1 ᠰᠠᠷ᠎ᠠ ᠶᠢᠨ 6 ᠤ ᠡᠳᠦᠷ᠂ ᠰᠢ ᠳ᠋ᠧᠦ ᠫᠦ᠋ ᠪᠠᠯᠭᠠᠰᠤ 2025 ᠣᠨ ᠤ ᠠᠩᠬᠠᠳᠤᠭᠠᠷ ᠤᠳᠠᠭᠠᠨ ᠤ ᠨᠠᠮ ᠤᠨ | ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ | ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠯᠢ ᠭᠠᠩ ᠡᠷᠭᠢᠯᠡᠵᠦ᠂ | ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠠᠯᠭᠠᠰᠤᠨ ᠤ ᠪᠦᠬᠦ ᠺᠠᠳ᠋ᠷ ᠬᠤᠷᠠᠯ ᠳᠤ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2025 ᠣᠨ ᠤ ᠰᠢᠨ᠎ᠡ ᠵᠢᠯ ᠤᠨ ᠪᠠᠶᠠᠷ ᠤᠨ ᠦᠭᠡ ᠶᠢ | ᠤᠯᠠᠮᠵᠢᠯᠠᠨ ᠰᠤᠷᠤᠯᠴᠠᠭᠰᠠᠨ ᠪᠥᠭᠡᠳ ᠮᠠᠨ ᠤ ᠪᠠᠯᠭᠠᠰᠤᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ | ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠡ ᠶᠢᠨ ᠶᠢᠰᠦᠳᠦᠭᠡᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ | ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠡ ᠶᠢᠨ ᠵᠢᠷᠭᠤᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠪᠣᠯᠤᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠠᠵᠢᠯ ᠤᠨ ᠠᠭᠤᠯᠭ᠎ᠠ ᠶᠢ ᠲᠣᠬᠢᠷᠠᠭᠤᠯᠤᠨ | ᠪᠠᠶᠢᠷᠢᠯᠠᠭᠤᠯᠵᠠᠢ᠃ | ᠬᠤᠷᠠᠯ ᠠᠴᠠ᠂ ᠰᠢᠶᠠᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ | ᠪᠦᠭᠦᠳᠡ ᠬᠤᠷᠠᠯ ᠠᠴᠠ 2024 ᠣᠨ ᠤ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠣᠯᠤᠭᠰᠠᠨ ᠠᠮᠵᠢᠯᠲᠠ ᠶᠢ ᠳ᠋ᠦᠩᠨᠡᠵᠦ᠂ 2025 | ᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠳᠤᠷᠠᠳᠴᠤ᠂ | ᠮᠠᠨ ᠤ ᠪᠠᠯᠭᠠᠰᠤᠨ ᠤ 2025 ᠣᠨ ᠤ ᠠᠵᠢᠯ ᠢ ᠰᠠᠶᠢᠲᠤᠷ ᠬᠢᠬᠦ ᠳᠤ ᠢᠲᠡᠭᠡᠯ ᠵᠣᠷᠢᠭ ᠢ ᠬᠥᠪᠴᠢᠯᠡᠵᠦ᠂ ᠭᠠᠷᠳᠠᠴᠠ | ᠨᠡᠮᠡᠷᠢᠯᠡᠵᠦ᠂ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤ ᠪᠠᠷ ᠢᠶᠠᠨ | ᠪᠦᠭᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠲᠠᠨᠢᠯᠲᠠ ᠪᠠ | ᠦᠢᠯᠡ ᠠᠵᠢᠯᠯᠠᠭ᠎ᠠ ᠪᠠᠨ ᠰᠢᠶᠠᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ | ᠦᠨᠡᠨ ᠬᠦ ᠨᠢᠭᠡᠳᠬᠡᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠭᠦᠨᠵᠡᠭᠡᠢ | ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠢᠭᠡ ᠴᠣᠭᠴᠠᠵᠢᠭᠤᠯᠤᠨ ᠣᠶᠢᠯᠠᠭᠠᠵᠤ᠂ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ | ᠦᠨᠡᠨ ᠬᠦ ᠪᠠᠲᠤᠯᠠᠬᠤ ᠬᠡᠷᠡᠭᠲᠡᠢ᠃ | ᠬᠤᠷᠠᠯ ᠠᠴᠠ᠂ ᠨᠢᠭᠡ ᠳᠤ᠂ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠤᠯᠤᠰ ᠲᠥᠷᠥ ᠶᠢᠨ | ᠬᠠᠷᠢᠭᠤᠴᠠᠯᠭ᠎ᠠ ᠪᠠᠨ ᠪᠠᠲᠤ ᠡᠭᠦᠷᠭᠡᠯᠡᠬᠦ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ᠂ ᠡᠯ᠎ᠡ ᠨᠠᠮ ᠤᠨ ᠡᠭᠦᠷ ᠤᠨ ︽ᠭᠤᠷᠪᠠᠨ ᠬᠤᠷᠠᠯ | ᠨᠢᠭᠡ ᠬᠢᠴᠢᠶᠡᠯ︾ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠯᠴᠠᠬᠤ ᠬᠠᠯᠠᠭᠤᠨ ᠥᠷᠨᠢᠯᠲᠡ ᠶᠢ ᠦᠳᠲᠡᠷ | ᠲᠦᠷᠭᠡᠨ ᠪᠣᠢ ᠪᠣᠯᠭᠠᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠦᠢᠯᠡᠳᠦᠯᠭᠡ ᠪᠠᠨ ᠦᠨᠡᠨ ᠬᠦ ᠵᠢᠯᠣᠭᠤᠳᠴᠤ | ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠵᠤ᠂ ᠠᠵᠢᠯ ᠤᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶ᠎ᠠ ᠲᠠᠢ | ᠬᠠᠷᠭᠤᠭᠤᠯᠵᠤ᠂ ᠠᠵᠢᠯ ᠤᠨ ᠡᠭᠦᠷᠭᠡ ᠶᠢ ᠪᠣᠳᠠᠲᠠᠢ ᠠᠳᠬᠤᠬᠤ ᠬᠡᠷᠡᠭᠲᠡᠢ᠃ ᠪᠦᠭᠦᠳᠡ ᠬᠤᠷᠠᠯ ᠤᠨ ᠰᠢᠨ᠎ᠡ | ᠪᠠᠶᠢᠷᠢᠯᠠᠭᠤᠯᠤᠯᠲᠠ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ | ᠵᠦᠢᠯ ᠤᠨ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠲᠥᠷᠥᠯ ᠵᠦᠢᠯ ᠢ ᠣᠷᠣᠭᠤᠯᠤᠨ ᠬᠥᠭᠵᠢᠯᠲᠡ ᠶᠢ | ᠠᠬᠢᠭᠤᠯᠵᠤ᠂ ᠠᠵᠤ ᠦᠢᠯᠡᠰ ᠢ ᠬᠦᠴᠦᠷᠬᠡᠭᠵᠢᠭᠦᠯᠦᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠠᠮᠤᠷ | ᠲᠦᠪᠰᠢᠨ ᠢ ᠴᠢᠩᠭ᠎ᠠ ᠠᠳᠬᠤᠵᠤ ᠲᠣᠭᠲᠠᠭᠤᠨ ᠢ ᠠᠬᠢᠭᠤᠯᠬᠤ ᠬᠡᠷᠡᠭᠲᠡᠢ᠃ ᠵᠢᠯ ᠤᠨ ᠡᠬᠢᠨ ᠤ ᠬᠤᠭᠤᠴᠠᠭᠠᠨ ᠳᠤ᠂ | ᠬᠠᠯᠠᠮᠵᠢᠯᠠᠨ ᠬᠠᠶᠢᠷᠠᠯᠠᠵᠤ ᠠᠪᠤᠷᠠᠨ ᠲᠤᠰᠠᠯᠠᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠶᠤᠯᠭᠦᠢ | ᠦᠢᠯᠡᠳᠪᠦᠷᠢᠯᠡᠯ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠢᠯ ᠤᠨ | ᠡᠴᠦᠰ ᠲᠤ ᠬᠢᠨᠠᠨ ᠰᠢᠯᠭᠠᠬᠤ ᠵᠡᠷᠭᠡ ᠡᠯ᠎ᠡ ᠵᠦᠢᠯ ᠤᠨ ᠠᠵᠢᠯ ᠤᠨ ᠲᠡᠭᠦᠰᠬᠡᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠠᠭ ᠬᠤᠭᠤᠴᠠᠭᠠᠨ ᠤ᠂ ᠴᠢᠨᠠᠷ ᠰᠠᠶᠢᠲᠠᠢ ᠥᠨᠳᠥᠷ | ᠪᠦᠲᠦᠮᠵᠢᠲᠡᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠭᠤᠷᠪᠠ ᠳᠤ ᠦᠨᠡᠨᠬᠦ ᠠᠳᠬᠤᠨ | ᠪᠣᠳᠠᠲᠠᠢ ᠠᠵᠢᠯᠯᠠᠵᠤ᠂ ᠪᠣᠭᠤᠮᠲᠠ ᠰᠢᠪᠲᠤᠯᠬᠤ ᠪᠠᠷ ᠬᠦᠴᠦᠯᠡᠨ ᠴᠢᠷᠮᠠᠶᠢᠵᠤ᠂ ᠨᠢᠭᠡᠳᠦᠯᠲᠡᠢ ᠲᠥᠯᠥᠪᠵᠢᠭᠦᠯᠦᠨ | ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠤᠷᠢᠳᠠᠴᠢ ᠰᠢᠲᠠᠷ᠎ᠠ ᠶᠢ ᠰᠠᠶᠢᠲᠤᠷ ᠲᠠᠯᠪᠢᠬᠤ ᠶᠢ ᠪᠠᠷᠢᠮᠲᠠᠯᠠᠵᠤ᠂ | ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ 2025 ᠣᠨ ᠤ ᠠᠵᠢᠯ ᠢ ᠭᠦᠢᠴᠡᠳ ᠲᠥᠯᠥᠪᠵᠢᠭᠦᠯᠦᠨ᠎ᠡ᠃ | ᠰᠢᠶᠠᠨ ᠤ ᠨᠠᠮ ᠤᠨ ᠬᠤᠷᠢᠶᠠᠨ ᠤ ᠪᠦᠭᠦᠳᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠲᠠᠢ | ᠬᠠᠷᠢᠴᠠᠭᠤᠯᠵᠤ᠂ ᠴᠠᠭ ᠬᠤᠭᠤᠴᠠᠭ᠎ᠠ ᠠᠯᠬᠤᠮ ᠳᠠᠷᠠᠭ᠎ᠠ ᠶᠢ ᠡᠵᠡᠮᠳᠡᠵᠦ᠂ ᠵᠠᠳᠠᠯᠤᠯᠲᠠ ᠶᠢᠨ ᠡᠬᠡ ᠳᠠᠩᠰᠠ ᠶᠢ | ᠪᠠᠶᠢᠭᠤᠯᠵᠤ᠂ ᠪᠦᠯᠬᠦᠮ ᠨᠡᠶᠢᠲᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠵᠡᠷᠭᠡ ᠪᠠᠷ | ᠠᠳᠬᠤᠬᠤ᠂ ᠰᠡᠳᠬᠢᠯ ᠨᠢᠭᠡᠳᠦᠨ ᠡᠷᠡᠯᠬᠡᠭᠯᠡᠨ ᠤᠷᠤᠭᠰᠢᠯᠠᠬᠤ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠬᠤ ᠬᠡᠷᠡᠭᠲᠡᠢ | ᠃ ᠲᠤᠰ ᠪᠡᠶ᠎ᠡ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ | ᠰᠡᠳᠬᠢᠵᠦ ᠰᠡᠳᠬᠢᠯ ᠲᠠᠯᠪᠢᠨ ᠲᠥᠯᠥᠪᠵᠢᠭᠦᠯᠵᠦ᠂ ᠬᠠᠷᠠᠯᠲᠠ ᠡᠭᠦᠷᠭᠡ ᠪᠠᠨ ᠰᠤᠯᠠᠷᠠᠭᠤᠯᠤᠯ ᠦᠭᠡᠢ ᠲᠣᠭᠲᠠᠭᠠᠵᠤ᠂ | ᠵᠢᠷᠤᠮᠵᠢᠯ ᠢᠶᠠᠨ ᠴᠢᠩᠭᠠᠳᠬᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠥᠪᠡᠷ ᠢ ᠪᠠᠨ ᠱᠠᠭᠠᠷᠳᠠᠬᠤ ᠪᠠᠨ | ᠴᠢᠩᠭᠠᠳᠬᠠᠵᠤ᠂ ᠰᠢᠯᠢᠳᠡᠭ ᠰᠤᠷᠲᠠᠯ ᠪᠣᠯᠤᠨ ᠪᠣᠳᠠᠲᠤ ᠠᠮᠵᠢᠯᠲᠠ ᠪᠠᠷ ᠪᠥᠬᠦ ᠰᠢᠶᠠᠨ ᠤ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ | |