ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠤᠬᠠᠭᠤᠯᠵᠤ᠂ ᠦᠨᠡᠨᠴᠢ | ᠢᠲᠡᠭᠡᠮᠵᠢ ᠶᠢᠨ ᠥᠷᠲᠡᠭ ᠢ ᠪᠠᠲᠤ ᠪᠠᠬᠢ ᠪᠣᠢ ᠪᠣᠯᠭᠠᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ ᠶᠢᠨ | ᠲᠥᠯᠥᠭᠡ᠂ ︽ᠢᠲᠡᠭᠡᠮᠵᠢ ᠲᠠᠢ ᠪᠣᠯ ᠢᠷᠠᠭᠤ ᠠᠯᠳᠠᠷ ᠲᠠᠢ᠂ ᠢᠲᠡᠭᠡᠮᠵᠢ ᠦᠭᠡᠢ ᠪᠣᠯ ᠢᠴᠢᠭᠦᠷᠢ ᠲᠠᠢ᠂ ᠢᠲᠡᠭᠡᠮᠵᠢ | ᠦᠭᠡᠢ ᠪᠣᠯ ᠵᠣᠪᠠᠨᠢᠯ︾ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠢᠳᠡᠪᠬᠢᠲᠡᠢ ᠪᠣᠢ ᠪᠣᠯᠭᠠᠵᠤ᠂ 2024 | ᠣᠨ ᠠᠴᠠ ᠨᠠᠰᠢ᠂ ᠶᠢᠨ ᠬᠤᠤ ᠪᠠᠯᠭᠠᠰᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠶᠢ | ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠲᠠᠢ ᠰᠢᠶᠠᠩ | ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠪᠠ᠃ | ᠨᠢᠭᠡ ᠳᠤ᠂ ᠤᠬᠠᠭᠤᠯᠭ᠎ᠠ ᠶᠢᠨ ᠭᠤᠣᠯ ᠵᠢᠭᠰᠠᠭᠠᠯ ᠤᠨ ᠭᠠᠵᠠᠷ ᠢ ᠴᠢᠩᠭᠠᠳᠬᠠᠵᠤ᠂ ᠢᠲᠡᠭᠡᠮᠵᠢ ᠲᠠᠢ | ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠣᠨᠣᠯ ᠤᠨ ᠤᠬᠠᠭᠤᠯᠭ᠎ᠠ᠂ ᠸᠢᠴᠠᠲ ᠤᠨ ᠣᠯᠠᠨ ᠨᠡᠶᠢᠲᠡ ᠶᠢᠨ | ᠳ᠋ᠤᠭᠠᠷ᠂ ᠲᠣᠰᠬᠤᠨ ᠤ ᠶᠡᠭᠡ ᠪᠦᠷᠢᠶ᠎ᠡ᠂ LED ᠳᠡᠯᠭᠡᠴᠡ᠂ ᠦᠨᠡᠨᠴᠢ ᠢᠲᠡᠭᠡᠮᠵᠢ ᠶᠢᠨ ᠰᠠᠨᠠᠭᠠᠴᠢᠯᠠᠭ᠎ᠠ ᠶᠢᠨ | ᠪᠢᠴᠢᠭ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ ᠵᠡᠷᠭᠡ ᠬᠡᠯᠪᠡᠷᠢ ᠪᠠᠷ ᠳᠠᠮᠵᠢᠭᠤᠯᠤᠨ | ᠪᠠᠯᠭᠠᠰᠤᠨ ᠤ ᠣᠯᠠᠨ ᠲᠦᠮᠡᠨ ᠳᠤ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠢ ᠢᠳᠡᠪᠬᠢᠲᠡᠢ ᠤᠬᠠᠭᠤᠯᠵᠤ᠂ | ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠤᠨ ᠢᠲᠡᠭᠡᠮᠵᠢ ᠶᠢ ᠠᠩᠬᠠᠷᠤᠭᠤᠯᠵᠤ᠂ ︽ | ᠦᠨᠡᠨᠴᠢ ᠢᠲᠡᠭᠡᠮᠵᠢ ᠢᠷᠠᠭᠤ ᠠᠯᠳᠠᠷᠲᠠᠢ᠂ ᠢᠲᠡᠭᠡᠮᠵᠢ ᠠᠯᠳᠠᠬᠤ ᠨᠢ ᠢᠴᠢᠭᠦᠷᠢ ᠭᠤᠲᠤᠮᠰᠢᠭ︾ ᠤᠬᠠᠭᠤᠯᠭ᠎ᠠ ᠶᠢᠨ | ᠠᠭᠤᠷ ᠠᠮᠢᠰᠬᠤᠯ ᠢ ᠪᠤᠢ ᠪᠣᠯᠭᠠᠨ᠎ᠠ᠃ ᠣᠳᠣᠬᠠᠨ ᠪᠣᠯᠲᠠᠯ᠎ᠠ᠂ ᠦᠨᠡᠨᠴᠢ ᠢᠲᠡᠭᠡᠮᠵᠢ ᠶᠢᠨ ᠭᠤᠣᠯ ᠰᠡᠳᠦᠪᠲᠦ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠨᠡᠶᠢᠲᠡ 20 ᠭᠠᠷᠤᠢ ᠤᠳᠠᠭ᠎ᠠ ᠥᠷᠨᠢᠭᠦᠯᠵᠦ᠂ 500 ᠭᠠᠷᠤᠢ ᠬᠤᠪᠢ | ᠤᠬᠠᠭᠤᠯᠭ᠎ᠠ ᠶᠢᠨ ᠮᠠᠲ᠋ᠧᠷᠢᠶᠠᠯ ᠤᠨ ᠬᠠᠭᠤᠳᠠᠰᠤ ᠲᠠᠷᠬᠠᠭᠠᠵᠤ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ | ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠬᠤ ᠶᠢ ᠠᠬᠢᠭᠤᠯᠪᠠ᠃ | ᠬᠤᠶᠠᠷ ᠲᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠯᠪᠡᠭ ᠪᠠᠶᠠᠯᠢᠭ ᠠᠭᠤᠯᠭ᠎ᠠ ᠲᠠᠢ | ᠠᠵᠢᠯᠯᠠᠭ᠎ᠠ ᠥᠷᠨᠢᠭᠦᠯᠪᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶᠂ | ᠲᠠᠯ᠎ᠠ ᠨᠤᠲᠤᠭ ᠤᠨ ᠨᠣᠮ ᠤᠨ ᠥᠷᠥᠭᠡ᠂ ᠰᠣᠶᠣᠯ ᠤᠨ ᠠᠵᠢᠯᠯᠠᠭᠠᠨ ᠤ ᠲᠠᠰᠤᠭ ᠲᠤ ᠲᠦᠰᠢᠭᠯᠡᠨ᠂ ᠦᠨᠡᠨᠴᠢ | ᠢᠲᠡᠭᠡᠮᠵᠢᠲᠡᠢ ᠬᠥᠳᠡᠭᠡ ᠲᠣᠰᠬᠤᠨ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠭᠤᠣᠯ ᠰᠡᠳᠦᠪᠲᠦ ᠨᠣᠮ ᠤᠩᠰᠢᠬᠤ ᠠᠵᠢᠯᠯᠠᠭ᠎ᠠ᠂ ᠶᠠᠷᠢᠯᠴᠠᠬᠤ | ᠬᠤᠷᠠᠯ ᠵᠡᠷᠭᠡ ᠠᠷᠭ᠎ᠠ ᠮᠠᠶ᠋ᠢᠭ ᠢᠶᠠᠷ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ᠂ ᠺᠠᠳ᠋ᠷ ᠣᠯᠠᠨ ᠲᠦᠮᠡᠨ ᠳᠤ ᠦᠨᠡᠨᠴᠢ | ᠢᠲᠡᠭᠡᠮᠵᠢ ᠶᠢᠨ ᠦᠨ᠎ᠡ ᠥᠷᠲᠡᠭ ᠢ ᠢᠳᠡᠪᠬᠢᠲᠡᠢ ᠲᠦᠭᠡᠮᠡᠯᠵᠢᠭᠦᠯᠵᠦ᠂ ᠲᠡᠳᠡᠨ ᠤ ᠨᠡᠶᠢᠭᠡᠮ ᠤᠨ ᠬᠠᠷᠢᠴᠠᠭ᠎ᠠ ᠪᠠ | ᠬᠥᠮᠦᠰ ᠤᠨ ᠬᠤᠭᠤᠷᠣᠨᠳᠣᠬᠢ ᠶᠠᠪᠤᠯᠴᠠᠭ᠎ᠠ ᠶᠢᠨ ᠳᠤᠮᠳᠠᠬᠢ ᠰᠠᠭᠤᠷᠢ ᠴᠢᠯᠠᠭᠤᠨ ᠤ ᠦᠢᠯᠡᠳᠦᠯ ᠥᠷᠭᠡᠨ ᠳᠡᠯᠭᠡᠷ | ᠪᠠᠶᠢᠬᠤ ᠶᠢ ᠴᠢᠬᠤᠯᠠᠴᠢᠯᠠᠬᠤ ᠶᠢᠨ ᠬᠠᠮᠲᠤ᠂ ᠪᠠᠯᠭᠠᠰᠤᠨ ᠤ ᠬᠡᠪᠴᠢᠶᠡᠨ ᠤ ᠵᠡᠭᠡᠯᠢ ᠳᠠᠭᠠᠤ ᠶᠢᠨ ᠬᠤᠳᠠᠯᠳᠤᠭᠠᠨ ᠤ | ᠫᠦᠰᠡ᠂ ᠭᠡᠷ ᠪᠦᠯᠢ ᠳᠤ ᠭᠦᠨᠵᠡᠭᠡᠶᠢᠷᠡᠵᠦ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ | ᠂ ᠬᠤᠳᠠᠯᠳᠤᠭᠠᠴᠢᠨ ᠲᠠᠢ ᠨᠢᠭᠤᠷᠲᠠᠨ ᠰᠠᠨᠠᠯ ᠢᠶᠠᠨ ᠰᠣᠯᠢᠯᠴᠠᠬᠤ᠂ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠢ | ᠳᠠᠮᠵᠢᠭᠤᠯᠬᠤ ᠪᠠᠷ ᠳᠠᠮᠵᠢᠭᠤᠯᠤᠨ᠂ ᠬᠤᠳᠠᠯᠳᠤᠭᠠᠴᠢᠨ ᠡᠷᠦᠬᠡ ᠠᠴᠠ ᠦᠨ᠎ᠡ ᠬᠠᠩᠰᠢ ᠶᠢ ᠢᠯᠡ ᠬᠠᠳᠠᠬᠤ᠂ ︽ | ᠭᠤᠷᠪᠠ ᠦᠭᠡᠢ ᠦᠢᠯᠡᠳᠬᠦᠨ︾ ᠢ ᠪᠣᠷᠣᠯᠠᠭᠤᠯᠬᠤ ᠦᠭᠡᠢ᠂ ᠤᠬᠠᠮᠰᠠᠷ ᠠᠴᠠ ᠪᠠᠨ ᠬᠤᠳᠠᠯᠳᠤᠭᠠᠨ ᠤ ᠶᠣᠰᠣ | ᠮᠣᠷᠠᠯ ᠢ ᠵᠢᠷᠤᠮᠯᠠᠬᠤ᠂ ᠦᠨᠡᠨᠴᠢ ᠢᠲᠡᠭᠡᠮᠵᠢᠲᠡᠢ ᠡᠵᠡᠩᠨᠡᠯᠲᠡ ᠵᠡᠷᠭᠡ ᠶᠢ ᠰᠠᠨᠠᠭᠠᠴᠢᠯᠠᠪᠠ᠃ | ᠭᠤᠷᠪᠠ ᠳᠤ᠂ ᠦᠨᠡᠨᠴᠢ ᠢᠲᠡᠭᠡᠮᠵᠢᠲᠡᠢ ᠪᠠᠶᠢᠪᠠᠯ ᠬᠥᠳᠡᠭᠡ ᠲᠣᠰᠬᠤᠨ ᠤ ᠵᠠᠰᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠷᠭ᠎ᠠ ᠶᠢᠨ ᠰᠢᠨ᠎ᠡ ᠶᠢ | ᠡᠭᠦᠳᠴᠦ᠂ ᠲᠣᠰᠬᠤᠨ ᠤ ᠳᠦᠷᠢᠮ ᠠᠷᠠᠳ ᠤᠨ ᠭᠡᠷ᠎ᠡ ᠳᠤ ᠬᠥᠳᠡᠯᠦᠩᠭᠦᠢ ᠪᠠᠷ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢᠲᠡᠢ ᠠᠭᠤᠯᠭ᠎ᠠ ᠶᠢ ᠲᠣᠰᠬᠤᠨ ᠤ ᠳᠦᠷᠢᠮ ᠠᠷᠠᠳ ᠤᠨ ᠭᠡᠷ᠎ᠡ ᠳᠤ | ᠣᠷᠣᠭᠤᠯᠵᠤ᠂ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠲᠣᠭᠤᠷᠢᠨ ᠳᠤ ︽ᠬᠠᠮᠤᠭ ᠤᠨ ᠭᠤᠶᠣ ᠭᠡᠷ ᠪᠦᠯᠢ︾ | ᠂ ︽ᠬᠠᠮᠤᠭ ᠤᠨ ᠭᠤᠶᠣ ᠪᠡᠷᠢ︾ ︽ᠶᠣᠰᠣ ᠰᠤᠷᠲᠠᠬᠤᠨ ᠤ ᠵᠢᠱᠢᠶᠡᠴᠢ︾ ᠵᠡᠷᠭᠡ ᠰᠢᠯᠭᠠᠷᠠᠭᠤᠯᠬᠤ ᠠᠵᠢᠯᠯᠠᠭ᠎ᠠ | ᠥᠷᠨᠢᠭᠦᠯᠵᠦ᠂ ᠣᠯᠠᠨ ᠤ ᠭᠡᠷ ᠤᠨ ᠰᠤᠷᠲᠠᠯ ᠢ ᠰᠠᠶᠢᠲᠤᠷ ᠬᠠᠮᠠᠭᠠᠯᠠᠵᠤ᠂ ᠪᠣᠯᠪᠠᠰᠤᠨ ᠰᠢᠨ᠎ᠡ ᠬᠡᠪ ᠰᠤᠷᠲᠠᠯ ᠢ ᠪᠣᠢ | ᠪᠣᠯᠭᠠᠬᠤ ᠶᠢ ᠵᠣᠷᠢᠭᠵᠢᠭᠤᠯᠤᠨ᠎ᠠ᠃ ᠡᠭᠦᠨ ᠤ ᠬᠠᠮᠲᠤ᠂ ︽ᠬᠤᠪᠢ ᠴᠤᠭᠯᠠᠭᠤᠯᠬᠤ ᠬᠡᠲᠦ ᠳᠡᠯᠭᠡᠭᠦᠷ︾ ᠤᠨ | ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ᠂ ᠠᠵᠤ ᠦᠢᠯᠡᠰ ᠤᠨ ᠬᠥᠭᠵᠢᠯᠲᠡ ᠵᠡᠷᠭᠡ ᠲᠣᠰᠬᠤᠨ ᠤ ᠱᠠᠲᠤᠨ ᠤ ᠬᠡᠷᠡᠭ ᠶᠠᠪᠤᠳᠠᠯ ᠬᠢᠭᠡᠳ ︽ | ᠬᠤᠪᠢ ᠬᠤᠷᠠᠮᠳᠤᠭᠤᠯᠬᠤ ᠬᠡᠲᠦ ᠳᠡᠯᠭᠡᠭᠦᠷ︾ ᠢ ᠬᠠᠷᠢᠯᠴᠠᠨ ᠠᠭᠤᠰᠤᠯᠴᠠᠭᠤᠯᠵᠤ᠂ ᠬᠤᠪᠢ ᠬᠤᠷᠠᠮᠳᠤᠭᠤᠯᠬᠤ | ᠪᠠᠩᠬᠢ ᠨᠢ ᠠᠮᠢᠳᠤᠷᠠᠯ ᠤᠨ ᠡᠳ᠋ ᠪᠣᠳᠠᠰ ᠢ ᠰᠣᠯᠢᠵᠤ ᠪᠣᠯᠬᠤ ᠪᠠᠷ ᠪᠠᠷᠠᠬᠤ ᠦᠭᠡᠢ᠂ ᠪᠠᠰᠠ ᠲᠡᠷᠢᠭᠦᠨ ᠤ ᠬᠢ ᠶᠢ | ᠰᠢᠯᠭᠠᠷᠠᠭᠤᠯᠵᠤ ᠰᠢᠯᠢᠳᠡᠭ ᠢ ᠪᠣᠢ ᠪᠣᠯᠭᠠᠬᠤ ᠶᠢᠨ ᠴᠢᠬᠤᠯᠠ ᠦᠨᠳᠦᠰᠦᠯᠡᠯ ᠪᠣᠯᠭᠠᠵᠤ ᠪᠣᠯᠤᠨ᠎ᠠ᠃ ᠡᠭᠦᠨ ᠠᠴᠠ | ᠭᠠᠳᠠᠨ᠎ᠠ᠂ ᠪᠠᠰᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ | ᠢᠲᠡᠭᠡᠯ ᠠᠯᠳᠠᠭᠰᠠᠨ ᠮᠣᠷᠠᠯ ᠢ ᠢᠯᠡᠴᠢᠯᠡᠵᠦ᠂ ᠵᠣᠬᠢᠴᠠᠩᠭᠤᠢ ᠬᠤᠪᠢ ᠬᠠᠰᠤᠬᠤ ᠶᠢᠨ ᠬᠠᠮᠲᠤ ︽ᠬᠠᠷ᠎ᠠ ᠰᠠᠮᠪᠠᠷ᠎ᠠ︾ | ᠳᠤ ᠣᠷᠣᠭᠤᠯᠵᠤ᠂ ᠰᠦᠷᠳᠡᠭᠦᠯᠬᠦ ᠬᠦᠴᠦᠨ ᠢ ᠪᠣᠢ ᠪᠣᠯᠭᠠᠪᠠ᠃ ᠣᠳᠣᠬᠠᠨ ᠪᠣᠯᠲᠠᠯ᠎ᠠ᠂ ᠨᠡᠶᠢᠲᠡ 8 ᠤᠳᠠᠭ᠎ᠠ ︽ | ᠬᠤᠪᠢ ᠬᠤᠷᠠᠮᠳᠤᠭᠤᠯᠤᠨ ᠰᠣᠯᠢᠬᠤ︾ ᠠᠵᠢᠯᠯᠠᠭ᠎ᠠ ᠥᠷᠨᠢᠭᠦᠯᠵᠦ᠂ ᠪᠣᠳᠠᠰ ᠤᠨ ᠥᠷᠲᠡᠭ 1300 ᠲᠥᠭᠦᠷᠢᠭ᠂ | 80 ᠬᠥᠮᠦᠨ ᠤᠳᠠᠭ᠎ᠠ ᠳᠤ ᠠᠮᠢᠳᠤᠷᠠᠯ ᠤᠨ ᠬᠡᠷᠡᠭᠰᠡᠯ ᠢ ᠰᠣᠯᠢᠪᠠ᠃ | ᠳᠠᠷᠠᠭᠠᠴᠢ ᠶᠢᠨ ᠠᠯᠬᠤᠮ ᠳᠤ᠂ ᠶᠢᠨ ᠬᠤᠤ ᠪᠠᠯᠭᠠᠰᠤ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠬᠥᠳᠡᠭᠡ ᠲᠣᠰᠬᠤᠨ ᠤ ᠵᠠᠰᠠᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠭᠦᠨ ᠵᠤᠵᠠᠭᠠᠨ | ᠦᠨᠡᠨᠴᠢ ᠢᠲᠡᠭᠡᠮᠵᠢ ᠶᠢᠨ ᠰᠣᠶᠣᠯ ᠤᠨ ᠠᠭᠤᠷ ᠠᠮᠢᠰᠬᠤᠯ ᠢ ᠪᠣᠢ ᠪᠣᠯᠭᠠᠵᠤ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠠᠭᠤᠳᠠᠰᠤ ᠶᠢ ᠨᠡᠭᠡᠭᠡᠨ᠎ᠡ᠃ | |