1 ᠰᠠᠷ᠎ᠠ ᠶᠢᠨ 4 ᠤ ᠡᠳᠦᠷ ᠤᠨ 8᠄ 30᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠵᠢᠴᠢ ᠪᠥᠬᠦ ᠰᠢᠶᠠᠨ ᠤ ᠠᠵᠤ | ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ | ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠠᠩᠬᠠᠳᠤᠭᠠᠷ ᠪᠦᠭᠦᠳᠡ ᠬᠤᠷᠠᠯ ᠢ ᠡᠷᠬᠢᠯᠡᠭᠰᠡᠨ | ᠪᠥᠭᠡᠳ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠡ ᠶᠢ ᠲᠥᠯᠥᠭᠡᠯᠡᠨ ᠪᠦᠭᠦᠳᠡ | ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠾᠧᠦ ᠶᠥᠩ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠡᠨᠡ ᠤᠳᠠᠭ᠎ᠠ ᠶᠢᠨ ᠪᠦᠭᠦᠳᠡ ᠬᠤᠷᠠᠯ ᠤᠨ ᠭᠤᠣᠯ ᠡᠭᠦᠷᠭᠡ ᠪᠣᠯ᠄ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠵᠢᠴᠢ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ | ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠪᠤᠭᠤᠲᠤ ᠬᠤᠲᠠ ᠶᠢᠨ | ᠨᠠᠮ ᠤᠨ ᠬᠤᠷᠢᠶ᠎ᠡ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠬᠦ ᠬᠤᠲᠠ ᠶᠢᠨ | ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2024 | ᠣᠨ ᠤ ᠡᠯ᠎ᠡ ᠵᠦᠢᠯ ᠤᠨ ᠠᠵᠢᠯ ᠢ ᠳ᠋ᠦᠩᠨᠡᠵᠦ᠂ 2025 ᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | | | |