ᠭᠦᠶᠡᠩ ᠰᠢᠶᠠᠨ ᠤ 2024 ᠣᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ
ᠨᠡᠶᠢᠲᠡᠯᠡᠭᠰᠡᠨ ᠴᠠᠭ᠄
2025/1/7
    ᠦᠩᠭᠡᠷᠡᠭᠰᠡᠨ ᠢᠶᠠᠨ ᠡᠷᠭᠢᠴᠡᠭᠦᠯᠵᠦ᠂ ᠢᠷᠡᠭᠡᠳᠦᠢ ᠪᠠᠨ ᠪᠠᠷᠠᠭᠠᠯᠠᠨᠠᠮ᠃ 2024 ᠤᠨ ᠳᠤ ᠰᠡᠳᠬᠢᠯ ᠬᠥᠳᠡᠯᠭᠡᠮ᠎ᠡ ᠪᠣᠯᠪᠠᠰᠤᠨ ᠬᠦᠴᠦᠨ ᠲᠠᠢ᠃ ᠡᠨᠡ ᠨᠢᠭᠡ ᠵᠢᠯ ᠳᠤ᠂ ᠪᠤᠶᠢᠵᠢᠭᠤᠯᠬᠤ ᠪᠠ ᠦᠢᠯᠡᠳᠦᠯᠭᠡᠵᠢᠭᠦᠯᠬᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠲᠣᠭᠤᠷᠢᠨ ᠳᠤ ᠪᠣᠯᠪᠠᠰᠤᠨ ᠢ ᠪᠤᠶᠢᠵᠢᠭᠤᠯᠬᠤ ᠪᠠᠷ ᠭᠤᠣᠯᠳᠠᠭᠤᠯᠵᠤ᠂ ᠪᠣᠯᠪᠠᠰᠤᠨ ᠢ ᠦᠢᠯᠡᠳᠦᠯᠭᠡᠵᠢᠭᠦᠯᠵᠦ᠂ ᠪᠣᠯᠪᠠᠰᠤᠨ ᠢ ᠡᠭᠦᠳᠦᠨ ᠪᠠᠶᠢᠭᠤᠯᠤᠨ᠎ᠠ᠃ ᠪᠥᠬᠦ ᠰᠢᠶᠠᠨ ᠤ ᠡᠯ᠎ᠡ ᠵᠦᠢᠯ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠠᠮᠵᠢᠯᠲᠠ ᠪᠦᠲᠦᠮᠵᠢ ᠤᠷᠢᠶᠠᠯᠠᠵᠤ ᠪᠠᠶᠢᠨ᠎ᠠ᠃ ᠡᠨᠡ ᠨᠢᠭᠡ ᠵᠢᠯ ᠳᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ᠂ ︽ᠭᠤᠷᠪᠠ ᠶᠢ ᠬᠥᠳᠡᠭᠡ ᠪᠠᠭᠤᠯᠭᠠᠬᠤ︾ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠵᠢᠴᠢ ᠬᠤᠸᠠᠢ ᠱᠦᠸᠧ ᠪᠠᠯᠭᠠᠰᠤᠨ ᠤ ︽ᠲᠣᠰᠬᠤᠨ ᠳᠠᠭᠠᠨ ᠪᠤᠴᠠᠵᠤ ᠰᠢ ᠦᠵᠡᠬᠦ︾ ᠦᠵᠡᠭᠦᠯᠦᠯᠭᠡ ᠶᠢᠨ ᠠᠵᠢᠯᠯᠠᠭ᠎ᠠ ᠬᠢᠪᠡ᠃    ᠣᠯᠠᠨ ᠠᠷᠪᠢᠨ ᠪᠣᠯᠪᠠᠰᠤᠨ ᠨᠡᠷᠡᠲᠦ ᠲᠡᠮᠳᠡᠭ ᠤᠨ ᠭᠢᠯᠠᠰ ᠴᠡᠭ ᠣᠯᠠᠨ ᠢᠯᠡᠷᠡᠵᠦ᠂ ᠡᠨᠡ ᠵᠢᠯ ᠬᠡᠪ ᠵᠠᠩᠰᠢᠯ ᠢᠶᠠᠨ ᠥᠭᠡᠷᠡᠴᠢᠯᠡᠨ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠬᠦᠳᠦᠯᠦᠨ ᠳᠠᠭᠠᠭᠤᠯᠵᠠᠢ᠃    ᠬᠠᠮᠲᠤ ᠪᠠᠷ ᠭᠦᠶᠡᠩ ᠤᠨ ᠨᠢᠭᠡ ᠵᠢᠯ ᠤᠨ ᠬᠢᠷᠢ ᠪᠦᠳᠦᠮᠵᠢ ᠪᠠᠨ ᠡᠷᠭᠢᠴᠡᠭᠦᠯᠦᠶ᠎ᠡ    ᠨᠢᠭᠡᠳᠦᠭᠡᠷ ᠭᠢᠯᠠᠰ ᠴᠡᠭ᠄    ᠪᠣᠯᠪᠠᠰᠤᠨ ᠰᠤᠷᠲᠠᠯ ᠢᠶᠠᠷ ᠰᠢᠨ᠎ᠡ ᠵᠢᠯ ᠢᠶᠠᠨ ᠥᠩᠭᠡᠷᠡᠭᠦᠯᠬᠦ᠃ 1 ᠰᠠᠷ᠎ᠠ ᠶᠢᠨ 10 ᠤ ᠡᠳᠦᠷ᠂ ᠪᠤᠭᠤᠲᠤ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠭᠦᠶᠡᠩ ᠰᠢᠶᠠᠨ ᠤ ᠨᠠᠮ ᠤᠨ ᠬᠤᠷᠢᠶ᠎ᠡ ᠶᠢᠨ ᠤᠬᠠᠭᠤᠯᠬᠤ ᠬᠡᠯᠲᠡᠰ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠠᠷᠠᠳ ᠤᠨ ᠲᠥᠯᠥᠭᠡ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠶᠢ ᠡᠷᠬᠢᠯᠡᠪᠡ᠃ ᠮᠡᠳᠡᠭᠡ ᠠᠪᠴᠤ ᠬᠦᠷᠴᠦ ᠢᠷᠡᠭᠰᠡᠨ ᠣᠯᠠᠨ ᠲᠦᠮᠡᠨ ᠲᠠᠰᠤᠷᠠᠯᠳᠡ ᠦᠭᠡᠢ ᠣᠯᠠᠰᠢᠷᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠤᠷᠠᠨ ᠪᠢᠴᠢᠯᠭᠡ ᠳᠤ ᠪᠠᠭ᠋ᠠᠲᠠᠢ ᠬᠥᠮᠦᠰ ᠪᠢᠷ ᠪᠡᠬᠡᠰ ᠢᠶᠠᠨ ᠨᠠᠶᠢᠷᠠᠵᠤ ᠪᠠᠶᠠᠷ ᠬᠥᠷ ᠢᠶᠠᠷ ᠪᠢᠯᠬᠠᠭᠰᠠᠨ ᠵᠥᠩᠨᠡᠯ ᠢᠶᠠᠨ ᠬᠤᠣᠰ ᠬᠤᠣᠰ ᠤᠶᠠᠩᠭ᠎ᠠ ᠳᠤ ᠥᠳᠬᠡᠷᠡᠭᠦᠯᠵᠦ᠂ ᠲᠤᠬᠠᠢ ᠶᠢᠨ ᠲᠠᠯᠠᠪᠠᠢ ᠳᠤ 300 ᠭᠠᠷᠤᠢ ᠬᠤᠣᠰ ᠤᠶᠠᠩᠭ᠎ᠠ ᠬᠦᠷᠭᠡᠵᠦ᠂ ᠪᠥᠬᠦ ᠰᠢᠶᠠᠨ ᠤ ᠪᠣᠯᠪᠠᠰᠤᠨ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠢ ᠪᠣᠯᠭᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠪᠠᠶᠠᠷ ᠪᠠᠶᠠᠰᠬᠤᠯᠠᠩ ᠲᠠᠢ ᠪᠣᠯᠪᠠᠰᠤᠨ ᠢᠶᠠᠷ ᠰᠢᠨ᠎ᠡ ᠵᠢᠯ ᠢᠶᠠᠨ ᠥᠩᠭᠡᠷᠡᠭᠦᠯᠬᠦ ᠶᠢ ᠠᠬᠢᠭᠤᠯᠪᠠ᠃     ᠬᠤᠶᠠᠳᠤᠭᠠᠷ ᠭᠢᠯᠠᠰ ᠴᠡᠭ᠄    ᠲᠡᠷᠢᠭᠦᠨ ᠤ ᠨᠡᠶᠢᠲᠡᠯᠢᠭ ᠵᠢᠱᠢᠶ᠎ᠡ ᠶᠢ ᠮᠠᠭᠲᠠᠨ ᠰᠠᠶᠢᠰᠢᠶᠠᠵᠤ ᠦᠯᠢᠭᠡᠷ ᠳᠠᠭᠤᠷᠢᠶᠠᠯ ᠤᠨ ᠬᠦᠴᠦᠨ ᠢ ᠨᠢᠭᠳᠠᠷᠠᠭᠤᠯᠤᠨ᠎ᠠ᠃ ᠪᠤᠭᠤᠲᠤ ᠬᠤᠲᠠ ᠶᠢᠨ ᠶᠢᠰᠦᠳᠦᠭᠡᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠶᠢᠨ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠦᠭᠰᠡᠨ ᠱᠠᠩᠨᠠᠯ ᠢ ᠠᠮᠵᠢᠯᠲᠠᠲᠠᠢ ᠲᠠᠨᠢᠯᠴᠠᠭᠤᠯᠪᠠ︔ ᠦ᠋ ᠵᠢᠶᠦ᠋ᠨ ᠮᠢᠩ᠂ ᠵᠤᠤ ᠵᠢᠩ ᠵᠢᠩ ᠵᠡᠷᠭᠡ 4 ᠬᠥᠮᠦᠨ ᠢ ᠲᠠᠨᠢᠯᠴᠠᠭᠤᠯᠤᠨ ︽ᠬᠠᠮᠤᠭ ᠤᠨ ᠭᠤᠶᠣ ᠪᠤᠭᠤᠲᠤ ᠶᠢᠨ ᠬᠥᠮᠦᠨ︾ ᠵᠢᠴᠢ ᠨᠡᠷ᠎ᠡ ᠳᠤᠷᠠᠳᠤᠭᠰᠠᠨ ᠱᠠᠩᠨᠠᠯ ᠤᠨ ᠢᠷᠠᠭᠤ ᠠᠯᠳᠠᠷ ᠤᠨ ᠴᠣᠯᠠ ᠬᠦᠷᠲᠡᠪᠡ︔ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠶᠢᠨ ᠨᠡᠷ᠎ᠡ ᠳᠤᠷᠠᠳᠤᠭᠰᠠᠨ ᠱᠠᠩᠨᠠᠯ᠂ ᠬᠠᠮᠤᠭ ᠤᠨ ᠭᠤᠶᠣ ᠭᠦᠶᠡᠩ ᠰᠢᠶᠠᠨ ᠤ ᠠᠷᠠᠳ ᠲᠦᠮᠡᠨ ᠤ ᠬᠠᠮᠲᠤ ᠨᠡᠶᠢᠲᠡ ᠵᠡᠷᠭᠡ 10 ᠭᠠᠷᠤᠢ ᠲᠡᠷᠢᠭᠦᠨ ᠤ ᠨᠡᠶᠢᠲᠡᠯᠢᠭ ᠵᠢᠱᠢᠶᠡᠴᠢ ᠶᠢ ᠤᠷᠢᠵᠤ ᠭᠦᠶᠡᠩ ᠰᠢᠶᠠᠨ ᠤ ᠴᠠᠭᠠᠨ ᠰᠠᠷ᠎ᠠ ᠶᠢᠨ ᠬᠠᠮᠲᠤᠷᠠᠭᠰᠠᠨ ᠦᠳᠡᠰᠢᠯᠡᠭᠡ᠂ ᠤᠯᠤᠰ ᠤᠨ ᠪᠠᠶᠠᠷ ᠤᠨ ᠦᠳᠡᠰᠢᠯᠡᠭᠡ ᠶᠢ ᠰᠢᠩᠭᠡᠭᠡᠨ ᠦᠢᠯᠡᠳᠬᠦ ᠪᠠ ᠶᠣᠰᠣᠯᠠᠯ ᠢ ᠦᠵᠡᠭᠦᠯᠪᠡ᠃ ᠴᠠᠭᠠᠨ ᠰᠠᠷ᠎ᠠ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠵᠡᠷᠭᠡ ᠤᠯᠠᠮᠵᠢᠯᠠᠯᠲᠤ ᠪᠠᠶᠠᠷ ᠤᠨ ᠡᠳᠦᠷ ᠵᠧᠨ ᠵᠧᠨ᠂ ᠯᠢ ᠢᠦᠢ ᠴᠦᠨ᠂ ᠯᠢ ᠸᠧᠨ ᠺᠦᠢ ᠵᠡᠷᠭᠡ ᠥᠩᠭᠡᠷᠡᠭᠰᠡᠨ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ᠂ ᠪᠣᠯᠪᠠᠰᠤᠨ ᠭᠡᠷ ᠪᠦᠯᠢ ᠶᠢᠨ ᠨᠡᠶᠢᠲᠡᠯᠢᠭ ᠬᠥᠮᠦᠰ ᠢ ᠲᠣᠬᠤᠨᠢᠭᠤᠯᠪᠠ᠃ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠪᠣᠢ ᠪᠣᠯᠭᠠᠬᠤ ᠪᠠᠷ ᠳᠠᠮᠵᠢᠭᠤᠯᠤᠨ᠂ ᠵᠢᠱᠢᠶᠡᠴᠢ ᠰᠠᠶᠢᠨ ᠬᠥᠮᠦᠨ ᠤ ᠥᠷᠲᠡᠭ ᠤᠨ ᠲᠥᠷᠥᠭᠳᠡᠯ᠂ ᠢᠷᠠᠭᠤ ᠠᠯᠳᠠᠷ ᠤᠨ ᠰᠡᠳᠬᠢᠯᠭᠡ ᠶᠢ ᠨᠡᠮᠡᠭᠳᠡᠭᠦᠯᠵᠦ᠂ ︽ᠪᠣᠯᠪᠠᠰᠤᠨ ᠭᠦᠶᠡᠩ︾ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃    ᠭᠤᠷᠪᠠᠳᠤᠭᠠᠷ ᠭᠢᠯᠠᠰ ᠴᠡᠭ᠄    ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠵᠤ ᠪᠣᠯᠪᠠᠰᠤᠨ ᠨᠢᠭᠡᠴᠡ ᠶᠢᠨ ᠴᠤᠭ ᠵᠢᠪᠬᠤᠭ᠎ᠠ ᠶᠢ ᠪᠠᠳᠠᠷᠠᠭᠤᠯᠤᠶ᠎ᠠ᠃ 3 ᠰᠠᠷ᠎ᠠ ᠶᠢᠨ 21 ᠤ ᠡᠳᠦᠷ᠂ ᠭᠦᠶᠡᠩ ᠰᠢᠶᠠᠨ ᠤ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠵᠤ ᠳᠡᠭᠡᠭᠰᠢᠯᠡᠭᠦᠯᠬᠦ ᠲᠤᠬᠠᠢ ᠶᠢᠨ ᠲᠠᠯᠠᠪᠤᠷ ᠤᠨ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠶᠢ ᠡᠷᠬᠢᠯᠡᠪᠡ᠃ ᠭᠦᠶᠡᠩ ᠰᠢᠶᠠᠨ ᠤ 20 ᠭᠠᠷᠤᠢ ᠬᠤᠲᠠ ᠶᠢᠨ ᠱᠠᠲᠤᠨ ᠠᠴᠠ ᠳᠡᠭᠡᠭᠰᠢᠬᠢ ᠪᠣᠯᠪᠠᠰᠤᠨ ᠨᠢᠭᠡᠴᠡ ᠶᠢᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠭᠦᠶᠡᠩ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠤᠭᠤᠲᠤ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠪᠦᠦ ᠬᠥ᠋ ᠳᠡᠭᠡᠳᠦ ᠳᠡᠰ ᠤᠨ ᠵᠠᠰᠠᠮᠠᠯ ᠵᠠᠮ ᠤᠨ ᠬᠢᠵᠠᠭᠠᠷᠲᠤ ᠺᠣᠮᠫᠠᠨᠢ᠂ ᠭᠦᠶᠡᠩ ᠤᠨ ᠴᠠᠬᠢᠯᠭᠠᠨ ᠬᠠᠩᠭᠠᠬᠤ ᠺᠣᠮᠫᠠᠨᠢ ᠶᠢᠨ ᠰᠢᠨ᠎ᠡ ᠲᠣᠭᠤᠷᠢᠭ ᠤᠨ ᠴᠠᠬᠢᠯᠭᠠᠨ ᠬᠠᠩᠭᠠᠬᠤ ᠭᠠᠵᠠᠷ ᠤᠨ ᠭᠤᠷᠪᠠᠨ ᠪᠣᠯᠪᠠᠰᠤᠨ ᠨᠢᠭᠡᠴᠡ ᠳᠤ ᠣᠴᠢᠭᠤᠯᠤᠨ ᠲᠣᠭᠤᠷᠢᠨ ᠰᠤᠷᠤᠯᠴᠠᠭᠤᠯᠵᠤ᠂ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠤᠭᠰᠠᠨ ᠲᠤᠷᠰᠢᠯᠭ᠎ᠠ ᠪᠠᠨ ᠰᠣᠯᠢᠯᠴᠠᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠨᠢᠭᠡᠴᠡ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠪᠣᠯᠪᠠᠰᠤᠨ ᠨᠢᠭᠡᠴᠡ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃    ᠲᠦᠷᠪᠡᠳᠦᠭᠡᠷ ᠭᠢᠯᠠᠰ ᠴᠡᠭ᠄    ᠶᠤᠸᠠᠨ ᠳ᠋ᠢᠩ ᠯᠦ ᠴᠧᠩ ᠬᠤᠲᠠ ᠶᠢᠨ ᠨᠣᠶᠠᠨ ᠣᠷᠭᠢᠯ ᠪᠣᠯᠪᠠᠰᠤᠨ ᠬᠤᠷᠢᠮ ᠤᠨ ᠰᠢᠨ᠎ᠡ ᠬᠡᠪ ᠵᠠᠩᠰᠢᠯ ᠢ ᠬᠠᠩᠭᠢᠨᠠᠭᠤᠯᠤᠨ᠎ᠠ᠃ 8 ᠰᠠᠷ᠎ᠠ ᠶᠢᠨ 10 ᠤ ᠡᠳᠦᠷ ᠤᠨ ᠳᠣᠯᠣᠭᠠᠨ ᠰᠠᠷ᠎ᠠ ᠶᠢᠨ ᠳᠣᠯᠣᠭᠠᠨ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠡᠪᠯᠡᠯ ᠤᠨ ᠰᠢᠶᠠᠨ ᠤ ᠨᠠᠮ ᠤᠨ ᠬᠤᠷᠢᠶ᠎ᠡ ᠴᠦᠨ ᠺᠦᠨ ᠱᠠᠨ ᠤ ᠦᠵᠡᠮᠵᠢ ᠶᠢᠨ ᠣᠷᠣᠨ ᠳᠤ ︽ᠶᠤᠸᠠᠨ ᠳ᠋ᠢᠩ ᠯᠦ ᠴᠧᠩ ᠬᠤᠲᠠ ᠶᠢᠨ ᠨᠣᠶᠠᠨ ᠣᠷᠭᠢᠯ ᠢ ᠬᠠᠶᠢᠷᠠᠯᠠᠬᠤ︾ ᠭᠦᠶᠡᠩ ᠤᠨ ᠳᠣᠯᠣᠭᠠᠨ ᠰᠠᠷ᠎ᠠ ᠶᠢᠨ ᠳᠣᠯᠣᠭᠠᠨ ᠤ ᠬᠠᠮᠲᠤ ᠶᠢᠨ ᠬᠤᠷᠢᠮ ᠤᠨ ᠭᠤᠣᠯ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠢ ᠤᠬᠠᠭᠠᠯᠠᠨ ᠰᠡᠳᠦᠵᠠᠢ᠃ ᠰᠢᠨ᠎ᠡ ᠬᠥᠮᠦᠨ ᠳᠤ ︽ᠢᠷᠭᠡᠨ ᠤ ᠬᠠᠤᠯᠢ ᠶᠢᠨ ᠪᠢᠴᠢᠭ︾ ᠤᠨ ᠤᠷᠤᠭ ᠬᠤᠷᠢᠮ ᠭᠡᠷ ᠪᠦᠯᠢ ᠶᠢᠨ ᠤᠬᠠᠭᠤᠯᠭ᠎ᠠ ᠪᠠ ᠤᠷᠤᠭᠯᠠᠬᠤ ᠵᠠᠩ ᠳᠠᠳᠬᠠᠯ ᠤᠨ ᠰᠠᠨᠠᠭᠠᠴᠢᠯᠠᠭ᠎ᠠ᠂ ᠬᠠᠮᠲᠤ ᠶᠢᠨ ᠬᠤᠷᠢᠮ ᠤᠨ ᠦᠨᠡᠮᠯᠡᠯ ᠣᠯᠭᠤᠬᠤ ᠵᠡᠷᠭᠡ ᠬᠡᠯᠪᠡᠷᠢ ᠪᠠᠷ ᠰᠢᠨ᠎ᠡ ᠬᠥᠮᠦᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠬᠤᠷᠢᠮ ᠤᠨ ᠶᠣᠰᠣᠯᠠᠯ᠂ ᠤᠷᠤᠭ ᠤᠨ ᠦᠨᠡᠮᠯᠡᠯ ᠣᠯᠭᠤᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠢᠨ᠎ᠡ ᠬᠥᠮᠦᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠬᠤᠷᠢᠮ ᠤᠨ ᠶᠣᠰᠣ᠂ ᠰᠢᠨ᠎ᠡ ᠬᠡᠪ ᠰᠤᠷᠲᠠᠯ ᠢ ᠦᠢᠯᠡᠳᠦᠯᠭᠡᠵᠢᠭᠦᠯᠵᠦ᠂ ᠪᠦᠷᠢᠯᠭᠡᠨ ᠰᠦᠢᠳᠬᠡᠬᠦ ᠶᠢ ᠲᠡᠪᠴᠢᠭᠦᠯᠵᠦ᠂ ᠪᠣᠯᠪᠠᠰᠤᠨ ᠰᠢᠨ᠎ᠡ ᠬᠤᠷᠢᠮ ᠤᠨ ᠵᠠᠩᠰᠢᠯ ᠤᠨ ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠭᠠᠬᠤ ᠪᠠᠷ ᠴᠢᠷᠮᠠᠶᠢᠨ᠎ᠠ᠃    ᠲᠠᠪᠤᠳᠤᠭᠠᠷ ᠭᠢᠯᠠᠰ ᠴᠡᠭ᠄    ᠺᠠᠷᠲ ᠤᠨ ᠳᠡᠷᠭᠡᠳᠡᠬᠢ ᠡᠷᠳᠡᠨᠢᠰ ᠤᠨ ᠪᠣᠯᠪᠠᠰᠤᠨ ᠨᠡᠶᠢᠭᠡᠮ ᠲᠣᠭᠤᠷᠢᠭ᠃ 9 ᠰᠠᠷ᠎ᠠ ᠶᠢᠨ 13 ᠤ ᠡᠳᠦᠷ᠂ ︽ᠲᠥᠭᠦᠷᠢᠭ ᠬᠥᠮᠦᠰ ᠴᠤᠭᠯᠠᠷᠠᠵᠤ᠂ ᠪᠣᠯᠪᠠᠰᠤᠨ ᠰᠠᠶᠢᠬᠠᠨ ᠪᠣᠯᠬᠤ︾ ᠪᠢᠳᠡᠨ ᠤ ᠪᠠᠶᠠᠷ ᠤᠨ ᠡᠳᠦᠷ · ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ 5 ᠰᠣᠨᠢᠷᠬᠠᠯ ᠤᠨ ᠺᠠᠷᠲ ᠢ ᠨᠠᠷᠢᠨ ᠨᠢᠮᠪᠠᠢ ᠲᠣᠬᠢᠷᠠᠭᠤᠯᠵᠤ᠂ ︽ᠶᠧᠪᠡᠩ ᠤᠨ ᠪᠠᠯᠠᠢ ᠬᠠᠶᠢᠷᠴᠠᠭ︾᠂ ᠳ᠋ᠧᠩᠯᠦ DIY ᠭᠠᠷ ᠤᠷᠠᠯᠠᠯ ᠬᠢᠬᠦ᠂ ᠳ᠋ᠧᠩ ᠤᠨ ᠣᠨᠢᠰᠤᠭ᠎ᠠ ᠶᠢᠨ ᠬᠠᠨ᠎ᠠ ᠶᠢᠨ ᠳᠣᠣᠷᠠᠬᠢ ᠦᠭᠡᠨ ᠳᠤ ᠤᠯᠠᠮᠵᠢᠯᠠᠬᠤ᠂ ᠳᠡᠪᠦᠷ᠎ᠡ ᠳᠠᠯᠪᠠᠭ᠎ᠠ ᠪᠠᠷ ᠰᠤᠷ ᠬᠠᠷᠪᠤᠬᠤ᠂ ᠪᠦᠲᠦᠭᠡᠯᠴᠢ ᠭᠠᠷ ᠤᠷᠠᠯᠠᠯ ᠤᠨ ᠰᠢᠷᠳᠡᠮᠡᠯ ᠳᠡᠪᠢᠭᠦᠷ ᠵᠡᠷᠭᠡ 5 ᠬᠡᠰᠡᠭ ᠪᠣᠭᠤᠮᠲᠠ ᠪᠠᠷ ᠥᠩᠭᠡᠷᠡᠬᠦ ᠡᠭᠦᠷᠭᠡ ᠶᠢ ᠠᠮᠲᠠᠯᠠᠬᠤ ᠪᠠᠷ ᠳᠠᠮᠵᠢᠭᠤᠯᠤᠨ᠂ ᠭᠦᠨ ᠵᠤᠵᠠᠭᠠᠨ ᠪᠣᠯᠪᠠᠰᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠭᠤᠷ ᠠᠮᠢᠰᠬᠤᠯ ᠤᠨ ᠳᠤᠮᠳᠠ ︽ᠪᠣᠭᠤᠮᠲᠠ ᠪᠠᠷ ᠥᠩᠭᠡᠷᠡᠬᠦ ᠪᠢᠴᠢᠭ︾ ᠢ ᠣᠯᠵᠤ᠂ ᠨᠡᠶᠢᠭᠡᠮ ᠲᠣᠭᠤᠷᠢᠭ ᠤᠨ ᠣᠯᠠᠨ ᠤ ᠲᠢᠩᠬᠢᠮ ᠳᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠣᠶᠢᠯᠠᠭᠠᠵᠠᠢ᠃    ᠵᠢᠷᠭᠤᠳᠤᠭᠠᠷ ᠭᠢᠯᠠᠰ ᠴᠡᠭ᠄    ᠬᠡᠪ ᠵᠠᠩᠰᠢᠯ ᠢ ᠥᠭᠡᠷᠡᠴᠢᠯᠡᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠬᠡᠪ ᠵᠠᠩᠰᠢᠯ ᠢ ᠥᠭᠡᠷᠡᠴᠢᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠡᠨᠡ ᠵᠢᠯ ᠤᠨ 8 ᠰᠠᠷ᠎ᠠ ᠳᠤ᠂ ︽ᠲᠠᠪᠤᠨ ᠭᠠᠷᠳᠠᠴᠠ︾ ᠶᠢᠨ ᠬᠠᠭᠤᠴᠢᠨ ᠬᠡᠪ ᠵᠠᠩᠰᠢᠯ ᠢ ᠥᠭᠡᠷᠡᠴᠢᠯᠡᠬᠦ ᠲᠦᠷᠦᠯ ᠲᠡᠮᠳᠡᠭ ᠢ ᠨᠠᠷᠢᠨ ᠨᠢᠮᠪᠠᠢ ᠠᠭᠤᠳᠠᠯᠤᠨ ᠡᠭᠦᠳᠴᠦ᠂ ᠠᠭᠤᠯᠭ᠎ᠠ ᠨᠢ ᠦᠨᠳᠦᠰᠦᠨ ᠱᠠᠲᠤᠨ ᠤ ᠬᠡᠪ ᠵᠠᠩᠰᠢᠯ ᠢ ᠥᠭᠡᠷᠡᠴᠢᠯᠡᠬᠦ ᠠᠵᠢᠯ ᠤᠨ ᠪᠣᠳᠠᠲᠤ ᠪᠠᠶᠢᠳᠠᠯ ᠢ ᠠᠮᠢᠳᠤᠯᠢᠭ ᠢᠶᠠᠷ ᠲᠤᠰᠬᠠᠵᠤ᠂ ᠷᠠᠳᠢᠣ᠋ ᠨᠡᠪᠲᠡᠷᠡᠭᠦᠯᠭᠡ ᠶᠢᠨ ︽ᠤᠬᠠᠭᠤᠯᠤᠨ ᠲᠠᠶᠢᠯᠪᠤᠷᠢᠯᠠᠬᠤ︾᠂ ᠺᠠᠳ᠋ᠷ ᠣᠷᠣᠯᠠᠨ ︽ᠰᠢᠨ᠎ᠡ ᠰᠤᠷᠲᠠᠯ ᠢ ᠪᠣᠢ ᠪᠣᠯᠭᠠᠬᠤ︾ ᠶᠢ ᠰᠦᠪᠡᠭᠴᠢᠯᠡᠨ ᠳ᠋ᠦᠩᠨᠡᠵᠦ᠂ ︽ᠲᠥᠷᠥ ᠶᠢᠨ ᠪᠣᠳᠣᠯᠭ᠎ᠠ ᠶᠢ ᠦᠵᠡᠬᠦ︾ ᠣᠳᠣᠨ ᠳᠡᠰ ᠤᠨ ᠪᠣᠯᠪᠠᠰᠤᠨ ᠤ ︽ᠬᠡᠪ ᠰᠤᠷᠲᠠᠯ ᠢ ᠵᠠᠮᠴᠢᠯᠠᠵᠤ︾᠂ ᠶᠣᠰᠣ ᠰᠤᠷᠲᠠᠬᠤᠨ ᠤ ᠬᠤᠷᠠᠮᠳᠤᠯ ᠬᠤᠪᠢ ︽ᠬᠡᠪ ᠳᠠᠭᠤᠷᠢᠶᠠᠯ ᠢ ᠤᠭᠲᠤᠬᠤ︾ ︽ᠲᠠᠪᠤᠨ ᠭᠠᠷᠳᠠᠴᠠ︾ ᠶᠢᠨ ᠬᠡᠪ ᠵᠠᠩᠰᠢᠯ ᠢ ᠥᠭᠡᠷᠡᠴᠢᠯᠡᠭᠰᠡᠨ ᠲᠦᠷᠦᠯ ᠲᠡᠮᠳᠡᠭ ᠢ ᠪᠣᠢ ᠪᠣᠯᠭᠠᠪᠠ᠃ ︽ᠬᠡᠪ ᠵᠠᠩᠰᠢᠯ ᠢ ᠥᠭᠡᠷᠡᠴᠢᠯᠡᠨ ᠵᠡᠭᠦᠨ ᠠᠩᠭᠢ ᠶᠢ ᠪᠠᠶᠢᠭᠤᠯᠵᠤ᠂ ᠨᠠᠶᠢᠷ ᠲᠠᠯ᠎ᠠ ᠶᠢᠨ ︽ᠬᠤᠪᠢ ᠪᠠᠨ ᠬᠠᠰᠤᠬᠤ︾ ᠳᠤ ᠪᠣᠯᠪᠠᠰᠤᠨ ᠬᠤᠪᠢ ᠨᠡᠮᠡᠶ᠎ᠡ - ᠪᠤᠭᠤᠲᠤ ᠬᠤᠲᠠ ᠶᠢᠨ ᠭᠦᠶᠡᠩ ᠰᠢᠶᠠᠨ ᠤ ᠬᠤᠸᠠᠢ ᠱᠦᠸᠧ ᠪᠠᠯᠭᠠᠰᠤᠨ ᠤ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠭᠰᠠᠨ ᠬᠡᠷᠡᠭ ᠤᠨ ᠵᠢᠱᠢᠶ᠎ᠡ︾ ᠨᠢ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠡᠪ ᠵᠠᠩᠰᠢᠯ ᠢ ᠥᠭᠡᠷᠡᠴᠢᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠠᠮᠵᠢᠯᠲᠠ ᠲᠠᠢ ᠰᠣᠩᠭᠤᠭᠳᠠᠪᠠ᠃    ᠲᠤᠯᠤᠳᠤᠭᠠᠷ ᠭᠢᠯᠠᠰ ᠴᠡᠭ᠄    12 ᠰᠠᠷ᠎ᠠ ᠶᠢᠨ 2 ᠤ ᠡᠳᠦᠷ᠂ ᠭᠦᠶᠡᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ᠂ ᠠᠮᠧᠷᠢᠺᠠ ᠶᠢᠨ ᠪᠦᠯᠬᠦᠮ ᠤᠨ ᠭᠠᠳᠠᠭᠰᠢ ᠬᠤᠳᠠᠯᠳᠤᠬᠤ ᠮᠣᠷᠢᠲᠤ ᠴᠡᠷᠢᠭ᠂ ᠰᠤᠷᠤᠭᠴᠢ ᠶᠢᠨ ᠲᠥᠯᠥᠭᠡᠯᠡᠭᠴᠢ ᠵᠡᠷᠭᠡ ᠣᠯᠠᠨ ᠨᠢᠭᠡᠴᠡ ᠲᠠᠢ ᠬᠠᠮᠲᠤᠷᠠᠨ ︽ᠪᠣᠯᠪᠠᠰᠤᠨ ᠵᠠᠮ ᠬᠠᠷᠢᠯᠴᠠᠭ᠎ᠠ ᠭᠠᠷ ᠬᠤᠯᠪᠣᠨ ᠬᠠᠮᠲᠤᠪᠠᠷ ᠡᠭᠦᠳᠬᠦ︾ ᠭᠤᠣᠯ ᠰᠡᠳᠦᠪᠲᠦ ᠠᠷᠪᠠᠨ ᠭᠤᠷᠪᠠᠳᠤᠭᠠᠷ 122 ︽ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢ ᠥᠷᠨᠢᠭᠦᠯᠵᠦ᠂ 200 ᠭᠠᠷᠤᠢ ᠬᠤᠪᠢ ᠮᠠᠲ᠋ᠧᠷᠢᠶᠠᠯ ᠲᠠᠷᠬᠠᠭᠠᠵᠤ᠂ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠢᠯᠣᠭᠤᠴᠢ ᠳᠤ 30 ᠠᠮᠤᠷ ᠲᠦᠪᠰᠢᠨ ᠤ ᠳᠤᠭᠤᠯᠠᠭ᠎ᠠ ᠶᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠵᠤ᠂ ︽ᠪᠣᠯᠪᠠᠰᠤᠨ ᠵᠠᠮ ᠬᠠᠷᠢᠯᠴᠠᠭ᠎ᠠ ᠭᠠᠷ ᠬᠤᠯᠪᠣᠨ ᠬᠠᠮᠲᠤ ᠪᠠᠷ ᠡᠭᠦᠳᠬᠦ︾ ᠶᠢ ᠪᠣᠯᠪᠠᠰᠤᠨ ᠢᠶᠠᠷ ᠶᠠᠪᠤᠵᠤ ᠰᠠᠭᠤᠬᠤ ᠰᠢᠨ᠎ᠡ ᠬᠡᠪ ᠰᠤᠷᠲᠠᠯ ᠪᠣᠯᠭᠠᠪᠠ᠃    ᠨᠠᠢᠮᠠᠳᠤᠭᠠᠷ ᠭᠢᠯᠠᠰ ᠴᠡᠭ᠄    ︽ᠭᠤᠷᠪᠠ ᠶᠢ ᠬᠥᠳᠡᠭᠡ ᠳᠤ ᠬᠦᠷᠭᠡᠬᠦ︾ ︽ᠲᠤᠰᠬᠤᠨ ᠳᠤ ᠬᠦᠷᠴᠦ ᠰᠢ ᠦᠵᠡᠬᠦ︾ ᠬᠥᠳᠡᠭᠡ ᠲᠤᠰᠬᠤᠨ ᠤ ᠪᠣᠯᠪᠠᠰᠤᠨ ᠤ ᠰᠢᠨ᠎ᠡ ᠬᠡᠪ ᠰᠤᠷᠲᠠᠯ ᠢ ᠪᠠᠳᠠᠷᠠᠭᠤᠯᠤᠶ᠎ᠠ᠃ 10 ᠰᠠᠷ᠎ᠠ ᠶᠢᠨ 9 ᠤ ᠡᠳᠦᠷ᠂ ᠭᠦᠶᠡᠩ ᠰᠢᠶᠠᠨ ᠤ ︽ᠭᠤᠷᠪᠠ ᠶᠢ ᠬᠥᠳᠡᠭᠡ ᠪᠠᠭᠤᠯᠭᠠᠬᠤ︾ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠵᠢᠴᠢ ᠬᠤᠸᠠᠢ ᠱᠦᠸᠧ ᠪᠠᠯᠭᠠᠰᠤᠨ ᠤ ︽ᠲᠣᠰᠬᠤᠨ ᠳᠠᠭᠠᠨ ᠪᠤᠴᠠᠵᠤ ᠰᠢ ᠦᠵᠡᠬᠦ︾ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠪᠥᠬᠦ ᠰᠢᠶᠠᠨ ᠤ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠵᠢᠱᠢᠶ᠎ᠡ ᠦᠵᠡᠭᠦᠯᠬᠦ ᠡᠩᠨᠡᠭᠡ ᠨᠢ ᠡᠮᠴᠢᠯᠡᠭᠡ ᠡᠷᠡᠭᠦᠯ ᠮᠡᠨᠳᠦ ᠶᠢᠨ ᠯᠠᠪᠯᠠᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠰᠬᠦᠯᠡᠩ᠂ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠦᠨᠳᠦᠰᠦᠨ ᠱᠠᠲᠤᠨ ᠳᠤ ᠪᠠᠭᠤᠯᠭᠠᠬᠤ᠂ ᠴᠠᠬᠢᠯᠭᠠᠨ ᠬᠤᠯᠪᠣᠭᠠᠨ ᠤ ᠮᠡᠬᠡᠯᠡᠯ ᠢ ᠴᠢᠩᠭ᠎ᠠ ᠰᠡᠷᠭᠡᠶᠢᠯᠡᠬᠦ᠂ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ᠂ ᠬᠠᠤᠯᠢ ᠶᠢ ᠬᠥᠳᠡᠭᠡ ᠪᠠᠭᠤᠯᠭᠠᠬᠤ ᠶᠢ ᠦᠨᠳᠦᠰᠦᠨ ᠱᠠᠲᠤᠨ ᠳᠤ ᠬᠦᠷᠭᠡᠬᠦ᠂ ︽ᠤᠴᠢᠷ ᠲᠤ ᠪᠠᠷᠢᠭᠤᠯᠬᠤ᠂ ᠲᠠᠷᠢᠶᠠᠯᠠᠩ ᠢ ᠳᠡᠮᠵᠢᠵᠦ ᠨᠠᠮᠤᠷ ᠤᠨ ᠬᠤᠷᠢᠶᠠᠯᠲᠠ ᠶᠢ ᠴᠢᠩᠭᠠᠳᠬᠠᠬᠤ︾ ᠵᠡᠷᠭᠡ ᠭᠤᠣᠯ ᠰᠡᠳᠦᠪᠲᠦ ᠵᠢᠱᠢᠶ᠎ᠡ ᠦᠵᠡᠭᠦᠯᠬᠦ ᠲᠥᠷᠥᠯ ᠵᠦᠢᠯ ᠢ ᠥᠷᠨᠢᠭᠦᠯᠪᠡ᠃ ᠱᠠᠨ ᠰᠢ ᠵᠦᠴᠦᠭᠡ ︽ᠠᠭᠤᠯᠠᠨ ᠳᠤ ᠶᠠᠪᠤᠬᠤ︾᠂ ᠮᠠᠨ ᠬᠠᠨ ᠵᠢᠵᠢᠭ ᠰᠢ ︽ᠬᠥᠮᠦᠰ ᠤᠨ ᠰᠡᠳᠬᠢᠯ ᠢ ᠳᠤᠯᠠᠭᠠᠴᠠᠭᠤᠯᠬᠤ︾᠂ ᠡᠯ ᠷᠧᠨ ᠲᠠᠢ ︽ᠪᠣᠭᠤᠷᠰᠤᠭ︾ ᠵᠡᠷᠭᠡ ᠲᠣᠭᠯᠠᠯᠲᠠ ᠨᠢ ᠲᠣᠰᠬᠤᠨ ᠤ ᠠᠷᠠᠳ ᠣᠯᠠᠨ ᠳᠤ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠠᠪᠴᠢᠷᠠᠵᠤ ᠥᠭᠪᠡ᠃    ᠶᠢᠰᠦᠳᠦᠭᠡᠷ ᠭᠢᠯᠠᠰ ᠴᠡᠭ᠄    ᠣᠯᠠᠨ ᠲᠦᠮᠡᠨ ᠤ ᠵᠣᠪᠠᠭᠤᠷᠢ ᠵᠦᠳᠡᠭᠦᠷᠢ ᠶᠢ ᠠᠷᠢᠯᠭᠠᠵᠤ ︽ᠭᠠᠷ ᠭᠠᠷ ᠢᠶᠠᠨ ᠳᠡᠯᠭᠡᠬᠦ︾ ᠬᠠᠶᠢᠷ᠎ᠠ ᠬᠠᠯᠠᠮᠵᠢ ᠬᠦᠷᠭᠡᠬᠦ ᠶᠢ ᠬᠦᠰᠡᠵᠦ ᠪᠠᠶᠢᠨ᠎ᠠ᠃ 2024 ᠣᠨ ᠳᠤ᠂ ᠪᠥᠬᠦ ᠰᠢᠶᠠᠨ ᠢᠶᠠᠷ ᠢᠶᠠᠨ ︽ᠭᠠᠷ ᠢᠶᠠᠨ ᠡᠷᠭᠦᠬᠦ︾ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ ᠭᠤᠣᠯᠳᠠᠭᠤ ᠡᠳ᠋ ᠪᠣᠳᠠᠰ ᠢ ᠰᠢᠯᠵᠢᠭᠦᠯᠦᠨ ᠬᠦᠷᠭᠡᠬᠦ᠂ ᠲᠠᠷᠢᠵᠤ ᠬᠤᠷᠢᠶᠠᠬᠤ᠂ ᠵᠥᠭᠡᠭᠡᠪᠦᠷᠢᠯᠡᠵᠦ ᠳᠡᠯᠭᠡᠬᠦ᠂ ᠬᠠᠳᠠᠭᠠᠯᠠᠵᠤ ᠪᠣᠷᠣᠯᠠᠭᠤᠯᠬᠤ ᠵᠡᠷᠭᠡ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠲᠠᠯ᠎ᠠ ᠪᠠᠷ ︽ᠶᠠᠷᠢᠯᠴᠠᠭ᠎ᠠ ᠬᠢᠵᠦ · ᠭᠠᠷ ᠢᠶᠠᠨ ᠬᠤᠯᠪᠣᠬᠤ︾ ᠦᠢᠯᠡᠴᠢᠯᠡᠭᠡ ᠥᠷᠨᠢᠭᠦᠯᠵᠡᠢ᠃ ᠡᠭᠦᠨ ᠤ ᠬᠠᠮᠲᠤ ᠠᠯᠪᠠᠨ ᠵᠢᠷᠤᠮ ᠤᠨ ᠡᠮᠴᠢᠯᠡᠭᠡ ᠶᠢ ᠲᠣᠰᠬᠤᠨ ᠳᠤ ᠣᠷᠣᠭᠤᠯᠬᠤ᠂ ᠲᠠᠷᠢᠶᠠᠯᠠᠩ ᠤᠨ ᠮᠠᠰᠢᠨ ᠢ ᠰᠡᠯᠪᠢᠨ ᠵᠠᠰᠠᠬᠤ᠂ ᠠᠵᠢᠯ ᠣᠯᠭᠤᠬᠤ ᠲᠠᠨᠢᠯᠴᠠᠭᠤᠯᠭ᠎ᠠ ᠵᠡᠷᠭᠡ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠣᠨᠣᠯ ᠤᠨ ᠤᠬᠠᠭᠤᠯᠭ᠎ᠠ ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ᠬᠡᠪ ᠵᠠᠩᠰᠢᠯ ᠢ ᠥᠭᠡᠷᠡᠴᠢᠯᠡᠬᠦ ᠵᠡᠷᠭᠡ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠥᠷᠨᠢᠭᠦᠯᠵᠦ᠂ ︽ᠦᠭᠡ ᠰᠤᠨᠳᠠᠯᠠᠬᠤ︾ ᠦᠢᠯᠡᠴᠢᠯᠡᠭᠡ ᠶᠢ ᠥᠷᠨᠢᠭᠦᠯᠵᠦ᠂ ᠨᠡᠶᠢᠲᠡ 500 ᠭᠠᠷᠤᠢ ᠤᠳᠠᠭ᠎ᠠ ᠠᠵᠢᠯᠯᠠᠭ᠎ᠠ ᠥᠷᠨᠢᠭᠦᠯᠪᠡ᠃ ᠪᠣᠯᠪᠠᠰᠤᠨ ᠤ ᠤᠬᠠᠭᠤᠯᠭ᠎ᠠ ᠪᠠ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠵᠦ᠂ ᠣᠯᠠᠨ ᠲᠦᠮᠡᠨ ᠲᠠᠢ ᠬᠠᠷᠢᠯᠴᠠᠬᠤ ᠪᠠ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧ᠊ᠲ‍ᠷ︾ ᠢ ᠨᠡᠪᠲᠡᠷᠡᠭᠦᠯᠦᠨ᠎ᠡ᠃    ᠠᠷᠪᠠᠳᠤᠭᠠᠷ ᠭᠢᠯᠠᠰ ᠴᠡᠭ᠄     ᠵᠠᠩ ᠲᠠᠳᠬᠠᠯ ᠢ ᠥᠭᠡᠷᠡᠴᠢᠯᠡᠬᠦ ᠦᠵᠡᠭᠦᠯᠦᠯᠭᠡ ᠶᠢᠨ ᠭᠢᠯᠠᠰ ᠴᠡᠭ ᠣᠯᠠᠨ᠃ 12 ᠰᠠᠷ᠎ᠠ ᠶᠢᠨ 20 ᠤ ᠡᠳᠦᠷ᠂ ᠨᠠᠷᠢᠨ ᠨᠢᠮᠪᠠᠢ ᠨᠠᠶᠢᠷᠠᠭᠤᠯᠤᠨ ᠪᠢᠴᠢᠵᠦ ᠬᠦᠷᠭᠡᠭᠰᠡᠨ ᠬᠡᠪ ᠵᠠᠩᠰᠢᠯ ᠢ ᠥᠭᠡᠷᠡᠴᠢᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠣᠭᠯᠠᠯᠲᠠ ᠨᠢ ᠪᠦᠬᠦ ᠬᠤᠲᠠ ᠶᠢᠨ ︽ᠪᠣᠯᠪᠠᠰᠤᠨ ᠵᠠᠩ ᠳᠠᠳᠬᠠᠯ ᠢ ᠲᠥᠪ ᠪᠣᠯᠭᠠᠬᠤ · ᠰᠢᠨ᠎ᠡ ᠰᠤᠷᠲᠠᠯ ᠲᠦᠮᠡᠨ ᠡᠷᠦᠬᠡ ᠶᠢ ᠤᠮᠳᠠᠯᠠᠬᠤ︾ ᠬᠡᠪ ᠵᠠᠩᠰᠢᠯ ᠢ ᠥᠭᠡᠷᠡᠴᠢᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠦᠵᠡᠭᠦᠯᠦᠯᠭᠡ ᠶᠢᠨ ᠠᠵᠢᠯᠯᠠᠭ᠎ᠠ ᠳᠤ ᠭᠤᠶᠢᠳᠠ ᠰᠠᠶᠢᠬᠠᠨ ᠳᠡᠯᠭᠡᠨ ᠦᠵᠡᠭᠦᠯᠵᠦ ᠪᠣᠯᠬᠤ ᠦᠭᠡᠢ᠃ ᠬᠤᠸᠠᠢ ᠱᠦᠸᠧ ᠪᠠᠯᠭᠠᠰᠤᠨ ᠤ ︽ᠲᠠᠪᠤᠨ ᠭᠠᠷᠳᠠᠴᠠ︾ ᠶᠢᠨ ᠬᠠᠭᠤᠴᠢᠨ ᠬᠡᠪ ᠵᠠᠩᠰᠢᠯ ᠢ ᠥᠭᠡᠷᠡᠴᠢᠯᠡᠬᠦ ᠲᠦᠷᠦᠯ ᠲᠡᠮᠳᠡᠭ ᠢ ᠨᠠᠶᠢᠷᠠᠭᠤᠯᠤᠨ ᠵᠣᠬᠢᠶᠠᠵᠤ᠂ ᠦᠨᠳᠦᠰᠦᠨ ᠱᠠᠲᠤᠨ ᠤ ᠵᠠᠩ ᠳᠠᠳᠬᠠᠯ ᠢ ᠥᠭᠡᠷᠡᠴᠢᠯᠡᠬᠦ ᠠᠵᠢᠯ ᠤᠨ ᠪᠣᠳᠠᠲᠤ ᠪᠠᠶᠢᠳᠠᠯ ᠢ ᠠᠮᠢᠳᠤᠯᠢᠭ ᠢᠶᠠᠷ ᠲᠤᠰᠬᠠᠵᠤ᠂ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠦᠭᠡ ᠪᠠᠷ ᠬᠤᠸᠠᠢ ᠱᠦᠸᠧ ᠪᠠᠯᠭᠠᠰᠤᠨ ᠤ ᠥᠪᠡᠷᠮᠢᠴᠡ ᠷᠢᠳᠢ ᠰᠢᠳᠢ ᠪᠣᠯᠤᠨ ᠭᠦᠨ ᠵᠤᠵᠠᠭᠠᠨ ᠠᠭᠤᠯᠤᠭᠳᠠᠬᠤᠨ ᠢ ᠵᠢᠷᠤᠭᠯᠠᠪᠠ᠃    ᠠᠷᠪᠠᠨ ᠨᠢᠭᠡᠳᠦᠭᠡᠷ ᠭᠢᠯᠠᠰ ᠴᠡᠭ᠄    ᠬᠥᠳᠡᠭᠡ ᠲᠤᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ ᠬᠥᠳᠡᠭᠡ ᠲᠤᠰᠬᠤᠨ ᠤ ᠰᠢᠨ᠎ᠡ ᠬᠤᠪᠢᠷᠠᠯᠲᠠ ᠶᠢ ᠲᠤᠷᠠᠰᠬᠠᠶ᠎ᠠ᠃ ︽ᠮᠢᠨᠦ ᠰᠢᠶᠠᠩ ᠤᠨ ᠳᠠᠷᠤᠭ᠎ᠠ ᠮᠢᠨᠦ ᠪᠦᠯᠬᠦᠮ︾ ᠤᠨ ᠰᠦᠯᠵᠢᠶᠡᠨ ᠠᠴᠠ ᠭᠠᠳᠠᠭᠤᠷᠬᠢ ᠦᠷᠭᠦᠯᠵᠢᠯᠡᠭᠰᠡᠨ ᠠᠵᠢᠯᠯᠠᠭ᠎ᠠ ᠶᠢ ᠭᠦᠨᠵᠡᠭᠡᠢ ᠥᠷᠭᠡᠳᠬᠡᠵᠦ᠂ ︽ᠲᠠᠷᠢᠶᠠᠯᠠᠩ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠶᠢᠨ ᠨᠡᠶᠢᠲᠡ ᠶᠢᠨ ᠠᠰᠠᠷᠠᠮᠵᠢ ᠶᠢᠨ ᠬᠥᠳᠡᠭᠡ ᠲᠣᠰᠬᠤᠨ ᠤ ᠠᠶᠠᠯᠠᠯ ᠤᠨ ᠰᠢᠷᠢᠰ ᠠᠵᠢᠯᠯᠠᠭ᠎ᠠ ᠶᠢ ᠠᠭᠤᠰᠤᠯᠴᠠᠭᠤᠯᠵᠤ ᠶᠢᠨ ᠬᠤᠤ ᠪᠠᠯᠭᠠᠰᠤ᠂ ᠰᠢ ᠳ᠋ᠧᠦ ᠫᠦ᠋ ᠪᠠᠯᠭᠠᠰᠤᠨ ᠳᠤ ᠬᠦᠷᠪᠡ᠃ ︽ᠮᠢᠩᠭᠠᠨ ᠬᠥᠮᠦᠨ ᠬᠤᠨᠴᠢᠷ ᠭᠠᠭ᠋ᠠᠢ ᠶᠢᠨ ᠳᠠᠶᠢᠯᠠᠯᠭ᠎ᠠ ᠶᠢᠨ ᠴᠤᠪᠤᠷᠠᠯ ᠬᠦᠳᠡᠯᠭᠡᠭᠡᠨ︾ ᠢ ᠥᠷᠨᠢᠭᠦᠯᠬᠦ ᠪᠠᠷ ᠳᠠᠮᠵᠢᠭᠤᠯᠤᠨ᠂ ᠭᠤᠣᠯᠳᠠᠭᠤ ᠪᠠᠷᠠᠭ᠎ᠠ ᠴᠦᠨ ᠺᠦᠨ ᠬᠤᠨᠢᠨ ᠮᠢᠬ᠎ᠠ᠂ ︽ᠳ᠋ᠧᠦ ᠫᠦᠸᠧ ᠰᠡᠳᠬᠢᠯᠭᠡ︾ ᠬᠤᠨᠴᠢᠷ ᠵᠡᠷᠭᠡ 10 ᠭᠠᠷᠤᠢ ᠵᠦᠢᠯ ᠤᠨ ᠮᠥᠩᠭᠦᠨ ᠲᠡᠮᠳᠡᠭᠲᠦ ᠪᠠᠯᠭᠠᠰᠤ᠂ ᠰᠢ ᠳ᠋ᠧᠦ ᠫᠦ᠋ ᠪᠠᠯᠭᠠᠰᠤᠨ ᠤ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠡᠷᠬᠢᠯᠡᠵᠦ᠂ ᠬᠥᠳᠡᠭᠡ ᠲᠣᠰᠬᠤᠨ ᠤ ᠵᠠᠩ ᠳᠠᠳᠬᠠᠯ ᠢ ᠮᠡᠳᠡᠷᠡᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠬᠡᠷᠡᠭᠯᠡᠭᠡᠨ ᠤ ᠳᠡᠰ ᠳᠡᠪᠰᠢᠬᠦ ᠶᠢ ᠠᠬᠢᠭᠤᠯᠪᠠ᠃    ᠠᠷᠪᠠᠨ ᠬᠤᠶᠠᠳᠤᠭᠠᠷ ᠭᠢᠯᠠᠰ ᠴᠡᠭ᠄    ᠪᠣᠯᠪᠠᠰᠤᠨ ᠰᠤᠷᠭᠠᠭᠤᠯᠢ ᠶᠢᠨ ᠬᠦᠷᠢᠶ᠎ᠡ ᠡᠭᠦᠳᠦᠨ ᠪᠠᠶᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ 12 ᠰᠠᠷ᠎ᠠ ᠶᠢᠨ 27 ᠤ ᠡᠳᠦᠷ᠂ ᠭᠦᠶᠡᠩ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ︽ᠪᠢᠴᠢᠭ ᠤᠨ ᠰᠤᠷᠪᠤᠯᠵᠢᠲᠤ ᠦᠨᠦᠷ · ᠵᠣᠯ ᠵᠢᠷᠭᠠᠯᠲᠤ ᠠᠮᠢᠳᠤᠷᠠᠯ︾ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠦᠷ᠎ᠡ ᠪᠦᠲᠦᠭᠡᠯ ᠢ ᠬᠤᠪᠢᠶᠠᠯᠴᠠᠨ ᠡᠳ᠋ᠯᠡᠬᠦ ᠠᠵᠢᠯᠯᠠᠭ᠎ᠠ ᠥᠷᠨᠢᠭᠦᠯᠪᠡ᠃ ᠨᠣᠮ ᠤᠩᠰᠢᠬᠤ ᠬᠢᠴᠢᠶᠡᠯ ᠤᠨ ᠦᠵᠡᠭᠦᠯᠦᠯᠭᠡ ᠪᠠ ᠨᠣᠮ ᠤᠩᠰᠢᠬᠤ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠠᠮᠵᠢᠯᠠᠯᠲᠤ ᠤᠩᠰᠢᠯᠭ᠎ᠠ ᠶᠢᠨ ᠲᠣᠭᠲᠠᠩᠭᠤᠢ ᠵᠠᠭᠪᠤᠷ ᠢ ᠡᠪᠳᠡᠵᠦ᠂ ᠦᠰᠦᠭ ᠪᠢᠴᠢᠭ ᠢ ᠲᠠᠪᠴᠠᠩ ᠳᠡᠭᠡᠷ᠎ᠡ ︽ᠠᠮᠢᠳᠤᠯᠢᠭ︾ ᠪᠣᠯᠭᠠᠬᠤ ᠪᠠᠷ ᠳᠠᠮᠵᠢᠭᠤᠯᠤᠨ᠂ ᠪᠠᠭᠠᠲᠤᠷ ᠬᠥᠮᠦᠰ ᠤᠨ ᠦᠯᠢᠭᠡᠷ ᠢ ᠶᠠᠷᠢᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠪᠠᠷ ᠳᠠᠮᠵᠢᠭᠤᠯᠵᠤ᠂ ᠨᠠᠰᠤᠨ ᠳᠤ ᠦᠯᠦ ᠬᠦᠷᠦᠭᠰᠡᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ ᠪᠠ ᠥᠷᠲᠡᠭ ᠤᠨ ᠦᠵᠡᠯᠲᠡ ᠶᠢ ᠪᠣᠢ ᠪᠣᠯᠭᠠᠵᠤ᠂ ᠬᠥᠮᠦᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠣᠪᠴᠢᠯᠠᠵᠤ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠪᠣᠯᠤᠨ ᠪᠦᠬᠦ ᠠᠷᠠᠳ ᠤᠨ ᠤᠩᠰᠢᠯᠭ᠎ᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号