ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ | ᠬᠤᠸᠠᠢ ᠱᠦᠸᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠨᠥᠬᠦᠳ ᠡ᠂ ᠨᠠᠶᠢᠵᠠ ᠨᠠᠷ ᠡ᠄ | ᠴᠠᠭ ᠤᠨ ᠳᠠᠷᠠᠭᠠᠯᠠᠯ ᠤᠨ ᠰᠣᠯᠢᠭᠳᠠᠯ ᠰᠢᠨ᠎ᠡ ᠡᠳᠦᠷ ᠰᠢᠨᠡᠳᠪᠡ᠃ ᠥᠷᠢᠰᠥᠯᠳᠦᠭᠡᠨ ᠪᠠ ᠬᠤᠷᠢᠶᠠᠯᠲᠠ ᠶᠢ | ᠳᠦᠭᠦᠷᠲᠡᠯ᠎ᠡ ᠲᠡᠭᠡᠭᠡᠭᠰᠡᠨ 2024 ᠣᠨ ᠳᠤ᠂ ᠠᠵᠠ ᠲᠣᠬᠢᠶᠠᠯ ᠪᠠ ᠬᠦᠰᠡᠯ ᠡᠷᠡᠮᠡᠯᠵᠡᠯ ᠢᠶᠠᠷ ᠪᠢᠯᠬᠠᠮ᠎ᠠ 2025 | ᠣᠨ ᠳᠤ ᠢᠯᠡ ᠲᠣᠳᠣ ᠠᠯᠬᠤᠨ ᠣᠷᠣᠪᠠ᠃ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠡᠨᠡ | ᠰᠠᠶᠢᠬᠠᠨ ᠴᠠᠭ ᠮᠥᠴᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠬᠤᠸᠠᠢ ᠱᠦᠸᠧ | ᠪᠠᠯᠭᠠᠰᠤᠨ ᠤ ᠬᠤᠷᠢᠶ᠎ᠡ᠂ ᠭᠦᠶᠡᠩ ᠰᠢᠶᠠᠨ ᠤ ᠬᠤᠸᠠᠢ ᠱᠦᠸᠧ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠠᠴᠠ ᠪᠦᠬᠦ ᠪᠠᠯᠭᠠᠰᠤᠨ ᠤ ᠠᠷᠠᠳ ᠲᠦᠮᠡᠨ ᠪᠣᠯᠤᠨ ᠬᠤᠸᠠᠢ ᠱᠦᠸᠧ ᠪᠠᠯᠭᠠᠰᠤᠨ ᠤ ᠬᠥᠭᠵᠢᠯᠲᠡ ᠶᠢ | ᠬᠠᠯᠠᠮᠵᠢᠯᠠᠵᠤ᠂ ᠳᠡᠮᠵᠢᠵᠦ᠂ ᠣᠷᠣᠯᠴᠠᠭᠰᠠᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠰᠢᠨ᠎ᠡ ᠵᠢᠯ ᠤᠨ | ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠦᠶ᠎ᠡ︕ ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ | ᠰᠢᠶᠠᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠢᠷ ᠢ ᠰᠦᠷᠦᠨ ᠤᠷᠤᠭᠰᠢᠯᠠᠵᠤ᠂ ᠨᠠᠮ ᠤᠨ ᠪᠠᠶᠢᠭᠤᠯᠤᠯᠲᠠ᠂ ᠠᠵᠤ | ᠠᠬᠤᠢ ᠶᠢᠨ ᠬᠥᠭᠵᠢᠯᠲᠡ᠂ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠠᠷᠠᠳ ᠤᠨ ᠠᠮᠢᠳᠤᠷᠠᠯ ᠤᠨ ᠠᠵᠠ ᠵᠢᠷᠭᠠᠯ᠂ ᠠᠮᠤᠷ ᠲᠦᠪᠰᠢᠨ ᠲᠣᠭᠲᠠᠭᠤᠨ ᠵᠡᠷᠭᠡ | ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ | ᠣᠯᠵᠤ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ | ᠠᠯᠬᠤᠮ ᠢ ᠠᠯᠬᠤᠪᠠ᠃ | ᠡᠨᠡ ᠨᠢᠭᠡ ᠵᠢᠯ ᠳᠤ᠂ ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ | ᠡᠷᠡᠮᠡᠬᠡᠶᠢᠯᠡᠨ ᠤᠷᠤᠭᠰᠢᠯᠠᠵᠤ᠂ ᠰᠠᠶᠢᠨ ᠰᠠᠶᠢᠬᠠᠨ ᠦᠨᠳᠦᠰᠦᠨ ᠥᠩᠭᠡ ᠶᠢ ᠬᠡᠷᠡᠯᠳᠦᠬᠦᠯᠪᠡ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ | ᠬᠤᠭᠤᠴᠠᠭᠠᠨ᠋ ᠤ ᠲᠥᠪ ᠬᠤᠷᠢᠶᠠᠨ᠋ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ | ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ︾ ᠪᠠ ︽ᠤᠷᠤᠭᠰᠢ ᠲᠡᠮᠡᠴᠡᠬᠦ︾ ᠲᠤᠰᠬᠠᠢ ᠠᠵᠢᠯᠯᠠᠭ᠎ᠠ ᠶᠢ ᠯᠠᠪᠳᠠᠭᠤᠨ | ᠪᠠᠲᠤᠲᠠᠢ ᠠᠬᠢᠭᠤᠯᠵᠤ᠂ ᠤᠯᠠᠨ ᠲᠦᠮᠡᠨ᠋ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠳᠤ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠲᠣᠪᠤᠶᠢᠮ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠠ ᠶᠢ ᠬᠦᠭᠵᠢᠬᠦᠯᠵᠦ᠂ ᠪᠦᠬᠦ ᠪᠠᠯᠭᠠᠰᠤ ᠪᠠᠷ ᠢᠶᠠᠨ | ᠨᠡᠩ ᠡᠷᠡᠰ ᠭᠤᠶᠢᠪᠢᠰᠢ ᠦᠭᠡᠢ ᠡᠨᠡ ᠨᠢᠭᠡ ᠵᠢᠯ ᠳᠤ᠂ ᠪᠢᠳᠡ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ | ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠦᠰᠡᠯ ᠡᠷᠡᠮᠡᠯᠵᠡᠯ ᠤᠨ ᠬᠠᠷᠢᠭᠤᠴᠠᠯᠭ᠎ᠠ ᠪᠠᠨ ᠢᠯᠡᠷᠡᠭᠦᠯᠵᠡᠢ᠃ ᠪᠦᠬᠦ | ᠪᠠᠯᠭᠠᠰᠤᠨ ᠤ ᠲᠠᠷᠢᠮᠠᠯ ᠤᠨ ᠲᠠᠯᠠᠪᠠᠢ 38.09 ᠲᠦᠮᠡᠨ ᠮᠦ ᠳᠤ ᠬᠦᠷᠴᠦ᠂ 28.47 ᠲᠦᠮᠡᠨ ᠮᠦ ᠠᠮᠤ | ᠲᠣᠰᠣᠨ ᠤ ᠲᠠᠯᠠᠪᠠᠢ ᠨᠢᠭᠡᠴᠢ ᠶᠢᠨ ᠤᠨᠠᠯᠲᠠ ᠶᠢᠨ ᠨᠥᠬᠦᠪᠥᠷᠢ ᠶᠢ ᠲᠡᠮᠡᠴᠡᠨ ᠣᠯᠵᠤ᠂ ︽ᠲᠠᠷᠢᠶᠠᠯᠠᠩ ᠤᠨ | ᠲᠣᠭᠲᠠᠭᠤᠨ ᠰᠢᠶᠠᠨ︾ ᠳᠤ ᠬᠦᠴᠦᠨ ᠴᠢᠳᠠᠯ ᠢᠶᠠᠨ ᠡᠷᠭᠦᠪᠡ᠃ ᠪᠦᠬᠦ ᠵᠢᠯ ᠳᠤ ᠳᠠᠬᠢᠨ ᠶᠠᠳᠠᠭᠤᠷᠠᠬᠤ ᠶᠢ | ᠰᠡᠷᠭᠡᠶᠢᠯᠡᠬᠦ 6241 ᠡᠷᠦᠬᠡ ᠶᠢ ᠪᠠᠶᠢᠴᠠᠭᠠᠨ ᠭᠠᠷᠭᠠᠵᠤ᠂ ᠡᠯ᠎ᠡ ᠲᠥᠷᠥᠯ ᠤᠨ ᠱᠠᠩᠨᠠᠯ ᠨᠥᠬᠦᠪᠥᠷᠢ ᠶᠢᠨ ᠪᠡᠯᠡ | ᠮᠥᠩᠭᠦ ᠶᠢ 29.96 ᠲᠦᠮᠡᠨ ᠲᠥᠭᠦᠷᠢᠭ ᠲᠠᠷᠬᠠᠭᠠᠵᠤ᠂ 8470 ︽ᠬᠤᠸᠠᠢ ᠱᠦᠸᠧ ᠴᠢ ᠯᠢᠨ ᠲᠠᠬᠢᠶ᠎ᠡ︾ ᠶᠢ | ᠣᠷᠣᠯᠠᠨ ᠲᠡᠵᠢᠭᠡᠵᠦ᠂ ᠠᠰᠢᠭ ᠬᠤᠪᠢᠶᠠᠭᠰᠠᠨ ᠶᠡᠷᠦᠩᠬᠡᠢ ᠬᠡᠮᠵᠢᠶ᠎ᠡ 25.41 ᠲᠦᠮᠡᠨ ᠲᠥᠭᠦᠷᠢᠭ᠂ ᠡᠷᠦᠬᠡ | ᠳᠤᠮᠳᠠᠴᠢ ᠶᠢᠨ ᠣᠷᠣᠯᠭ᠎ᠠ 1050 ᠲᠥᠭᠦᠷᠢᠭ ᠨᠡᠮᠡᠭᠳᠡᠵᠦ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ | ᠬᠠᠮᠲᠤ ᠪᠠᠷ ᠴᠢᠨᠡᠭᠡᠯᠢᠭᠵᠢᠬᠦ ᠵᠠᠮ ᠳᠡᠭᠡᠷ᠎ᠡ ᠡᠩᠨᠡᠭᠡ ᠠᠴᠠ ᠪᠠᠨ ᠬᠤᠴᠣᠷᠬᠤ ᠦᠭᠡᠢ ᠪᠠᠶᠢᠬᠤ ᠶᠢ ᠪᠠᠲᠤᠯᠠᠪᠠ᠃ 700 | ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠠᠷᠠᠬᠠᠢ ᠬᠡᠯᠪᠡᠷᠢ ᠶᠢᠨ ᠤᠰᠤ ᠪᠠᠷ ᠤᠬᠢᠶᠠᠬᠤ ᠵᠣᠷᠯᠣᠩ 65 | ᠡᠷᠦᠬᠡ ᠂ ᠲᠥᠪᠯᠡᠷᠡᠩᠭᠦᠢ ᠮᠠᠶ᠋ᠢᠭ ᠤᠨ ᠤᠰᠤ ᠪᠠᠷ ᠤᠬᠢᠶᠠᠬᠤ ᠵᠣᠷᠯᠣᠩ 89 ᠡᠷᠦᠬᠡ ᠶᠢ ᠰᠢᠨ᠎ᠡ ᠪᠠᠷ ᠪᠠᠶᠢᠭᠤᠯᠵᠤ᠂ | ᠬᠠᠶᠠᠭᠳᠠᠮᠠᠯ ᠬᠠᠭᠤᠴᠢᠨ ᠪᠦᠷᠬᠦᠪᠴᠢ ᠶᠢᠨ ᠲᠣᠭᠲᠠᠮᠠᠯ ᠡᠭᠡᠭᠦᠯᠦᠨ ᠬᠤᠷᠢᠶᠠᠬᠤ ᠴᠡᠭ ᠢ 3 ᠪᠠᠶᠢᠭᠤᠯᠵᠤ᠂ ᠠᠮᠢ | ᠠᠬᠤᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠶᠢ ᠨᠡᠩ ᠢᠯᠡᠷᠬᠡᠢ ᠪᠣᠯᠭᠠᠪᠠ᠃ | ᠡᠨᠡ ᠨᠢᠭᠡ ᠵᠢᠯ ᠳᠤ᠂ ᠪᠢᠳᠡ ᠦᠨ᠎ᠡ ᠥᠷᠲᠡᠭ ᠢ ᠬᠠᠮᠲᠤ ᠪᠠᠷ ᠡᠭᠦᠳᠴᠦ᠂ ᠦᠷ᠎ᠡ ᠪᠦᠲᠦᠭᠡᠯ ᠢ ᠬᠠᠮᠲᠤ ᠪᠠᠷ | ᠡᠳ᠋ᠯᠡᠵᠦ᠂ ᠬᠤᠸᠠᠢ ᠱᠦᠸᠧ ᠶᠢᠨ ᠲᠦᠷᠦᠯ ᠲᠡᠮᠳᠡᠭ ᠢ ᠳᠠᠪᠲᠠᠨ ᠪᠣᠯᠪᠠᠰᠤᠷᠠᠭᠤᠯᠵᠠᠢ᠃ ᠲᠣᠰᠬᠤᠨ ᠤ ᠬᠠᠮᠲᠤ ᠶᠢᠨ | ᠠᠵᠤ ᠠᠬᠤᠢ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ︽ᠪᠠᠳᠠᠷᠠᠨ ᠬᠥᠭᠵᠢᠬᠦ︾ ᠳᠥᠷᠪᠡᠨ | ᠲᠣᠰᠬᠤᠨ ᠤ ᠬᠠᠮᠲᠤ ᠶᠢᠨ ᠠᠵᠤ ᠠᠬᠤᠢ ᠶᠢᠨ ᠺᠣᠮᠫᠠᠨᠢ ᠬᠦᠴᠦ ᠪᠠᠨ ᠬᠠᠮᠲᠤᠳᠬᠠᠵᠤ᠂ ᠠᠰᠢᠭ ᠣᠷᠣᠯᠭ᠎ᠠ ᠨᠢ | 1200 ᠲᠦᠮᠡᠨ ᠲᠥᠭᠦᠷᠢᠭ ᠲᠤ ᠬᠦᠷᠬᠦ ᠪᠣᠯᠤᠨ᠎ᠠ᠃ ᠱᠦᠸᠧ ᠸᠠᠩ ᠺᠣᠮᠫᠠᠨᠢ ᠶᠢᠨ ᠳᠠᠩᠰᠠᠯᠠᠭᠤᠯᠤᠭᠰᠠᠨ ︽ | ᠬᠤᠸᠠᠢ ᠱᠦᠸᠧ ᠴᠢ ᠯᠢᠨ︾ ᠲᠠᠸᠠᠷ ᠤᠨ ᠲᠡᠮᠳᠡᠭᠲᠦ ᠨᠢ ᠣᠨᠴᠠᠯᠢᠭᠲᠤ ᠪᠦᠲᠦᠭᠡᠭᠳᠡᠬᠦᠨ ᠢ ᠰᠤᠳᠤᠯᠤᠨ ᠨᠡᠭᠡᠭᠡᠵᠦ᠂ | ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠨᠡᠮᠡᠭᠳᠡᠭᠦᠯᠪᠡ᠃ ᠱᠦᠸᠧ ᠹᠠ ᠺᠣᠮᠫᠠᠨᠢ ᠡᠵᠡᠩᠨᠡᠯᠲᠡ ᠶᠢᠨ ᠬᠦᠷᠢᠶ᠎ᠡ | ᠬᠡᠪᠴᠢᠶ᠎ᠡ ᠪᠠᠨ ᠥᠷᠭᠡᠳᠬᠡᠵᠦ᠂ ᠡᠷᠲᠡᠨ ᠤ ᠠᠷᠭ᠎ᠠ ᠪᠠᠷ ᠰᠢᠨ᠎ᠡ ᠨᠡᠷᠡᠭᠰᠡᠨ ︽ᠬᠤᠸᠠᠢ ᠱᠦᠸᠧ ᠯᠢᠨ ᠠᠷᠢᠬᠢ︾ ᠶᠢ | ᠭᠠᠷᠭᠠᠵᠠᠢ᠃ ᠱᠦᠸᠧ ᠳ᠋ᠠ ᠺᠣᠮᠫᠠᠨᠢ ᠶᠢᠨ ᠠᠵᠢᠯ ᠲᠥᠷᠥᠯ 22 ᠰᠠᠭᠤᠷᠢ ᠲᠠᠷᠢᠶᠠᠯᠠᠩ ᠤᠨ ᠮᠠᠰᠢᠨ ᠪᠠᠭᠠᠵᠢ ᠶᠢ | ᠡᠮᠬᠢᠯᠡᠨ ᠨᠡᠶᠢᠯᠡᠭᠦᠯᠵᠦ᠂ ᠲᠠᠷᠢᠶᠠᠯᠠᠩ ᠤᠨ ᠮᠠᠰᠢᠨ ᠲᠦᠷᠢᠶᠡᠰᠦᠯᠡᠭᠦᠯᠬᠦ᠂ ᠣᠷᠣᠯᠠᠨ ᠲᠠᠷᠢᠵᠤ ᠣᠷᠣᠯᠠᠨ ᠬᠤᠷᠢᠶᠠᠬᠤ | ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ᠂ ᠪᠦᠬᠦ ᠵᠢᠯ ᠳᠤ 400 ᠲᠦᠮᠡᠨ ᠲᠥᠭᠦᠷᠢᠭ ᠤᠨ | ᠡᠵᠡᠩᠨᠡᠯᠲᠡ ᠶᠢᠨ ᠴᠢᠨᠠᠷᠲᠠᠢ ᠠᠰᠢᠭ ᠣᠷᠣᠯᠭ᠎ᠠ ᠣᠯᠪᠠ᠃ ︽ᠬᠤᠸᠠᠢ ᠱᠦᠸᠧ ᠵᠢᠦᠢ ᠯᠢᠨ ᠲᠠᠬᠢᠶ᠎ᠡ︾ ᠶᠢ | ᠪᠤᠶᠢᠵᠢᠭᠤᠯᠵᠤ᠂ ᠰᠢᠩ ᠱᠧᠩ ᠭᠦᠩ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠤᠨ ᠠᠷᠠᠳ ᠤᠨ ᠣᠷᠣᠨ | ᠰᠠᠭᠤᠴᠠ ᠶᠢᠨ ᠲᠥᠷᠥᠯ ᠵᠦᠢᠯ ᠲᠠᠢ ᠤᠶᠠᠯᠳᠤᠭᠤᠯᠤᠨ᠂ ︽ᠬᠤᠸᠠᠢ ᠱᠦᠸᠧ ᠯᠢᠨ ᠴᠢᠦᠸᠡᠨ ᠲᠠᠬᠢᠶᠠᠨ ᠳᠠᠶᠢᠯᠠᠯᠭ᠎ᠠ︾ | ᠶᠢ ᠥᠷᠨᠢᠭᠦᠯᠵᠦ᠂ ᠣᠯᠠᠨ ᠲᠠᠯ᠎ᠠ ᠶᠢᠨ ᠮᠠᠭᠲᠠᠭᠠᠯ ᠰᠠᠶᠢᠰᠢᠶᠠᠯ ᠢ ᠣᠯᠪᠠ᠃ | ᠡᠨᠡ ᠨᠢᠭᠡ ᠵᠢᠯ ᠳᠤ᠂ ᠪᠢᠳᠡ ᠴᠢᠳᠠᠮᠠᠭᠠᠢ ᠪᠠᠷ ᠵᠠᠰᠠᠵᠤ ᠴᠢᠳᠠᠮᠠᠭᠠᠢ ᠪᠠᠷ ᠠᠵᠢᠯᠯᠠᠭᠤᠯᠵᠤ᠂ ᠠᠷᠠᠳ ᠲᠤ ᠠᠰᠢᠭ | ᠬᠦᠷᠲᠡᠭᠡᠵᠦ ᠠᠷᠠᠳ ᠲᠦᠮᠡᠨ ᠳᠤ ᠠᠰᠢᠭ ᠬᠦᠷᠲᠡᠭᠡᠵᠦ᠂ ᠬᠤᠸᠠᠢ ᠱᠦᠸᠧ ᠳᠤᠯᠠᠭᠠᠨ ᠢ ᠢᠯᠡᠷᠡᠭᠦᠯᠪᠡ᠃ ︽ᠲᠠᠪᠤᠨ | ᠭᠠᠷᠳᠠᠴᠠ︾ ᠪᠠᠷ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠬᠤ ᠶᠢ ᠪᠠᠷᠢᠮᠲᠠᠯᠠᠵᠤ᠂ ᠰᠢᠩ ᠱᠧᠩ ᠬᠥᠩ ᠲᠣᠰᠬᠤᠨ | ᠂ ᠶᠠᠩ ᠸᠠᠨ ᠲᠣᠰᠬᠤᠨ᠂ ᠬᠤᠸᠠᠢ ᠱᠦᠸᠧ ᠰᠢᠨ᠎ᠡ ᠲᠣᠰᠬᠤᠨ ᠢ ᠠᠮᠵᠢᠯᠲᠠ ᠲᠠᠢ ᠬᠡᠪ ᠵᠠᠩᠰᠢᠯ ᠢ ᠥᠭᠡᠷᠡᠴᠢᠯᠡᠬᠦ | ᠵᠢᠱᠢᠶ᠎ᠡ ᠦᠵᠡᠭᠦᠯᠬᠦ ᠴᠡᠭ ᠪᠣᠯᠭᠠᠪᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ 9034 ᠬᠥᠮᠦᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠡᠶᠢᠭᠡᠮ ᠤᠨ ᠨᠠᠰᠤᠵᠢᠯ ᠤᠨ ᠳᠠᠭᠠᠳᠬᠠᠯ ᠢ ᠦᠷᠭᠦᠯᠵᠢᠯᠡᠨ ᠲᠤᠰᠢᠶᠠᠵᠤ᠂ ︽ᠳᠥᠷᠪᠡᠨ ᠲᠥᠷᠥᠯ ᠤᠨ ᠬᠥᠮᠦᠰ︾ ᠤᠨ | ᠳᠠᠭᠠᠳᠬᠠᠯ ᠳᠤ ᠣᠷᠣᠯᠴᠠᠬᠤ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠤᠰᠬᠠᠢ ᠵᠦᠢᠯ ᠢᠶᠠᠷ ᠠᠪᠤᠷᠠᠨ ᠲᠤᠰᠠᠯᠠᠬᠤ᠂ | ᠨᠢᠭᠦᠯᠡᠰᠦᠩᠭᠦᠢ ᠶᠢᠨ ᠠᠪᠤᠷᠠᠨ ᠲᠤᠰᠠᠯᠠᠬᠤ ᠵᠡᠷᠭᠡ ᠡᠯ᠎ᠡ ᠵᠦᠢᠯ ᠤᠨ ᠠᠪᠤᠷᠠᠨ ᠲᠤᠰᠠᠯᠠᠬᠤ ᠠᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠡᠯ᠎ᠡ ᠲᠥᠷᠥᠯ ᠤᠨ ᠠᠪᠤᠷᠠᠨ ᠲᠤᠰᠠᠯᠠᠯᠲᠠ ᠶᠢ 921.78 ᠲᠦᠮᠡᠨ ᠲᠥᠭᠦᠷᠢᠭ | ᠲᠠᠷᠬᠠᠭᠠᠪᠠ᠃ 124 ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ 114 ᠲᠦᠮᠡᠨ ᠲᠥᠭᠦᠷᠢᠭ ᠤᠨ ᠠᠰᠠᠷᠠᠨ | ᠬᠠᠷᠠᠭᠠᠯᠵᠠᠬᠤ ᠨᠥᠬᠦᠪᠥᠷᠢ ᠮᠥᠩᠭᠦ ᠣᠯᠭᠤᠪᠠ᠃ ᠨᠠᠰᠤᠲᠠᠶᠢᠴᠤᠳ ᠤᠨ ᠬᠤᠭᠤᠯᠠᠨ ᠲᠢᠩᠬᠢᠮ 70 ᠭᠠᠷᠤᠢ | ᠨᠠᠰᠤᠲᠠᠶᠢᠴᠤᠳ ᠤᠨ ᠡᠳᠦᠷ ᠲᠤᠲᠤᠮ ᠤᠨ ᠬᠤᠭᠤᠯᠠ ᠢᠳᠡᠬᠦ ᠠᠰᠠᠭᠤᠳᠠᠯ ᠢ ᠰᠢᠢᠳᠪᠦᠷᠢᠯᠡᠨ᠎ᠡ᠃ 2.7 ᠲᠦᠮᠡᠨ | ᠲᠥᠭᠦᠷᠢᠭ ᠤᠨ ᠨᠥᠬᠦᠪᠥᠷᠢ ᠣᠯᠭᠤᠵᠤ᠂ 12 ᠰᠤᠷᠤᠭᠴᠢ ᠶᠢᠨ ︽ᠰᠤᠷᠤᠯᠭ᠎ᠠ ᠶᠢᠨ ᠬᠦᠰᠡᠯ︾ ᠢ ᠪᠠᠲᠤᠯᠠᠪᠠ᠃ | 380.5 ᠲᠣᠨ ᠳᠤᠯᠠᠭᠠᠨ ᠨᠡᠭᠦᠷᠡᠰᠦ ᠲᠠᠷᠬᠠᠭᠠᠵᠤ᠂ 244 ᠡᠷᠦᠬᠡ ᠲᠣᠰᠬᠤᠨ ᠤ ᠠᠷᠠᠳ ᠠᠰᠢᠭ ᠬᠦᠷᠲᠡᠪᠡ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦᠶ᠎ᠡ᠂ ᠬᠤᠪᠢ ᠨᠡᠮᠡᠷᠢ ᠨᠢᠭᠡᠪᠦᠷᠢ ᠨᠢ ᠴᠥᠮ ᠡᠷᠬᠢᠮ ᠨᠠᠨᠳᠢᠨ ᠪᠠᠶᠢᠳᠠᠭ | ᠂ ᠣᠯᠤᠯᠲᠠ ᠨᠢᠭᠡᠪᠦᠷᠢ ᠨᠢ ᠴᠥᠮ ᠬᠥᠯᠥᠰᠥ ᠤᠷᠤᠰᠬᠠᠵᠤ᠂ ᠠᠯᠬᠤᠮ ᠪᠦᠷᠢ ᠶᠢᠨ ᠤᠷᠤᠭᠰᠢᠯᠠᠯᠲᠠ ᠨᠢ ᠴᠥᠮ | ᠬᠦᠴᠦᠨ ᠴᠢᠳᠠᠯ ᠢ ᠨᠢᠭᠲᠠᠷᠠᠭᠤᠯᠤᠨ᠎ᠠ᠃ ᠡᠳᠡᠭᠡᠷ ᠠᠮᠵᠢᠯᠲᠠ ᠶᠢ ᠣᠯᠤᠭᠰᠠᠨ ᠨᠢ ᠬᠢᠯᠪᠠᠷ ᠪᠤᠰᠤ ᠪᠠᠷ ᠣᠯᠤᠭᠰᠠᠨ | ᠶᠤᠮ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠷ ᠢ ᠠᠳᠬᠤᠨ ᠠᠶᠠᠯᠠᠯ ᠢ ᠵᠢᠯᠣᠭᠤᠳᠴᠤ᠂ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠡ᠂ ᠬᠤᠲᠠ ᠶᠢᠨ ᠨᠠᠮ ᠤᠨ ᠬᠤᠷᠢᠶ᠎ᠡ ᠪᠣᠯᠤᠨ ᠰᠢᠶᠠᠨ ᠤ ᠨᠠᠮ ᠤᠨ ᠬᠤᠷᠢᠶᠠᠨ ᠤ ᠵᠥᠪ | ᠤᠳᠤᠷᠢᠳᠤᠯᠭ᠎ᠠ ᠳᠣᠣᠷ᠎ᠠ᠂ ᠪᠦᠬᠦ ᠪᠠᠯᠭᠠᠰᠤᠨ ᠤ ᠠᠷᠠᠳ ᠲᠦᠮᠡᠨ ᠤ ᠰᠢᠷᠭᠠᠭᠤ ᠬᠠᠲᠠᠭᠤᠵᠢᠯᠲᠠᠢ ᠠᠵᠢᠯᠯᠠᠵᠤ | ᠪᠣᠳᠠᠲᠠᠢ ᠠᠵᠢᠯᠯᠠᠭᠰᠠᠨ ᠤ ᠦᠷ᠎ᠡ ᠳ᠋ᠦᠩ ᠮᠥᠨ᠂ ᠪᠠᠰᠠ ᠴᠤ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ | ᠬᠠᠯᠠᠮᠵᠢᠯᠠᠯ᠂ ᠬᠠᠯᠠᠮᠵᠢᠯᠠᠯ ᠠᠴᠠ ᠰᠠᠯᠵᠤ ᠴᠢᠳᠠᠬᠤ ᠦᠭᠡᠢ ᠶᠤᠮ᠃ ᠠᠷᠠᠳ ᠣᠯᠠᠨ ᠪᠣᠯ ᠮᠠᠨ ᠤ ᠬᠠᠮᠤᠭ ᠤᠨ ᠶᠡᠭᠡ | ᠬᠥᠳᠡᠯᠭᠡᠬᠦ ᠬᠦᠴᠦᠨ ᠤ ᠡᠬᠢ ᠰᠤᠷᠪᠤᠯᠵᠢ ᠮᠥᠨ᠂ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ | ᠣᠶᠢᠯᠠᠭᠠᠯᠲᠠ ᠪᠠ ᠳᠡᠮᠵᠢᠯᠭᠡ ᠮᠥᠨ᠂ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠬᠠᠮᠤᠭ ᠤᠨ | ᠬᠦᠴᠦᠷᠬᠡᠭ ᠬᠥᠳᠡᠯᠭᠡᠭᠦᠷ ᠮᠥᠨ ᠭᠡᠳᠡᠭ ᠢ ᠪᠢᠳᠡ ᠭᠦᠨᠵᠡᠭᠡᠢ ᠣᠶᠢᠯᠠᠭᠠᠪᠠ᠃ ᠬᠦᠴᠦᠲᠦ ᠳᠠᠪᠠᠯᠭᠠᠨ ᠣᠷᠭᠢᠯᠤᠨ | ᠪᠠᠳᠠᠷᠠᠵᠤ᠂ ᠳᠠᠷᠪᠠᠭᠤᠯ ᠬᠡᠶᠢᠰᠬᠡᠨ ᠳᠠᠪᠠᠯᠭᠠᠨ ᠢ ᠵᠦᠰᠦᠨ᠂ ᠡᠭᠦᠷᠭᠡ ᠬᠦᠨᠳᠦ ᠵᠠᠮ ᠬᠤᠯᠠ ᠪᠣᠯᠬᠤᠷ ᠤᠯᠠᠮ | ᠬᠤᠷᠳᠤᠨ ᠮᠣᠷᠢᠨ ᠳᠤ ᠲᠠᠰᠢᠭᠤᠷ ᠲᠠᠯᠪᠢᠬᠤ ᠬᠡᠷᠡᠭᠲᠡᠢ᠃ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ | ᠡᠴᠦᠰ ᠤᠨ ᠵᠢᠯ ᠪᠣᠯᠤᠨ᠎ᠠ᠂ ᠮᠥᠨᠴᠦ ᠬᠤᠸᠠᠢ ᠱᠦᠸᠧ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠬᠡᠨ ᠠᠬᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠃ ᠪᠢᠳᠡ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ | ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ | ᠴᠠᠭ ᠲᠤᠬᠠᠢ ᠳᠤᠨᠢ᠂ ᠪᠣᠳᠠᠲᠠᠢ ᠶᠢ ᠡᠷᠬᠢᠮᠯᠡᠬᠦ᠂ ᠪᠣᠳᠠᠲᠠᠶᠢᠵᠢᠭᠤᠯᠬᠤ ᠠᠵᠢᠯ ᠤᠨ ᠰᠤᠷᠲᠠᠯ ᠢᠶᠠᠷ ᠵᠢᠷᠭᠤᠭᠠᠨ | ᠵᠦᠢᠯ ᠤᠨ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠨᠢᠭᠡ ᠳᠤ | ᠂ ︽ᠵᠠᠰᠠᠭ︾ ᠢ ᠠᠷᠠᠳ ᠤᠨ ᠲᠥᠯᠥᠭᠡ ᠪᠠᠷᠢᠮᠲᠠᠯᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ ᠴᠢᠳᠠᠮᠠᠭᠠᠢ ᠪᠠᠷ | ᠠᠵᠢᠯᠯᠠᠬᠤ ᠦᠨᠳᠦᠰᠦᠨ ᠱᠠᠲᠤᠨ ᠤ ᠡᠩᠨᠡᠭᠡ ᠶᠢ ᠳᠠᠪᠲᠠᠨ ᠪᠣᠯᠪᠠᠰᠤᠷᠠᠭᠤᠯᠤᠨ᠎ᠠ︔ ᠬᠤᠶᠠᠷ ᠲᠤ ︽ᠰᠢᠨ᠎ᠡ︾ ᠵᠦᠭ | ᠬᠦᠴᠦᠯᠡᠨ ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠲᠤᠯᠭᠠᠭᠤᠷᠢᠯᠠᠯ ᠪᠠ ᠴᠣ ᠰᠢᠨ᠎ᠡ | ᠳᠠᠪᠠᠭᠤᠯᠢᠭ ᠢ ᠪᠤᠢ ᠪᠣᠯᠭᠠᠨ᠎ᠠ︔ ᠭᠤᠷᠪᠠ ᠳᠤ ︽ᠴᠢᠨᠠᠷᠵᠢᠯ︾ ᠢᠶᠠᠷ ᠠᠬᠤᠢ ᠪᠠᠶᠢᠳᠠᠯ ᠢ ᠱᠤᠭᠤᠵᠤ᠂ ᠠᠷᠠᠳ | ᠲᠦᠮᠡᠨ ᠤ ᠬᠦᠰᠡᠨ ᠮᠥᠷᠥᠭᠡᠳᠴᠦ ᠪᠠᠶᠢᠭ᠎ᠠ ᠣᠳᠣᠬᠢᠴᠢᠯᠠᠭᠰᠠᠨ ᠰᠢᠶᠠᠩ ᠪᠠᠯᠭᠠᠰᠤ ᠶᠢ ᠴᠢᠨᠠᠷ ᠰᠠᠶᠢᠲᠠᠢ ᠪᠦᠲᠦᠭᠡᠨ | ᠪᠠᠶᠢᠭᠤᠯᠤᠨ᠎ᠠ︔ ᠳᠥᠷᠪᠡ ᠳᠤ᠂ ︽ᠡᠷᠲᠡ︾ ᠪᠠᠷ ᠡᠳᠦᠭᠡᠬᠢ ᠪᠠᠨ ᠤᠮᠳᠠᠯᠠᠵᠤ᠂ ᠮᠢᠩᠭᠠᠨ ᠵᠢᠯ ᠤᠨ ᠡᠷᠲᠡᠨ ᠤ | ᠪᠠᠯᠭᠠᠰᠤᠨ ᠤ ᠣᠳᠣ ᠦᠶ᠎ᠡ ᠶᠢᠨ ᠢᠷᠠᠭᠤ ᠬᠠᠭᠤᠳᠠᠰᠤ ᠶᠢ ᠴᠢᠷᠮᠠᠶᠢᠨ ᠪᠢᠴᠢᠭᠯᠡᠪᠡ︔ ᠲᠠᠪᠤ ᠳᠤ᠂ ︽ᠬᠥᠮᠦᠨ︾ ᠢᠶᠠᠷ | ᠦᠨᠳᠦᠰᠦ ᠪᠣᠯᠭᠠᠵᠤ᠂ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠠᠭᠤᠳᠠᠰᠤ ᠶᠢ ᠰᠡᠳᠬᠢᠯ ᠲᠠᠯᠪᠢᠨ ᠵᠢᠷᠤᠭᠯᠠᠨ᠎ᠠ︔ | ᠵᠢᠷᠭᠤᠭ᠎ᠠ ᠳᠤ᠂ ︽ᠠᠮᠤᠷ ᠲᠦᠪᠰᠢᠨ︾ ᠢᠶᠠᠷ ᠠᠶᠤᠯ ᠲᠦᠭᠰᠢᠭᠦᠷᠢ ᠶᠢ ᠪᠣᠳᠣᠯᠬᠢᠯᠠᠵᠤ᠂ ᠨᠢᠭᠲᠠ ᠠᠴᠠ ᠨᠢᠭᠲᠠ | ᠪᠠᠶᠢᠵᠤ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ | ᠳᠡᠭᠡᠭᠰᠢᠯᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠪᠠᠷ ︽ᠪᠤᠭᠤᠲᠤ ᠶᠢ ᠬᠠᠶᠢᠷᠠᠯᠠᠵᠤ᠂ ᠬᠤᠪᠢ ᠨᠡᠮᠡᠷᠢ | ᠦᠵᠡᠭᠦᠯᠵᠦ᠂ ᠭᠦᠶᠠᠩ ᠢᠶᠠᠨ ᠬᠠᠶᠢᠷᠠᠯᠠᠵᠤ᠂ ᠬᠥᠭᠵᠢᠯᠲᠡ ᠶᠢ ᠡᠷᠢᠯᠬᠢᠯᠡᠬᠦ︾ ᠬᠡᠷᠡᠭᠲᠡᠢ᠃ | ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠬᠦ ᠶᠢ ᠴᠢᠩ ᠰᠡᠳᠬᠢᠯ ᠠᠴᠠ ᠪᠠᠨ ᠢᠷᠥᠭᠡᠶ᠎ᠡ︕ | ᠬᠤᠸᠠᠢ ᠱᠦᠸᠧ ᠪᠠᠯᠭᠠᠰᠤᠨ ᠤ ᠮᠠᠷᠭᠠᠰᠢ ᠨᠡᠩ ᠰᠠᠶᠢᠨ ᠰᠠᠶᠢᠬᠠᠨ ᠪᠣᠯᠬᠤ ᠶᠢ ᠴᠢᠩ ᠰᠡᠳᠬᠢᠯ ᠠᠴᠠ ᠪᠠᠨ | ᠢᠷᠥᠭᠡᠶ᠎ᠡ︕ | ᠪᠦᠬᠦ ᠪᠠᠯᠭᠠᠰᠤᠨ ᠤ ᠠᠷᠠᠳ ᠲᠦᠮᠡᠨ ᠪᠠ ᠡᠯ᠎ᠡ ᠡᠲᠡᠭᠡᠳ ᠤᠨ ᠨᠠᠶᠢᠵᠠ ᠨᠠᠷ ᠤᠨ ᠵᠣᠯ ᠵᠢᠷᠭᠠᠯ ᠲᠠᠢ ᠠᠮᠤᠷ | ᠠᠮᠤᠭᠤᠯᠠᠩ ᠪᠠᠶᠢᠬᠤ ᠶᠢ ᠴᠢᠩ ᠰᠡᠳᠬᠢᠯ ᠠᠴᠠ ᠪᠠᠨ ᠢᠷᠥᠭᠡᠶ᠎ᠡ︕ | |