ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/1/7
ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ︵2025 ᠣᠨ ᠤ 1 ᠰᠠᠷ᠎ᠠ ᠶᠢᠨ 4 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠠᠴᠠ ᠪᠠᠲᠤᠯᠠᠪᠠᠬᠤᠷᠠᠯ ᠤᠨ ᠴᠠᠭ    ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠵᠢᠴᠢ ᠪᠥᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠢ 2025 ᠣᠨ ᠤ 1 ᠰᠠᠷ᠎ᠠ ᠶᠢᠨ 4 ᠤ ᠡᠳᠦᠷ ᠬᠤᠷᠠᠯᠳᠤᠭᠤᠯᠪᠠ᠃ᠬᠤᠷᠠᠯ ᠳᠤ ᠣᠷᠣᠯᠴᠠᠭᠴᠢ    ᠡᠨᠡ ᠤᠳᠠᠭᠠᠨ ᠤ ᠪᠦᠭᠦᠳᠡ ᠬᠤᠷᠠᠯ ᠳᠤ ᠰᠢᠶᠠᠨ ᠤ ᠨᠠᠮ ᠤᠨ ᠬᠤᠷᠢᠶᠠᠨ ᠤ ᠭᠡᠰᠢᠭᠦᠨ 21 ᠬᠥᠮᠦᠨ᠂ ᠣᠷᠣᠯᠠᠭᠴᠢ ᠭᠡᠰᠢᠭᠦᠨ 5 ᠬᠥᠮᠦᠨ ᠣᠷᠣᠯᠴᠠᠪᠠ᠃ ᠰᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ᠂ ᠬᠡᠰᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠬᠡᠰᠡᠭ ᠪᠤᠭᠤᠲᠤ ᠬᠤᠲᠠ᠂ ᠭᠦᠶᠡᠩ ᠰᠢᠶᠠᠨ ᠤ ᠨᠠᠮ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃    ᠬᠤᠷᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠾᠧᠦ ᠶᠥᠩ ᠹᠧᠩ ᠲᠤᠰ ᠲᠤᠰ ᠶᠠᠷᠢᠶ᠎ᠠ ᠲᠠᠯᠪᠢᠪᠠ᠃    1 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠣᠣ ᠵᠢᠶᠦ᠋ᠨ ᠵᠢᠶᠧ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ᠬᠤᠷᠠᠯ ᠤᠨ ᠠᠭᠤᠯᠭ᠎ᠠ    1 ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠤᠨ ᠲᠠᠯᠠᠪᠠᠢ    ᠪᠦᠭᠦᠳᠡ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠲᠤᠬᠠᠢ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃    ᠪᠦᠭᠦᠳᠡ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠢᠭᠡ ᠵᠢᠯ ᠤᠨ ᠲᠤᠷᠰᠢᠬᠢ ᠠᠵᠢᠯ ᠢ ᠭᠦᠢᠴᠡᠳ ᠨᠤᠲᠠᠯᠠᠪᠠ᠃ ᠥᠩᠭᠡᠷᠡᠭᠰᠡᠨ ᠨᠢᠭᠡ ᠵᠢᠯ ᠳᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ  ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠭᠦᠶᠡᠩ ᠤᠨ ᠪᠣᠳᠠᠲᠠᠢ ᠲᠠᠢ ᠤᠶᠠᠯᠳᠤᠭᠤᠯᠤᠨ ᠡᠯ᠎ᠡ ᠲᠠᠯ᠎ᠠ ᠶᠢᠨ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠠᠳᠬᠤᠬᠤ ᠪᠠᠷ ᠳᠠᠮᠵᠢᠨ᠂ ᠭᠤᠣᠯ ᠱᠤᠭᠤᠮ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠪᠠ᠃ ᠮᠡᠳᠡᠬᠦᠢ ᠬᠢᠬᠦᠢ ᠪᠠᠨ ᠨᠢᠭᠡᠳᠬᠡᠨ ᠴᠢᠳᠠᠪᠤᠷᠢ ᠪᠠᠨ ᠳᠡᠭᠡᠭᠰᠢᠯᠡᠭᠦᠯᠵᠦ᠂ ᠣᠨᠣᠯ ᠤᠨ ᠰᠤᠷᠤᠯᠴᠠᠯᠭ᠎ᠠ ᠶᠢ ᠰᠢᠨ᠎ᠡ ᠦᠨᠳᠦᠷᠴᠡ ᠳᠤ ᠬᠦᠷᠭᠡᠨ᠎ᠡ᠃ ᠬᠥᠳᠡᠭᠡ ᠠᠵᠤ ᠠᠬᠤᠢ ᠶᠢ ᠲᠣᠭᠲᠠᠪᠤᠷᠢᠵᠢᠭᠤᠯᠵᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠰᠢᠨ᠎ᠡ ᠳᠡᠭᠲᠡᠷ ᠲᠤ ᠭᠠᠷᠭᠠᠪᠠ᠃ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠵᠤ ᠵᠢᠳᠬᠦᠯ ᠴᠢᠷᠮᠠᠶᠢᠯᠭ᠎ᠠ ᠭᠠᠷᠭᠠᠵᠤ᠂ ᠥᠭᠡᠷᠡᠴᠢᠯᠡᠯᠲᠡ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠪᠣᠬᠢᠷᠲᠤᠯ ᠦᠭᠡᠢ ᠬᠥᠭᠵᠢᠯᠲᠡ ᠶᠢᠨ ᠠᠭᠤᠯᠤᠭᠳᠠᠬᠤᠨ ᠢ ᠴᠢᠩᠭᠠᠳᠬᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠰᠢᠨ᠎ᠡ ᠠᠯᠬᠤᠮ ᠢ ᠠᠯᠬᠤᠪᠠ᠃ ᠦᠢᠯᠡᠴᠢᠯᠡᠭᠡ ᠪᠠᠨ ᠰᠢᠯᠢᠳᠡᠭᠵᠢᠭᠦᠯᠦᠨ ᠬᠥᠳᠡᠯᠭᠡᠬᠦ ᠬᠦᠴᠦᠨ ᠨᠡᠮᠡᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠰᠢᠨ᠎ᠡ ᠳᠡᠭᠡᠭᠰᠢᠯᠡᠯᠲᠡ ᠲᠠᠢ ᠪᠣᠯᠪᠠ᠃ ᠠᠷᠠᠳ ᠣᠯᠠᠨ ᠲᠠᠢ ᠰᠡᠳᠬᠢᠯ ᠵᠢᠷᠦᠬᠡ ᠪᠠᠨ ᠬᠤᠯᠪᠣᠵᠤ ᠪᠣᠳᠠᠲᠠᠢ ᠶᠠᠪᠤᠳᠠᠯ ᠬᠢᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠰᠢᠨ᠎ᠡ ᠲᠦᠪᠰᠢᠨ ᠳᠤ ᠬᠦᠷᠪᠡ᠃ ᠠᠮᠤᠷ ᠲᠦᠪᠰᠢᠨ ᠢᠶᠠᠷ ᠬᠥᠭᠵᠢᠭᠦᠯᠬᠦ ᠲᠠᠯ᠎ᠠ ᠪᠠᠷ ᠬᠤᠶᠠᠷ ᠲᠠᠯ᠎ᠠ ᠪᠠᠷ ᠠᠳᠬᠤᠵᠤ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠪᠠ᠃ ᠠᠷᠠᠳᠴᠢᠯᠠᠯ ᠪᠠ ᠬᠠᠤᠯᠢ ᠪᠠᠷ ᠵᠠᠰᠠᠬᠤ ᠶᠢ ᠵᠡᠷᠭᠡᠪᠡᠷ ᠬᠦᠴᠦᠯᠡᠵᠦ᠂ ᠲᠥᠪ ᠭᠤᠣᠯᠴᠢ ᠰᠢᠳᠤᠷᠭᠤ ᠶᠣᠰᠣᠨ ᠤ ᠰᠢᠨ᠎ᠡ ᠪᠠᠶᠢᠳᠠᠯ ᠢ ᠡᠭᠦᠳᠦᠨ᠎ᠡ᠃ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠢ ᠰᠤᠯᠠᠷᠠᠭᠤᠯᠤᠯ ᠦᠭᠡᠢ ᠠᠳᠬᠤᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠪᠠ᠃    ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠴᠦᠰ ᠤᠨ ᠵᠢᠯ ᠪᠣᠯᠤᠨ᠎ᠠ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠪᠠᠶᠢᠷᠢᠯᠠᠭᠤᠯᠬᠤ ᠵᠢᠯ ᠪᠣᠯᠤᠨ᠎ᠠ᠂ ᠡᠯ᠎ᠡ ᠵᠦᠢᠯ ᠤᠨ ᠠᠵᠢᠯ ᠢ ᠰᠠᠶᠢᠲᠤᠷ ᠲᠥᠯᠥᠪᠵᠢᠭᠦᠯᠬᠦ ᠨᠢ ᠲᠦᠢᠯ ᠤᠨ ᠴᠢᠬᠤᠯᠠ ᠶᠤᠮ᠃ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠦᠨ ᠠᠷᠭ᠎ᠠ ᠰᠥᠪᠡᠭᠴᠢᠯᠡᠯᠲᠡ ᠶᠢ ᠠᠳᠬᠤᠵᠤ᠂ ᠲᠥᠷᠥ ᠶᠢᠨ ᠪᠣᠳᠣᠯᠭ᠎ᠠ ᠶᠢ ᠲᠣᠳᠣᠷᠬᠠᠢ ᠪᠣᠯᠭᠠᠨ ᠠᠷᠭ᠎ᠠ ᠪᠣᠳᠣᠯᠭ᠎ᠠ ᠶᠢ ᠠᠳᠬᠤᠵᠤ᠂ ᠬᠠᠨᠳᠤᠰᠢ ᠳᠤ ᠵᠣᠬᠢᠴᠠᠭᠤᠯᠤᠨ ᠠᠷᠭ᠎ᠠ ᠪᠣᠳᠣᠯᠭ᠎ᠠ ᠶᠢ ᠠᠳᠬᠤᠵᠤ᠂ ᠳᠠᠪᠠᠭᠤᠯᠢᠭ ᠲᠠᠭᠠᠨ ᠰᠠᠭᠤᠷᠢᠯᠠᠨ ᠠᠷᠭ᠎ᠠ ᠪᠣᠳᠣᠯᠭ᠎ᠠ ᠶᠢ ᠠᠳᠬᠤᠵᠤ᠂ ᠳᠤᠲᠠᠬᠳᠠᠯ ᠢᠶᠠᠨ ᠨᠥᠬᠦᠪᠥᠷᠢᠯᠡᠵᠦ ᠠᠷᠭ᠎ᠠ ᠪᠣᠳᠣᠯᠭ᠎ᠠ ᠶᠢ ᠠᠳᠬᠤᠵᠤ᠂ ᠪᠦᠬᠦ ᠬᠤᠲᠠ ᠶᠢᠨ ︽35N︾ ᠭᠤᠣᠯᠳᠠᠯᠭ᠎ᠠ ᠲᠠᠢ ᠠᠵᠤ ᠦᠢᠯᠡᠰ ᠤᠨ ᠰᠦᠷᠦᠭᠵᠢᠯ᠂ ︽ᠭᠤᠷᠪᠠᠨ ᠥᠨᠳᠦᠷᠯᠢᠭ︾ ᠤᠨ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠳᠠᠯᠳᠠ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ᠂ ᠶᠡᠷᠦᠩᠬᠡᠶᠢᠯᠡᠭᠰᠡᠨ ᠰᠢᠶᠠᠨ ᠤ ᠬᠡᠪᠴᠢᠶᠡᠨ ᠤ ᠲᠥᠷᠥᠯ ᠤᠨ ᠬᠤᠰᠢᠭᠤ ᠰᠢᠶᠠᠨ ᠲᠣᠭᠤᠷᠢᠭ ᠤᠨ ᠳᠤᠮᠳᠠ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠲᠡᠷᠢᠭᠦᠨ ᠤ ᠬᠢ ᠶᠢ ᠴᠢᠷᠮᠠᠶᠢᠨ ᠡᠭᠦᠳᠬᠦ ᠬᠡᠷᠡᠭᠲᠡᠢ ᠬᠡᠪᠠ᠃    ᠬᠤᠷᠠᠯ ᠠᠴᠠ᠂ ᠡᠨᠡ ᠵᠢᠯ ᠤᠨ ᠪᠥᠬᠦ ᠰᠢᠶᠠᠨ ᠤ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢᠶᠠᠷ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠲᠤᠪᠤᠶᠢᠯᠭᠠᠵᠤ᠂ ︽ᠴᠠᠭ ᠲᠤᠬᠠᠢ ᠳᠤᠨᠢ᠂ ᠪᠣᠳᠠᠲᠠᠢ ᠶᠢ ᠡᠷᠬᠢᠮᠯᠡᠬᠦ᠂ ᠪᠣᠳᠠᠲᠠᠶᠢᠵᠢᠭᠤᠯᠬᠤ︾ ᠠᠵᠢᠯ ᠤᠨ ᠰᠤᠷᠲᠠᠯ ᠢ ᠪᠠᠷᠢᠮᠲᠠᠯᠠᠵᠤ᠂ ︽ᠴᠠᠭ ᠲᠤᠬᠠᠢ ᠳᠤ ᠨᠢ᠂ ᠪᠣᠳᠠᠲᠠᠢ ᠶᠢ ᠡᠷᠬᠢᠮᠯᠡᠬᠦ᠂ ᠰᠢᠨ᠎ᠡ ᠶᠢ ᠡᠭᠦᠳᠬᠦ︾ ᠠᠵᠢᠯ ᠤᠨ ᠣᠪᠣᠷ ᠢ ᠪᠠᠷᠢᠮᠲᠠᠯᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠬᠥᠭᠵᠢᠭᠡᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠥᠨᠳᠥᠷ ᠲᠦᠪᠰᠢᠨ ᠪᠦᠬᠦᠢ ᠲᠥᠷᠥᠯ ᠵᠦᠢᠯ ᠢᠶᠠᠷ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ᠴᠢᠨᠠᠷ ᠰᠠᠶᠢᠲᠠᠢ ᠠᠮᠢᠳᠤᠷᠠᠯ ᠢᠶᠠᠷ ᠠᠷᠠᠳ ᠤᠨ ᠠᠮᠢᠳᠤᠷᠠᠯ ᠤᠨ ᠵᠢᠷᠭᠠᠯ ᠢ ᠨᠡᠮᠡᠭᠳᠡᠭᠦᠯᠵᠦ᠂ ᠥᠨᠳᠥᠷ ᠪᠦᠲᠦᠮᠵᠢᠲᠡᠢ ᠵᠠᠰᠠᠯᠲᠠ ᠪᠠᠷ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠪᠤᠭᠤᠲᠤ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠵᠤ ᠠᠬᠤᠢ ᠶᠢᠨ ᠨᠡᠮᠡᠭᠳᠡᠯ ᠤᠨ ᠲᠦᠢᠯ ᠢ ᠪᠦᠬᠦ ᠬᠦᠴᠦᠨ ᠢᠶᠠᠷ ᠢᠶᠠᠨ ᠪᠢᠴᠢᠭᠯᠡᠵᠦ᠂ ᠰᠢᠨ᠎ᠡ ᠴᠠᠭ ᠦᠶ᠎ᠡ ᠶᠢᠨ ᠭᠦᠶᠡᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃    ᠪᠦᠭᠦᠳᠡ ᠬᠤᠷᠠᠯ ᠠᠴᠠ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠪᠠᠨ ᠲᠣᠭᠲᠠᠭᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠪᠠᠷ ᠠᠷᠪᠠᠨ ᠲᠠᠯ᠎ᠠ ᠶᠢᠨ ᠲᠣᠭᠤᠷᠢᠨ ᠳᠤ ᠪᠦᠬᠦ ᠬᠦᠴᠦᠨ ᠢᠶᠠᠷ ᠢᠶᠠᠨ ᠲᠡᠷᠢᠭᠦᠨ ᠳᠤ ᠣᠷᠣᠬᠤ ᠪᠠᠷ ᠲᠡᠮᠡᠴᠡᠬᠦ ᠬᠡᠷᠡᠭᠲᠡᠢ᠃ ᠨᠢᠭᠡ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠲᠥᠷᠥᠯ ᠵᠦᠢᠯ ᠢ ᠰᠠᠶᠢᠲᠤᠷ ᠲᠥᠯᠥᠪᠵᠢᠭᠦᠯᠵᠦ᠂ ᠲᠥᠷᠥᠯ ᠵᠦᠢᠯ ᠢ ᠰᠠᠶᠢᠲᠤᠷ ᠣᠷᠣᠭᠤᠯᠤᠨ ᠠᠪᠴᠢᠷᠠᠵᠤ᠂ ᠲᠥᠷᠥᠯ ᠵᠦᠢᠯ ᠢ ᠰᠠᠶᠢᠲᠤᠷ ᠪᠦᠲᠦᠭᠡᠨ ᠪᠠᠶᠢᠭᠤᠯᠬᠤ ᠪᠠᠷ ᠳᠠᠮᠵᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ ᠬᠡᠷᠡᠭᠲᠡᠢ᠃ ᠬᠤᠶᠠᠷ ᠲᠤ᠂ ᠳᠡᠰ ᠳᠡᠪᠰᠢᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ ᠤᠷᠤᠯᠳᠤᠭᠠᠨ ᠤ ᠵᠠᠮ ᠢ ᠥᠷᠭᠡᠳᠬᠡᠬᠦ᠂ ︽ᠳᠥᠷᠪᠡᠨ ᠲᠠᠯ᠎ᠠ︾ ᠶᠢᠨ ᠠᠵᠤ ᠠᠬᠤᠶᠢᠯᠠᠯ ᠢ ᠪᠤᠵᠠᠭᠠᠶᠢᠷᠠᠭᠤᠯᠬᠤ ᠪᠠᠷ ᠳᠠᠮᠵᠢᠭᠤᠯᠵᠤ᠂ ᠳᠠᠪᠠᠭᠤᠯᠢᠭ ᠠᠵᠤ ᠦᠢᠯᠡᠰ ᠢ ᠬᠦᠴᠦᠷᠬᠡᠭᠵᠢᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ ᠬᠡᠷᠡᠭᠲᠡᠢ᠃ ᠭᠤᠷᠪᠠ ᠳᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠢ ᠪᠤᠵᠠᠭᠠᠶᠢᠷᠠᠭᠤᠯᠬᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠦᠷᠭᠦᠯᠵᠢᠯᠡᠨ ᠪᠦᠲᠦᠭᠡᠨ ᠪᠠᠶᠢᠭᠤᠯᠬᠤ ᠪᠠᠷ ᠳᠠᠮᠵᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ ᠬᠡᠷᠡᠭᠲᠡᠢ᠃ ᠳᠥᠷᠪᠡ ᠳᠤ᠂ ᠰᠣᠶᠣᠯ ᠵᠤᠭᠠᠴᠠᠯ ᠤᠨ ᠠᠭᠤᠰᠤᠯᠴᠠᠯ ᠢ ᠪᠦᠬᠦ ᠬᠦᠴᠦᠨ ᠢᠶᠠᠷ ᠠᠬᠢᠭᠤᠯᠵᠤ᠂ ᠦᠵᠡᠮᠵᠢ ᠶᠢᠨ ᠣᠷᠣᠨ ᠢ ᠪᠦᠬᠦ ᠣᠷᠣᠨ ᠪᠦᠰᠡ ᠪᠠᠷ ᠪᠠᠶᠢᠭᠤᠯᠬᠤ᠂ ᠲᠥᠬᠦᠭᠡᠷᠦᠮᠵᠢ ᠶᠢ ᠪᠦᠬᠦ ᠣᠷᠣᠨ ᠪᠦᠰᠡ ᠪᠠᠷ ᠳᠡᠭᠡᠭᠰᠢᠯᠡᠭᠦᠯᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠦᠬᠦ ᠣᠷᠣᠨ ᠪᠦᠰᠡ ᠪᠠᠷ ᠢᠶᠠᠨ ᠠᠭᠤᠰᠤᠯᠴᠠᠭᠤᠯᠬᠤ ᠶᠢ ᠪᠠᠷᠢᠮᠲᠠᠯᠠᠬᠤ ᠪᠠᠷ ᠳᠠᠮᠵᠢᠭᠤᠯᠵᠤ᠂ ᠪᠦᠬᠦ ᠣᠷᠣᠨ ᠪᠦᠰᠡ ᠶᠢᠨ ᠵᠤᠭᠠᠴᠠᠯ ᠢ ᠬᠥᠭᠵᠢᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠪᠡ᠃ ᠲᠠᠪᠤ ᠳᠤ᠂ ᠬᠤᠲᠠ ᠬᠥᠳᠡᠭᠡ ᠶᠢᠨ ᠠᠭᠤᠰᠤᠯᠴᠠᠯ ᠢ ᠪᠦᠬᠦ ᠬᠦᠴᠦᠨ ᠢᠶᠠᠷ ᠠᠬᠢᠭᠤᠯᠵᠤ᠂ ᠬᠤᠲᠠ ᠶᠢᠨ ᠦᠢᠯᠡᠴᠢᠯᠡᠭᠡᠨ ᠤ ᠴᠢᠳᠠᠪᠬᠢ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ᠂ ᠬᠤᠲᠠ ᠬᠥᠳᠡᠭᠡ ᠶᠢᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠪᠠᠷ ᠳᠠᠮᠵᠢᠨ᠂ ᠰᠢᠶᠠᠨ ᠤ ᠬᠡᠪᠴᠢᠶᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠴᠢᠷᠮᠠᠶᠢᠨ᠎ᠠ᠃ ᠵᠢᠷᠭᠤᠭ᠎ᠠ ᠳᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠮᠢ ᠠᠬᠤᠢ ᠶᠢ ᠰᠡᠷᠭᠦᠭᠡᠨ ᠵᠠᠰᠠᠬᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠᠷ ᠳᠠᠮᠵᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠡᠷᠡᠯᠬᠡᠭᠯᠡᠨ ᠲᠡᠮᠡᠴᠡᠪᠡ᠃ ᠳᠣᠯᠤᠭ᠎ᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠠᠶᠢᠭᠤᠯᠤᠯᠲᠠ᠂ ᠭᠠᠳᠠᠭᠠᠳᠤ ᠰᠣᠯᠢᠯᠴᠠᠭ᠎ᠠ ᠨᠡᠭᠡᠭᠡᠯᠲᠡ ᠪᠠᠷ ᠳᠠᠮᠵᠢᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ ᠬᠡᠷᠡᠭᠲᠡᠢ᠃ ᠨᠠᠢᠮᠠ ᠳᠤ᠂ ᠲᠦᠭᠡᠮᠡᠯ ᠠᠰᠢᠭ ᠬᠦᠷᠲᠡᠭᠡᠵᠦ ᠬᠠᠮᠲᠤᠪᠠᠷ ᠡᠳ᠋ᠯᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ᠂ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠪᠠᠷ ᠳᠠᠮᠵᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ ᠬᠡᠷᠡᠭᠲᠡᠢ᠃ ᠶᠢᠰᠦ ᠳᠤ ᠠᠮᠤᠷ ᠲᠦᠪᠰᠢᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠰᠠᠬᠢᠬᠤ᠂ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠬᠤ ᠪᠠᠷ ᠳᠠᠮᠵᠢᠭᠤᠯᠵᠤ᠂ ᠬᠥᠭᠵᠢᠯᠲᠡ ᠶᠢᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ ᠬᠡᠷᠡᠭᠲᠡᠢ᠃ ᠠᠷᠪᠠ ᠳᠤ᠂ ᠨᠠᠮ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠦᠴᠦᠨ᠂ ᠤᠬᠠᠭᠤᠯᠭ᠎ᠠ ᠶᠢᠨ ᠨᠥᠯᠥᠭᠡᠯᠡᠬᠦ ᠬᠦᠴᠦᠨ᠂ ᠨᠢᠭᠡᠳᠦᠮᠡᠯ ᠹᠷᠣᠨᠲ ᠤᠨ ᠨᠢᠭᠲᠠᠷᠠᠯ ᠤᠨ ᠬᠦᠴᠦᠨ᠂ ᠰᠠᠬᠢᠯᠭ᠎ᠠ ᠪᠠᠲᠤ ᠶᠢᠨ ᠬᠢᠵᠠᠭᠠᠷᠯᠠᠬᠤ ᠬᠦᠴᠦᠨ ᠢ ᠴᠢᠩᠭᠠᠳᠬᠠᠬᠤ ᠪᠠᠷ ᠳᠠᠮᠵᠢᠭᠤᠯᠤᠨ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠶᠡᠷᠦᠩᠬᠡᠶᠢᠯᠡᠨ ᠵᠢᠯᠣᠭᠤᠳᠬᠤ ᠲᠠᠯ᠎ᠠ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ ᠬᠡᠷᠡᠭᠲᠡᠢ ᠭᠡᠪᠡ᠃    ᠪᠦᠭᠦᠳᠡ ᠬᠤᠷᠠᠯ ᠠᠴᠠ ︽ᠷᠡᠩ ᠲᠢᠶᠧ ᠨᠠᠮ ᠠᠴᠠ ᠬᠥᠭᠡᠭᠡᠬᠦ ᠰᠢᠢᠳᠬᠡᠯ ᠥᠭᠬᠦ ᠲᠤᠬᠠᠢ ᠲᠣᠭᠲᠠᠭᠠᠯ︾ ᠢ ᠬᠢᠨᠠᠨ ᠵᠥᠪᠯᠡᠵᠦ ᠪᠠᠲᠤᠯᠠᠪᠠ᠃    ᠪᠦᠭᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠠᠵᠢᠯ ᠠᠴᠠ ᠪᠠᠨ ᠠᠮᠠᠷᠠᠭᠰᠠᠨ ᠰᠢᠯᠲᠠᠭᠠᠨ ᠠᠴᠠ ᠪᠣᠯᠵᠤ᠂ ᠯᠢ ᠯᠦᠩ ᠨᠥᠬᠦᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ ᠤ ᠲᠤᠰᠢᠶᠠᠯ ᠠᠴᠠ ᠨᠢ ᠪᠠᠭᠤᠯᠭᠠᠬᠤ ᠪᠠᠷ ᠲᠣᠭᠲᠠᠪᠠ᠃    ᠪᠦᠭᠦᠳᠡ ᠬᠤᠷᠠᠯ ᠤᠨ ᠤᠷᠢᠶᠠᠯᠠᠭ᠎ᠠ    ᠪᠥᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠭᠠᠪᠢᠶ᠎ᠠ ᠵᠢᠳᠬᠦᠯ ᠭᠠᠷᠭᠠᠬᠤ ᠨᠢ ᠨᠠᠳᠠ ᠳᠤ ᠪᠢᠰᠢ︾ ᠭᠡᠬᠦ ᠵᠣᠷᠢᠭ ᠰᠠᠨᠠᠭᠠᠨ ᠤ ᠠᠬᠤᠢ ᠪᠠᠶᠢᠳᠠᠯ ᠪᠣᠯᠤᠨ ︽ᠭᠠᠪᠢᠶ᠎ᠠ ᠵᠢᠳᠬᠦᠯ ᠦᠵᠡᠭᠦᠯᠪᠡᠯ ᠯᠠᠪᠲᠠᠢ ᠪᠢ ᠪᠠᠶᠢᠬᠤ︾ ᠬᠠᠷᠢᠭᠤᠴᠠᠯᠭ᠎ᠠ ᠡᠭᠦᠷᠭᠡᠯᠡᠯ ᠢᠶᠠᠷ᠂ ︽ᠴᠠᠭ ᠲᠤᠬᠠᠢ ᠳᠤᠨᠢ ᠪᠣᠳᠠᠲᠠᠢ ᠶᠢ ᠡᠷᠬᠢᠮᠯᠡᠨ ᠪᠣᠳᠠᠲᠠᠶᠢᠵᠢᠭᠤᠯᠬᠤ︾ ᠠᠵᠢᠯ ᠤᠨ ᠰᠤᠷᠲᠠᠯ ᠪᠣᠯᠤᠨ ︽ᠪᠣᠳᠠᠲᠠᠢ ᠠᠵᠢᠯᠯᠠᠬᠤ ᠶᠢ ᠠᠳᠬᠤᠨ ᠰᠢᠨ᠎ᠡ ᠶᠢ ᠡᠭᠦᠳᠬᠦ︾ ᠠᠵᠢᠯ ᠤᠨ ᠣᠪᠣᠷ ᠢᠶᠠᠷ᠂ ᠪᠤᠭᠤᠲᠤ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠵᠤ ᠠᠬᠤᠢ ᠶᠢᠨ ᠨᠡᠮᠡᠭᠳᠡᠯ ᠤᠨ ᠲᠦᠢᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠰᠢᠨ᠎ᠡ ᠠᠶᠠᠨ ᠵᠠᠮ ᠳᠤ ᠭᠦᠶᠡᠩ ᠤᠨ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号