᠡᠷᠡᠭᠦᠯ ᠮᠡᠨᠳᠦ ᠶᠢᠨ ᠲᠤᠮᠦ ᠠᠵᠤ | ᠦᠢᠯᠡᠰ ᠢ ᠳᠠᠭᠠᠵᠤ ᠪᠡᠶ᠎ᠡ ᠰᠤᠪᠢᠯᠠᠬᠤ ᠪᠠ ᠬᠤᠭᠤᠯᠠ ᠢᠳᠡᠬᠦ ᠶᠢ ᠠᠳᠠᠯᠢᠬᠠᠨ ᠳᠥᠭᠦᠮ᠃ ᠪᠣᠷᠣᠯᠠᠭᠤᠯᠭ᠎ᠠ ᠶᠢ | ᠥᠷᠭᠡᠳᠬᠡᠬᠦ ᠲᠠᠯ᠎ᠠ ᠪᠠᠷ᠂ ᠪᠢᠳᠡ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠵᠡᠷᠭᠡ ᠠᠵᠢᠯᠯᠠᠭ᠎ᠠ ᠳᠤ | ᠣᠷᠣᠯᠴᠠᠬᠤ ᠪᠠᠷ ᠳᠠᠮᠵᠢᠨ᠂ ᠭᠦᠶᠡᠩ ᠰᠢᠶᠠᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠳᠡᠮᠳᠡᠭ | ᠂ ᠯᠦᠩ ᠵᠢᠦᠢ ᠬᠤᠨᠴᠢᠷ ᠤᠨ ᠨᠡᠷᠡᠲᠦ ᠲᠡᠮᠳᠡᠭ ᠵᠡᠷᠭᠡ ᠠᠯᠳᠠᠷᠰᠢᠯ ᠢ ᠳᠡᠭᠡᠭᠰᠢᠯᠡᠭᠦᠯᠵᠦ᠂ ᠬᠤᠨᠴᠢᠷ ᠤᠨ ᠠᠵᠤ | ᠦᠢᠯᠡᠰ ᠤᠨ ᠠᠵᠤ ᠠᠬᠤᠶᠢᠯᠠᠯ ᠤᠨ ᠠᠵᠤ ᠠᠬᠤᠶᠢᠯᠠᠯ ᠢ ᠡᠭᠦᠳᠴᠦ᠂ ᠬᠤᠨᠴᠢᠷ ᠤᠨ ᠠᠵᠤ ᠦᠢᠯᠡᠰ ᠤᠨ | ᠣᠳᠣᠬᠢᠴᠢᠯᠠᠯᠲᠠ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠪᠠ᠃ | |