ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ | ᠵᠢᠷᠭᠤᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ | ︵2025 ᠣᠨ ᠤ 1 ᠰᠠᠷ᠎ᠠ ᠶᠢᠨ 4 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠠᠴᠠ ᠪᠠᠲᠤᠯᠠᠪᠠ | ᠬᠤᠷᠠᠯ ᠤᠨ ᠴᠠᠭ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠵᠢᠴᠢ ᠪᠥᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠢ 2025 | ᠣᠨ ᠤ 1 ᠰᠠᠷ᠎ᠠ ᠶᠢᠨ 4 ᠤ ᠡᠳᠦᠷ ᠬᠤᠷᠠᠯᠳᠤᠭᠤᠯᠪᠠ᠃ | ᠬᠤᠷᠠᠯ ᠳᠤ ᠣᠷᠣᠯᠴᠠᠭᠴᠢ | ᠡᠨᠡ ᠤᠳᠠᠭᠠᠨ ᠤ ᠪᠦᠭᠦᠳᠡ ᠬᠤᠷᠠᠯ ᠳᠤ ᠰᠢᠶᠠᠨ ᠤ ᠨᠠᠮ ᠤᠨ ᠬᠤᠷᠢᠶᠠᠨ ᠤ ᠭᠡᠰᠢᠭᠦᠨ 21 ᠬᠥᠮᠦᠨ᠂ ᠣᠷᠣᠯᠠᠭᠴᠢ | ᠭᠡᠰᠢᠭᠦᠨ 5 ᠬᠥᠮᠦᠨ ᠣᠷᠣᠯᠴᠠᠪᠠ᠃ ᠰᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ | ᠪᠦᠬᠦᠢ ᠲᠠᠯ᠎ᠠ ᠶᠢᠨ ᠬᠠᠷᠢᠭᠤᠴᠠᠯᠭᠠᠲᠠᠨ᠂ ᠬᠡᠰᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ᠂ ᠬᠡᠰᠡᠭ ᠪᠤᠭᠤᠲᠤ ᠬᠤᠲᠠ᠂ ᠭᠦᠶᠡᠩ ᠰᠢᠶᠠᠨ ᠤ ᠨᠠᠮ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | ᠬᠤᠷᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ | ᠱᠦᠵᠢ ᠶᠣᠣ ᠵᠢᠶᠦ᠋ᠨ ᠵᠢᠶᠧ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠾᠧᠦ ᠶᠥᠩ ᠹᠧᠩ | ᠲᠤᠰ ᠲᠤᠰ ᠶᠠᠷᠢᠶ᠎ᠠ ᠲᠠᠯᠪᠢᠪᠠ᠃ | 1 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠣᠣ ᠵᠢᠶᠦ᠋ᠨ ᠵᠢᠶᠧ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠵᠢᠷᠭᠤᠳᠤᠭᠠᠷ ᠪᠦᠭᠦᠳᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ | ᠬᠤᠷᠠᠯ ᠤᠨ ᠠᠭᠤᠯᠭ᠎ᠠ | 1 ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ ᠤᠨ ᠲᠠᠯᠠᠪᠠᠢ | ᠪᠦᠭᠦᠳᠡ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ | ᠲᠤᠬᠠᠢ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ | ᠪᠦᠭᠦᠳᠡ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠢᠭᠡ ᠵᠢᠯ ᠤᠨ ᠲᠤᠷᠰᠢᠬᠢ | ᠠᠵᠢᠯ ᠢ ᠭᠦᠢᠴᠡᠳ ᠨᠤᠲᠠᠯᠠᠪᠠ᠃ ᠥᠩᠭᠡᠷᠡᠭᠰᠡᠨ ᠨᠢᠭᠡ ᠵᠢᠯ ᠳᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠭᠦᠶᠡᠩ ᠤᠨ ᠪᠣᠳᠠᠲᠠᠢ ᠲᠠᠢ ᠤᠶᠠᠯᠳᠤᠭᠤᠯᠤᠨ | ᠡᠯ᠎ᠡ ᠲᠠᠯ᠎ᠠ ᠶᠢᠨ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ | ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠠᠳᠬᠤᠬᠤ ᠪᠠᠷ ᠳᠠᠮᠵᠢᠨ᠂ ᠭᠤᠣᠯ ᠱᠤᠭᠤᠮ ᠤᠨ ᠠᠵᠢᠯ ᠳᠤ | ᠰᠢᠨ᠎ᠡ ᠦᠷ᠎ᠡ ᠪᠦᠲᠦᠮᠵᠢ ᠣᠯᠪᠠ᠃ ᠮᠡᠳᠡᠬᠦᠢ ᠬᠢᠬᠦᠢ ᠪᠠᠨ ᠨᠢᠭᠡᠳᠬᠡᠨ ᠴᠢᠳᠠᠪᠤᠷᠢ ᠪᠠᠨ ᠳᠡᠭᠡᠭᠰᠢᠯᠡᠭᠦᠯᠵᠦ᠂ ᠣᠨᠣᠯ ᠤᠨ | ᠰᠤᠷᠤᠯᠴᠠᠯᠭ᠎ᠠ ᠶᠢ ᠰᠢᠨ᠎ᠡ ᠦᠨᠳᠦᠷᠴᠡ ᠳᠤ ᠬᠦᠷᠭᠡᠨ᠎ᠡ᠃ ᠬᠥᠳᠡᠭᠡ ᠠᠵᠤ ᠠᠬᠤᠢ ᠶᠢ ᠲᠣᠭᠲᠠᠪᠤᠷᠢᠵᠢᠭᠤᠯᠵᠤ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠰᠢᠨ᠎ᠡ ᠳᠡᠭᠲᠡᠷ ᠲᠤ ᠭᠠᠷᠭᠠᠪᠠ᠃ ᠰᠢᠨ᠎ᠡ ᠶᠢ | ᠡᠭᠦᠳᠴᠦ ᠰᠢᠪᠲᠤᠯᠤᠯᠲᠠ ᠭᠠᠷᠭᠠᠵᠤ ᠵᠢᠳᠬᠦᠯ ᠴᠢᠷᠮᠠᠶᠢᠯᠭ᠎ᠠ ᠭᠠᠷᠭᠠᠵᠤ᠂ ᠥᠭᠡᠷᠡᠴᠢᠯᠡᠯᠲᠡ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠨ᠎ᠡ᠃ ᠪᠣᠬᠢᠷᠲᠤᠯ ᠦᠭᠡᠢ ᠬᠥᠭᠵᠢᠯᠲᠡ ᠶᠢᠨ ᠠᠭᠤᠯᠤᠭᠳᠠᠬᠤᠨ ᠢ ᠴᠢᠩᠭᠠᠳᠬᠠᠵᠤ᠂ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠰᠢᠨ᠎ᠡ ᠠᠯᠬᠤᠮ ᠢ ᠠᠯᠬᠤᠪᠠ᠃ ᠦᠢᠯᠡᠴᠢᠯᠡᠭᠡ ᠪᠠᠨ ᠰᠢᠯᠢᠳᠡᠭᠵᠢᠭᠦᠯᠦᠨ ᠬᠥᠳᠡᠯᠭᠡᠬᠦ | ᠬᠦᠴᠦᠨ ᠨᠡᠮᠡᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠰᠢᠨ᠎ᠡ ᠳᠡᠭᠡᠭᠰᠢᠯᠡᠯᠲᠡ ᠲᠠᠢ ᠪᠣᠯᠪᠠ᠃ ᠠᠷᠠᠳ | ᠣᠯᠠᠨ ᠲᠠᠢ ᠰᠡᠳᠬᠢᠯ ᠵᠢᠷᠦᠬᠡ ᠪᠠᠨ ᠬᠤᠯᠪᠣᠵᠤ ᠪᠣᠳᠠᠲᠠᠢ ᠶᠠᠪᠤᠳᠠᠯ ᠬᠢᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ | ᠰᠢᠨ᠎ᠡ ᠲᠦᠪᠰᠢᠨ ᠳᠤ ᠬᠦᠷᠪᠡ᠃ ᠠᠮᠤᠷ ᠲᠦᠪᠰᠢᠨ ᠢᠶᠠᠷ ᠬᠥᠭᠵᠢᠭᠦᠯᠬᠦ ᠲᠠᠯ᠎ᠠ ᠪᠠᠷ ᠬᠤᠶᠠᠷ ᠲᠠᠯ᠎ᠠ ᠪᠠᠷ ᠠᠳᠬᠤᠵᠤ᠂ | ᠨᠡᠶᠢᠭᠡᠮ ᠤᠨ ᠲᠣᠭᠲᠠᠭᠤᠨ ᠪᠠᠶᠢᠳᠠᠯ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠪᠠ᠃ ᠠᠷᠠᠳᠴᠢᠯᠠᠯ ᠪᠠ ᠬᠠᠤᠯᠢ ᠪᠠᠷ | ᠵᠠᠰᠠᠬᠤ ᠶᠢ ᠵᠡᠷᠭᠡᠪᠡᠷ ᠬᠦᠴᠦᠯᠡᠵᠦ᠂ ᠲᠥᠪ ᠭᠤᠣᠯᠴᠢ ᠰᠢᠳᠤᠷᠭᠤ ᠶᠣᠰᠣᠨ ᠤ ᠰᠢᠨ᠎ᠡ ᠪᠠᠶᠢᠳᠠᠯ ᠢ ᠡᠭᠦᠳᠦᠨ᠎ᠡ᠃ ᠨᠠᠮ ᠢ | ᠬᠠᠮᠢᠶᠠᠷᠴᠤ ᠨᠠᠮ ᠢ ᠵᠠᠰᠠᠬᠤ ᠠᠵᠢᠯ ᠢ ᠰᠤᠯᠠᠷᠠᠭᠤᠯᠤᠯ ᠦᠭᠡᠢ ᠠᠳᠬᠤᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠪᠠ᠃ | ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ | ᠡᠴᠦᠰ ᠤᠨ ᠵᠢᠯ ᠪᠣᠯᠤᠨ᠎ᠠ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠪᠠᠶᠢᠷᠢᠯᠠᠭᠤᠯᠬᠤ | ᠵᠢᠯ ᠪᠣᠯᠤᠨ᠎ᠠ᠂ ᠡᠯ᠎ᠡ ᠵᠦᠢᠯ ᠤᠨ ᠠᠵᠢᠯ ᠢ ᠰᠠᠶᠢᠲᠤᠷ ᠲᠥᠯᠥᠪᠵᠢᠭᠦᠯᠬᠦ ᠨᠢ ᠲᠦᠢᠯ ᠤᠨ ᠴᠢᠬᠤᠯᠠ ᠶᠤᠮ᠃ ᠡᠯ᠎ᠡ ᠪᠠᠯᠭᠠᠰᠤ᠂ | ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠦᠨ ᠠᠷᠭ᠎ᠠ | ᠰᠥᠪᠡᠭᠴᠢᠯᠡᠯᠲᠡ ᠶᠢ ᠠᠳᠬᠤᠵᠤ᠂ ᠲᠥᠷᠥ ᠶᠢᠨ ᠪᠣᠳᠣᠯᠭ᠎ᠠ ᠶᠢ ᠲᠣᠳᠣᠷᠬᠠᠢ ᠪᠣᠯᠭᠠᠨ ᠠᠷᠭ᠎ᠠ ᠪᠣᠳᠣᠯᠭ᠎ᠠ ᠶᠢ ᠠᠳᠬᠤᠵᠤ᠂ | ᠬᠠᠨᠳᠤᠰᠢ ᠳᠤ ᠵᠣᠬᠢᠴᠠᠭᠤᠯᠤᠨ ᠠᠷᠭ᠎ᠠ ᠪᠣᠳᠣᠯᠭ᠎ᠠ ᠶᠢ ᠠᠳᠬᠤᠵᠤ᠂ ᠳᠠᠪᠠᠭᠤᠯᠢᠭ ᠲᠠᠭᠠᠨ ᠰᠠᠭᠤᠷᠢᠯᠠᠨ ᠠᠷᠭ᠎ᠠ ᠪᠣᠳᠣᠯᠭ᠎ᠠ ᠶᠢ | ᠠᠳᠬᠤᠵᠤ᠂ ᠳᠤᠲᠠᠬᠳᠠᠯ ᠢᠶᠠᠨ ᠨᠥᠬᠦᠪᠥᠷᠢᠯᠡᠵᠦ ᠠᠷᠭ᠎ᠠ ᠪᠣᠳᠣᠯᠭ᠎ᠠ ᠶᠢ ᠠᠳᠬᠤᠵᠤ᠂ ᠪᠦᠬᠦ ᠬᠤᠲᠠ ᠶᠢᠨ ︽35N︾ | ᠭᠤᠣᠯᠳᠠᠯᠭ᠎ᠠ ᠲᠠᠢ ᠠᠵᠤ ᠦᠢᠯᠡᠰ ᠤᠨ ᠰᠦᠷᠦᠭᠵᠢᠯ᠂ ︽ᠭᠤᠷᠪᠠᠨ ᠥᠨᠳᠦᠷᠯᠢᠭ︾ ᠤᠨ ᠪᠦᠲᠦᠭᠡᠨ ᠪᠠᠶᠢᠭᠤᠯᠤᠯᠲᠠ ᠵᠡᠷᠭᠡ | ᠠᠭᠤᠯᠭ᠎ᠠ ᠶᠢᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠳᠠᠯᠳᠠ ᠴᠢᠳᠠᠪᠤᠷᠢ ᠶᠢ | ᠦᠷᠭᠦᠯᠵᠢᠯᠡᠨ ᠪᠠᠳᠠᠷᠠᠭᠤᠯᠵᠤ᠂ ᠶᠡᠷᠦᠩᠬᠡᠶᠢᠯᠡᠭᠰᠡᠨ ᠰᠢᠶᠠᠨ ᠤ ᠬᠡᠪᠴᠢᠶᠡᠨ ᠤ ᠲᠥᠷᠥᠯ ᠤᠨ ᠬᠤᠰᠢᠭᠤ ᠰᠢᠶᠠᠨ | ᠲᠣᠭᠤᠷᠢᠭ ᠤᠨ ᠳᠤᠮᠳᠠ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠲᠡᠷᠢᠭᠦᠨ ᠤ ᠬᠢ ᠶᠢ ᠴᠢᠷᠮᠠᠶᠢᠨ ᠡᠭᠦᠳᠬᠦ ᠬᠡᠷᠡᠭᠲᠡᠢ | ᠬᠡᠪᠠ᠃ | ᠬᠤᠷᠠᠯ ᠠᠴᠠ᠂ ᠡᠨᠡ ᠵᠢᠯ ᠤᠨ ᠪᠥᠬᠦ ᠰᠢᠶᠠᠨ ᠤ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ | ︽ᠬᠤᠶᠠᠷ ᠶᠡᠭᠡ ᠶᠠᠪᠤᠳᠠᠯ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠲᠠᠪᠤᠨ | ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ | ᠢᠶᠠᠷ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠲᠤᠪᠤᠶᠢᠯᠭᠠᠵᠤ᠂ | ︽ᠴᠠᠭ ᠲᠤᠬᠠᠢ ᠳᠤᠨᠢ᠂ ᠪᠣᠳᠠᠲᠠᠢ ᠶᠢ ᠡᠷᠬᠢᠮᠯᠡᠬᠦ᠂ ᠪᠣᠳᠠᠲᠠᠶᠢᠵᠢᠭᠤᠯᠬᠤ︾ ᠠᠵᠢᠯ ᠤᠨ ᠰᠤᠷᠲᠠᠯ ᠢ ᠪᠠᠷᠢᠮᠲᠠᠯᠠᠵᠤ᠂ ︽ᠴᠠᠭ | ᠲᠤᠬᠠᠢ ᠳᠤ ᠨᠢ᠂ ᠪᠣᠳᠠᠲᠠᠢ ᠶᠢ ᠡᠷᠬᠢᠮᠯᠡᠬᠦ᠂ ᠰᠢᠨ᠎ᠡ ᠶᠢ ᠡᠭᠦᠳᠬᠦ︾ ᠠᠵᠢᠯ ᠤᠨ ᠣᠪᠣᠷ ᠢ ᠪᠠᠷᠢᠮᠲᠠᠯᠠᠵᠤ᠂ | ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠢᠯ ᠬᠢᠵᠦ ᠦᠢᠯᠡᠰ ᠪᠤᠰᠬᠠᠬᠤ ᠴᠤᠭ | ᠰᠦᠯᠳᠡ ᠶᠢ ᠬᠥᠭᠵᠢᠭᠡᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢᠨ ᠪᠦᠬᠦ ᠲᠠᠯ᠎ᠠ ᠶᠢ | ᠶᠡᠷᠦᠩᠬᠡᠶᠢᠯᠡᠨ ᠡᠵᠡᠮᠳᠡᠵᠦ᠂ ᠥᠨᠳᠥᠷ ᠲᠦᠪᠰᠢᠨ ᠪᠦᠬᠦᠢ ᠲᠥᠷᠥᠯ ᠵᠦᠢᠯ ᠢᠶᠠᠷ ᠠᠵᠤ ᠦᠢᠯᠡᠰ ᠤᠨ ᠳᠡᠰ ᠳᠡᠪᠰᠢᠬᠦ ᠶᠢ | ᠠᠬᠢᠭᠤᠯᠵᠤ᠂ ᠴᠢᠨᠠᠷ ᠰᠠᠶᠢᠲᠠᠢ ᠠᠮᠢᠳᠤᠷᠠᠯ ᠢᠶᠠᠷ ᠠᠷᠠᠳ ᠤᠨ ᠠᠮᠢᠳᠤᠷᠠᠯ ᠤᠨ ᠵᠢᠷᠭᠠᠯ ᠢ ᠨᠡᠮᠡᠭᠳᠡᠭᠦᠯᠵᠦ᠂ ᠥᠨᠳᠥᠷ | ᠪᠦᠲᠦᠮᠵᠢᠲᠡᠢ ᠵᠠᠰᠠᠯᠲᠠ ᠪᠠᠷ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠪᠤᠭᠤᠲᠤ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠠᠵᠤ ᠠᠬᠤᠢ ᠶᠢᠨ ᠨᠡᠮᠡᠭᠳᠡᠯ ᠤᠨ ᠲᠦᠢᠯ ᠢ ᠪᠦᠬᠦ ᠬᠦᠴᠦᠨ ᠢᠶᠠᠷ ᠢᠶᠠᠨ ᠪᠢᠴᠢᠭᠯᠡᠵᠦ᠂ ᠰᠢᠨ᠎ᠡ ᠴᠠᠭ | ᠦᠶ᠎ᠡ ᠶᠢᠨ ᠭᠦᠶᠡᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠪᠦᠭᠦᠳᠡ ᠬᠤᠷᠠᠯ ᠠᠴᠠ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠪᠠᠨ ᠲᠣᠭᠲᠠᠭᠠᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠪᠠᠷ ᠠᠷᠪᠠᠨ ᠲᠠᠯ᠎ᠠ ᠶᠢᠨ ᠲᠣᠭᠤᠷᠢᠨ ᠳᠤ ᠪᠦᠬᠦ | ᠬᠦᠴᠦᠨ ᠢᠶᠠᠷ ᠢᠶᠠᠨ ᠲᠡᠷᠢᠭᠦᠨ ᠳᠤ ᠣᠷᠣᠬᠤ ᠪᠠᠷ ᠲᠡᠮᠡᠴᠡᠬᠦ ᠬᠡᠷᠡᠭᠲᠡᠢ᠃ ᠨᠢᠭᠡ ᠳᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠲᠥᠷᠥᠯ ᠵᠦᠢᠯ ᠢ ᠰᠠᠶᠢᠲᠤᠷ ᠲᠥᠯᠥᠪᠵᠢᠭᠦᠯᠵᠦ᠂ ᠲᠥᠷᠥᠯ ᠵᠦᠢᠯ ᠢ | ᠰᠠᠶᠢᠲᠤᠷ ᠣᠷᠣᠭᠤᠯᠤᠨ ᠠᠪᠴᠢᠷᠠᠵᠤ᠂ ᠲᠥᠷᠥᠯ ᠵᠦᠢᠯ ᠢ ᠰᠠᠶᠢᠲᠤᠷ ᠪᠦᠲᠦᠭᠡᠨ ᠪᠠᠶᠢᠭᠤᠯᠬᠤ ᠪᠠᠷ ᠳᠠᠮᠵᠢᠭᠤᠯᠵᠤ᠂ | ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ ᠬᠡᠷᠡᠭᠲᠡᠢ᠃ | ᠬᠤᠶᠠᠷ ᠲᠤ᠂ ᠳᠡᠰ ᠳᠡᠪᠰᠢᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ ᠤᠷᠤᠯᠳᠤᠭᠠᠨ ᠤ ᠵᠠᠮ ᠢ ᠥᠷᠭᠡᠳᠬᠡᠬᠦ᠂ ︽ | ᠳᠥᠷᠪᠡᠨ ᠲᠠᠯ᠎ᠠ︾ ᠶᠢᠨ ᠠᠵᠤ ᠠᠬᠤᠶᠢᠯᠠᠯ ᠢ ᠪᠤᠵᠠᠭᠠᠶᠢᠷᠠᠭᠤᠯᠬᠤ ᠪᠠᠷ ᠳᠠᠮᠵᠢᠭᠤᠯᠵᠤ᠂ ᠳᠠᠪᠠᠭᠤᠯᠢᠭ ᠠᠵᠤ ᠦᠢᠯᠡᠰ ᠢ | ᠬᠦᠴᠦᠷᠬᠡᠭᠵᠢᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ ᠬᠡᠷᠡᠭᠲᠡᠢ᠃ ᠭᠤᠷᠪᠠ ᠳᠤ᠂ ︽ᠬᠥᠳᠡᠭᠡ ᠠᠵᠤ | ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠮᠤ ᠪᠤᠳᠠᠭᠠᠨ ᠤ | ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠢ ᠪᠤᠵᠠᠭᠠᠶᠢᠷᠠᠭᠤᠯᠬᠤ᠂ | ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠦᠷᠭᠦᠯᠵᠢᠯᠡᠨ ᠪᠦᠲᠦᠭᠡᠨ ᠪᠠᠶᠢᠭᠤᠯᠬᠤ ᠪᠠᠷ ᠳᠠᠮᠵᠢᠭᠤᠯᠵᠤ᠂ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ | ᠬᠡᠷᠡᠭᠲᠡᠢ᠃ ᠳᠥᠷᠪᠡ ᠳᠤ᠂ ᠰᠣᠶᠣᠯ ᠵᠤᠭᠠᠴᠠᠯ ᠤᠨ ᠠᠭᠤᠰᠤᠯᠴᠠᠯ ᠢ ᠪᠦᠬᠦ ᠬᠦᠴᠦᠨ ᠢᠶᠠᠷ ᠠᠬᠢᠭᠤᠯᠵᠤ᠂ ᠦᠵᠡᠮᠵᠢ ᠶᠢᠨ | ᠣᠷᠣᠨ ᠢ ᠪᠦᠬᠦ ᠣᠷᠣᠨ ᠪᠦᠰᠡ ᠪᠠᠷ ᠪᠠᠶᠢᠭᠤᠯᠬᠤ᠂ ᠲᠥᠬᠦᠭᠡᠷᠦᠮᠵᠢ ᠶᠢ ᠪᠦᠬᠦ ᠣᠷᠣᠨ ᠪᠦᠰᠡ ᠪᠠᠷ ᠳᠡᠭᠡᠭᠰᠢᠯᠡᠭᠦᠯᠬᠦ᠂ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠦᠬᠦ ᠣᠷᠣᠨ ᠪᠦᠰᠡ ᠪᠠᠷ ᠢᠶᠠᠨ ᠠᠭᠤᠰᠤᠯᠴᠠᠭᠤᠯᠬᠤ ᠶᠢ ᠪᠠᠷᠢᠮᠲᠠᠯᠠᠬᠤ ᠪᠠᠷ | ᠳᠠᠮᠵᠢᠭᠤᠯᠵᠤ᠂ ᠪᠦᠬᠦ ᠣᠷᠣᠨ ᠪᠦᠰᠡ ᠶᠢᠨ ᠵᠤᠭᠠᠴᠠᠯ ᠢ ᠬᠥᠭᠵᠢᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠡᠷᠡᠯᠬᠡᠭᠯᠡᠨ | ᠲᠡᠮᠡᠴᠡᠪᠡ᠃ ᠲᠠᠪᠤ ᠳᠤ᠂ ᠬᠤᠲᠠ ᠬᠥᠳᠡᠭᠡ ᠶᠢᠨ ᠠᠭᠤᠰᠤᠯᠴᠠᠯ ᠢ ᠪᠦᠬᠦ ᠬᠦᠴᠦᠨ ᠢᠶᠠᠷ ᠠᠬᠢᠭᠤᠯᠵᠤ᠂ ᠬᠤᠲᠠ ᠶᠢᠨ | ᠦᠢᠯᠡᠴᠢᠯᠡᠭᠡᠨ ᠤ ᠴᠢᠳᠠᠪᠬᠢ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ᠂ ᠬᠤᠲᠠ ᠬᠥᠳᠡᠭᠡ ᠶᠢᠨ | ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠪᠠᠷ ᠳᠠᠮᠵᠢᠨ᠂ ᠰᠢᠶᠠᠨ ᠤ ᠬᠡᠪᠴᠢᠶᠡᠨ ᠤ ᠠᠮᠢᠵᠢᠷᠠᠯ ᠤᠨ ᠬᠦᠴᠦᠨ ᠢ | ᠬᠥᠭᠵᠢᠭᠡᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠴᠢᠷᠮᠠᠶᠢᠨ᠎ᠠ᠃ ᠵᠢᠷᠭᠤᠭ᠎ᠠ ᠳᠤ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠮᠢ ᠠᠬᠤᠢ ᠶᠢ ᠰᠡᠷᠭᠦᠭᠡᠨ ᠵᠠᠰᠠᠬᠤ᠂ ᠣᠷᠴᠢᠨ ᠲᠣᠭᠤᠷᠢᠨ ᠤ | ᠪᠣᠬᠢᠷᠲᠤᠯ ᠢ ᠰᠡᠷᠭᠡᠶᠢᠯᠡᠨ ᠵᠠᠰᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ | ᠬᠤᠪᠢᠷᠠᠭᠤᠯᠤᠯᠲᠠ ᠶᠢ ᠠᠬᠢᠭᠤᠯᠬᠤ ᠪᠠᠷ ᠳᠠᠮᠵᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠲᠠᠯ᠎ᠠ ᠪᠠᠷ | ᠡᠷᠡᠯᠬᠡᠭᠯᠡᠨ ᠲᠡᠮᠡᠴᠡᠪᠡ᠃ ᠳᠣᠯᠤᠭ᠎ᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠤᠯᠭᠠᠭᠤᠷᠢᠯᠠᠯ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠠᠶᠢᠭᠤᠯᠤᠯᠲᠠ᠂ ᠭᠠᠳᠠᠭᠠᠳᠤ ᠰᠣᠯᠢᠯᠴᠠᠭ᠎ᠠ | ᠨᠡᠭᠡᠭᠡᠯᠲᠡ ᠪᠠᠷ ᠳᠠᠮᠵᠢᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠯ᠎ᠠ ᠪᠠᠷ ᠲᠡᠷᠢᠭᠦᠨ ᠳᠤ | ᠣᠷᠣᠬᠤ ᠪᠠᠷ ᠲᠡᠮᠡᠴᠡᠬᠦ ᠬᠡᠷᠡᠭᠲᠡᠢ᠃ ᠨᠠᠢᠮᠠ ᠳᠤ᠂ ᠲᠦᠭᠡᠮᠡᠯ ᠠᠰᠢᠭ ᠬᠦᠷᠲᠡᠭᠡᠵᠦ ᠬᠠᠮᠲᠤᠪᠠᠷ ᠡᠳ᠋ᠯᠡᠬᠦ ᠶᠢ ᠪᠦᠬᠦ | ᠬᠦᠴᠦᠨ ᠢᠶᠠᠷ ᠠᠬᠢᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠬᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ᠂ ᠡᠮ | ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠬᠦ ᠪᠠᠷ ᠳᠠᠮᠵᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ | ᠲᠡᠷᠢᠭᠦᠨ ᠳᠤ ᠣᠷᠣᠬᠤ ᠪᠠᠷ ᠲᠡᠮᠡᠴᠡᠬᠦ ᠬᠡᠷᠡᠭᠲᠡᠢ᠃ ᠶᠢᠰᠦ ᠳᠤ ᠠᠮᠤᠷ ᠲᠦᠪᠰᠢᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ | ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ᠂ ᠠᠮᠤᠷ ᠲᠦᠪᠰᠢᠨ | ᠬᠥᠭᠵᠢᠯᠲᠡ ᠶᠢᠨ ᠬᠤᠷᠢᠭ᠎ᠠ ᠱᠤᠭᠤᠮ ᠢ ᠰᠠᠬᠢᠬᠤ᠂ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠬᠤ ᠪᠠᠷ | ᠳᠠᠮᠵᠢᠭᠤᠯᠵᠤ᠂ ᠬᠥᠭᠵᠢᠯᠲᠡ ᠶᠢᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠲᠡᠷᠢᠭᠦᠨ ᠳᠤ | ᠣᠷᠣᠬᠤ ᠪᠠᠷ ᠲᠡᠮᠡᠴᠡᠬᠦ ᠬᠡᠷᠡᠭᠲᠡᠢ᠃ ᠠᠷᠪᠠ ᠳᠤ᠂ ᠨᠠᠮ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠦᠴᠦᠨ᠂ ᠤᠬᠠᠭᠤᠯᠭ᠎ᠠ ᠶᠢᠨ ᠨᠥᠯᠥᠭᠡᠯᠡᠬᠦ ᠬᠦᠴᠦᠨ | ᠂ ᠨᠢᠭᠡᠳᠦᠮᠡᠯ ᠹᠷᠣᠨᠲ ᠤᠨ ᠨᠢᠭᠲᠠᠷᠠᠯ ᠤᠨ ᠬᠦᠴᠦᠨ᠂ ᠰᠠᠬᠢᠯᠭ᠎ᠠ ᠪᠠᠲᠤ ᠶᠢᠨ ᠬᠢᠵᠠᠭᠠᠷᠯᠠᠬᠤ ᠬᠦᠴᠦᠨ ᠢ ᠴᠢᠩᠭᠠᠳᠬᠠᠬᠤ ᠪᠠᠷ | ᠳᠠᠮᠵᠢᠭᠤᠯᠤᠨ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠶᠡᠷᠦᠩᠬᠡᠶᠢᠯᠡᠨ | ᠵᠢᠯᠣᠭᠤᠳᠬᠤ ᠲᠠᠯ᠎ᠠ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ ᠬᠡᠷᠡᠭᠲᠡᠢ ᠭᠡᠪᠡ᠃ | ᠪᠦᠭᠦᠳᠡ ᠬᠤᠷᠠᠯ ᠠᠴᠠ ︽ᠷᠡᠩ ᠲᠢᠶᠧ ᠨᠠᠮ ᠠᠴᠠ ᠬᠥᠭᠡᠭᠡᠬᠦ ᠰᠢᠢᠳᠬᠡᠯ ᠥᠭᠬᠦ ᠲᠤᠬᠠᠢ ᠲᠣᠭᠲᠠᠭᠠᠯ︾ ᠢ ᠬᠢᠨᠠᠨ | ᠵᠥᠪᠯᠡᠵᠦ ᠪᠠᠲᠤᠯᠠᠪᠠ᠃ | ᠪᠦᠭᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠤᠨ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠠᠵᠢᠯ ᠠᠴᠠ ᠪᠠᠨ ᠠᠮᠠᠷᠠᠭᠰᠠᠨ ᠰᠢᠯᠲᠠᠭᠠᠨ ᠠᠴᠠ ᠪᠣᠯᠵᠤ᠂ ᠯᠢ ᠯᠦᠩ ᠨᠥᠬᠦᠷ ᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ ᠤ | ᠲᠤᠰᠢᠶᠠᠯ ᠠᠴᠠ ᠨᠢ ᠪᠠᠭᠤᠯᠭᠠᠬᠤ ᠪᠠᠷ ᠲᠣᠭᠲᠠᠪᠠ᠃ | ᠪᠦᠭᠦᠳᠡ ᠬᠤᠷᠠᠯ ᠤᠨ ᠤᠷᠢᠶᠠᠯᠠᠭ᠎ᠠ | ᠪᠥᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ | ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ︽ᠭᠠᠪᠢᠶ᠎ᠠ ᠵᠢᠳᠬᠦᠯ ᠭᠠᠷᠭᠠᠬᠤ ᠨᠢ ᠨᠠᠳᠠ ᠳᠤ ᠪᠢᠰᠢ︾ ᠭᠡᠬᠦ ᠵᠣᠷᠢᠭ ᠰᠠᠨᠠᠭᠠᠨ ᠤ ᠠᠬᠤᠢ ᠪᠠᠶᠢᠳᠠᠯ ᠪᠣᠯᠤᠨ | ︽ᠭᠠᠪᠢᠶ᠎ᠠ ᠵᠢᠳᠬᠦᠯ ᠦᠵᠡᠭᠦᠯᠪᠡᠯ ᠯᠠᠪᠲᠠᠢ ᠪᠢ ᠪᠠᠶᠢᠬᠤ︾ ᠬᠠᠷᠢᠭᠤᠴᠠᠯᠭ᠎ᠠ ᠡᠭᠦᠷᠭᠡᠯᠡᠯ ᠢᠶᠠᠷ᠂ ︽ᠴᠠᠭ ᠲᠤᠬᠠᠢ ᠳᠤᠨᠢ | ᠪᠣᠳᠠᠲᠠᠢ ᠶᠢ ᠡᠷᠬᠢᠮᠯᠡᠨ ᠪᠣᠳᠠᠲᠠᠶᠢᠵᠢᠭᠤᠯᠬᠤ︾ ᠠᠵᠢᠯ ᠤᠨ ᠰᠤᠷᠲᠠᠯ ᠪᠣᠯᠤᠨ ︽ᠪᠣᠳᠠᠲᠠᠢ ᠠᠵᠢᠯᠯᠠᠬᠤ ᠶᠢ ᠠᠳᠬᠤᠨ | ᠰᠢᠨ᠎ᠡ ᠶᠢ ᠡᠭᠦᠳᠬᠦ︾ ᠠᠵᠢᠯ ᠤᠨ ᠣᠪᠣᠷ ᠢᠶᠠᠷ᠂ ᠪᠤᠭᠤᠲᠤ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠵᠤ | ᠠᠬᠤᠢ ᠶᠢᠨ ᠨᠡᠮᠡᠭᠳᠡᠯ ᠤᠨ ᠲᠦᠢᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠰᠢᠨ᠎ᠡ ᠠᠶᠠᠨ ᠵᠠᠮ ᠳᠤ ᠭᠦᠶᠡᠩ ᠤᠨ | ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | |