ᠵᠢᠨᠱᠠᠨ ᠪᠠᠯᠭᠠᠰᠤᠨ ᠤ ᠯᠠ ᠰᠠᠷ᠎ᠠ ᠶᠢᠨ ᠪᠠᠶᠠᠷ ᠤᠨ ᠡᠳᠦᠷ᠂ ᠪᠠᠶᠠᠷ ᠬᠥᠷ ᠢᠶᠠᠷ ᠪᠢᠯᠬᠠᠨ᠎ᠠ᠃ ᠭᠦᠶᠡᠩ ᠰᠢᠶᠠᠨ ᠤ | ᠨᠠᠮ ᠤᠨ ᠬᠤᠷᠢᠶ᠎ᠡ ᠶᠢᠨ ᠤᠬᠠᠭᠤᠯᠬᠤ ᠬᠡᠯᠲᠡᠰ ᠤᠨ 2025 ᠣᠨ ᠤ ᠰᠢᠨ᠎ᠡ ᠵᠢᠯ ᠵᠢᠴᠢ ᠴᠠᠭᠠᠨ ᠰᠠᠷ᠎ᠠ᠂ | ᠥᠯᠵᠡᠶᠢᠲᠦ ᠡᠳᠦᠷ ᠤᠨ ᠪᠠᠶᠠᠷ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ ᠲᠤᠬᠠᠢ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ 1 ᠰᠠᠷ᠎ᠠ ᠶᠢᠨ 7 ᠤ ᠡᠳᠦᠷ᠂ ᠰᠢᠶᠠᠨ ᠤ ᠤᠳᠬ᠎ᠠ | ᠤᠷᠠᠯᠢᠭ ᠤᠨ ᠬᠢᠨ ᠤ ᠬᠤᠯᠪᠣᠭ᠎ᠠ ᠶᠢᠨ ᠵᠢᠨᠱᠠᠨ ᠪᠠᠯᠭᠠᠰᠤ ᠪᠠ ᠰᠢᠶᠠᠨ ᠤ ᠡᠮᠡᠭᠲᠡᠶᠢᠴᠦᠳ ᠤᠨ ᠬᠤᠯᠪᠣᠭᠠᠲᠤ | ᠬᠤᠷᠠᠯ ᠠᠴᠠ ᠭᠤᠣᠯᠯᠠᠨ ᠡᠷᠬᠢᠯᠡᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠨᠡᠶᠢᠭᠡᠮ ᠲᠣᠭᠤᠷᠢᠭ ᠠᠴᠠ | ᠳᠠᠭᠠᠭᠠᠴᠢᠯᠠᠨ ᠡᠷᠬᠢᠯᠡᠭᠰᠡᠨ ᠰᠢᠷᠢᠰ ᠴᠠᠭᠠᠨ ᠰᠠᠷ᠎ᠠ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠢᠷᠢᠰ | ᠠᠵᠢᠯᠯᠠᠭ᠎ᠠ ᠶᠢᠨ ᠨᠢᠭᠡᠳᠦᠭᠡᠷ ᠲᠠᠯᠠᠪᠤᠷ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠨᠡᠶᠢᠭᠡᠮ ᠲᠣᠭᠤᠷᠢᠭ ᠤᠨ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠳᠤ ᠪᠠᠶᠠᠷ ᠬᠦᠷ ᠲᠠᠢ ᠡᠬᠢᠯᠡᠪᠡ᠃ ᠲᠤᠰ ᠤᠳᠠᠭᠠᠨ ᠤ | ᠠᠵᠢᠯᠯᠠᠭ᠎ᠠ ᠳᠤ ᠭᠦᠶᠡᠩ ᠰᠢᠶᠠᠨ ᠤ ᠤᠷᠠᠨ ᠪᠢᠴᠢᠯᠭᠡ ᠶᠢᠨ ᠨᠡᠶᠢᠭᠡᠮᠯᠢᠭ ᠤᠨ 10 ᠭᠠᠷᠤᠢ ᠤᠷᠠᠨ ᠪᠢᠴᠢᠯᠭᠡ ᠶᠢᠨ | ᠪᠠᠭᠰᠢ ᠶᠢ ᠤᠷᠢᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠣᠯᠠᠨ ᠲᠦᠮᠡᠨ ᠲᠠᠢ ᠤᠢᠢᠷᠠᠳᠤᠭᠰᠠᠨ᠂ ᠣᠶᠤᠨ | ᠰᠠᠨᠠᠭ᠎ᠠ ᠶᠢ ᠳᠡᠭᠡᠭᠰᠢᠯᠡᠭᠦᠯᠦᠭᠰᠡᠨ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠲᠣᠭᠯᠠᠯᠲᠠ ᠨᠡᠩ ᠪᠣᠢ᠃ | ᠪᠡᠭᠡ ᠶᠢᠨ ᠦᠨᠦᠷ ᠬᠠᠩᠬᠤᠯᠵᠤ᠂ ᠳᠠᠭᠤᠤ ᠶᠢᠨ ᠠᠶᠠᠰ ᠬᠠᠩᠭᠢᠨᠠᠮ᠎ᠠ ᠰᠠᠶᠢᠬᠠᠨ ᠪᠠᠶᠢᠵᠤ᠂ ᠪᠠᠶᠠᠷ ᠪᠠᠶᠠᠰᠬᠤᠯᠠᠩᠲᠤ | ᠪᠠᠶᠠᠷ ᠤᠨ ᠡᠳᠦᠷ ᠤᠨ ᠠᠭᠤᠷ ᠠᠮᠢᠰᠬᠤᠯ ᠬᠥᠷ ᠬᠥᠭᠵᠢᠶᠡᠨ ᠲᠠᠢ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠠᠵᠢᠯᠯᠠᠭ᠎ᠠ ᠪᠠᠷ ᠲᠤᠬᠠᠢ ᠶᠢᠨ ᠲᠠᠯᠠᠪᠠᠢ ᠳᠤ ᠣᠯᠠᠨ ᠲᠦᠮᠡᠨ ᠤ ᠰᠡᠳᠬᠢᠯ ᠳᠤ ᠬᠦᠷᠴᠦ᠂ ᠢᠨᠢᠶᠡᠮᠰᠦᠭᠯᠡᠯ ᠪᠣᠯᠤᠨ | ᠬᠤᠪᠢᠷᠠᠪᠠ᠃ | ᠤᠷᠠᠨ ᠪᠢᠴᠢᠯᠭᠡ ᠶᠢᠨ ᠪᠠᠭᠰᠢ ᠨᠠᠷ ᠲᠤᠬᠠᠢ ᠶᠢᠨ ᠲᠠᠯᠠᠪᠠᠢ ᠳᠤ ᠪᠢᠷ ᠪᠡᠭᠡ ᠪᠠᠷ ᠢᠶᠠᠨ ᠬᠥᠳᠡᠯᠭᠡᠨ᠂ ︽ | ᠬᠤᠭᠤᠰᠣᠨ ᠤᠯᠠᠭᠠᠨ ᠴᠠᠭᠠᠰᠤᠨ ᠳᠡᠭᠡᠷ᠎ᠡ ᠬᠤᠶᠠᠷ ᠭᠠᠷ ᠢᠶᠠᠨ ᠭᠢᠯᠠᠯᠵᠠᠭᠤᠯᠵᠤ᠂ ᠭᠤᠶᠣ ᠰᠠᠶᠢᠬᠠᠨ ᠬᠤᠣᠰ | ᠤᠶᠠᠩᠭ᠎ᠠ ᠪᠠ ︽ᠪᠤᠶᠠᠨ︾ ᠭᠡᠰᠡᠨ ᠦᠰᠦᠭ ᠨᠢ ᠴᠠᠭᠠᠰᠤᠨ ᠳᠡᠭᠡᠷ᠎ᠡ ᠭᠢᠯᠠᠯᠵᠠᠭᠰᠠᠨ ᠰᠠᠶᠢᠬᠠᠨ ᠬᠠᠷᠠᠭᠳᠠᠨ᠎ᠠ᠃ | ᠰᠠᠭᠤᠭᠠᠯᠢ ᠠᠷᠠᠳ ᠪᠦᠷ ᠠᠯᠠᠭ᠎ᠠ ᠲᠠᠰᠢᠨ ᠢᠨᠢᠶᠡᠯᠴᠡᠪᠡ᠃ ᠪᠢᠴᠢᠵᠦ ᠪᠠᠷᠠᠭᠰᠠᠨ ᠤ ᠳᠠᠷᠠᠭ᠎ᠠ᠂ ᠨᠡᠶᠢᠭᠡᠮ | ᠲᠣᠭᠤᠷᠢᠭ ᠤᠨ ᠠᠵᠢᠯᠲᠠᠳ ᠴᠠᠭᠠᠨ ᠰᠠᠷ᠎ᠠ ᠶᠢᠨ ᠬᠤᠣᠰ ᠤᠶᠠᠩᠭ᠎ᠠ᠂ ︽ᠪᠤᠶᠠᠨ︾ ᠦᠰᠦᠭ ᠢ ᠰᠠᠶᠢᠲᠤᠷ | ᠪᠣᠭᠤᠳᠠᠯᠯᠠᠭᠰᠠᠨ ᠪᠥᠭᠡᠳ ᠰᠠᠭᠤᠭᠠᠯᠢ ᠠᠷᠠᠳ ᠲᠤ ᠬᠦᠷᠭᠡᠪᠡ᠃ ᠬᠥᠳᠡᠯᠭᠡᠭᠡᠨ ᠤ ᠵᠠᠪᠰᠠᠷ ᠲᠤ᠂ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠨᠡᠶᠢᠭᠡᠮ ᠲᠣᠭᠤᠷᠢᠭ ᠤᠨ ᠤᠷᠠᠨ ᠰᠠᠶᠢᠬᠠᠨ ᠤ ᠲᠣᠭᠯᠠᠯᠲᠠ ᠶᠢᠨ ᠠᠩᠭᠢ ᠣᠯᠠᠨ ᠳᠤ | ᠦᠭᠡ ᠬᠡᠯᠡᠵᠦ᠂ ᠲᠤᠬᠠᠢ ᠶᠢᠨ ᠲᠠᠯᠠᠪᠠᠢ ᠳᠤ ᠮᠠᠰᠢ ᠬᠥᠷ ᠬᠥᠭᠵᠢᠶᠡᠨ ᠲᠠᠢ ᠪᠠᠶᠢᠯ᠎ᠠ᠃ | ᠰᠢᠶᠠ ᠱᠢ ᠬᠤᠤ ᠪᠠᠯᠭᠠᠰᠤᠨ ᠤ ᠯᠠ ᠰᠠᠷ᠎ᠠ ᠶᠢᠨ ᠰᠢᠨ᠎ᠡ ᠶᠢᠨ ᠨᠠᠢᠮᠠᠨ ᠤ ᠪᠠᠶᠠᠷ ᠤᠨ ᠠᠮᠲᠠᠲᠤ ᠰᠢᠩᠭᠡᠨ ᠪᠤᠳᠠᠭ᠎ᠠ | ᠪᠠᠯᠭᠠᠰᠤᠨ ᠳᠤ ᠪᠢᠯᠬᠠᠵᠤ ᠪᠠᠶᠢᠯ᠎ᠠ᠃ ᠨᠢᠭᠡ ᠤᠳᠠᠭᠠᠨ ᠤ ᠰᠢᠨ᠎ᠡ ᠳᠦᠷᠰᠦ ᠪᠠᠶᠢᠳᠠᠯ ᠢ ᠪᠤᠢ ᠪᠣᠯᠭᠠᠭᠰᠠᠨ ︽ᠪᠢᠷ | ᠪᠡᠭᠡ ᠠᠩᠬᠢᠯᠤᠮ᠎ᠠ ᠦᠨᠦᠷ ᠪᠢᠯᠬᠠᠵᠤ᠂ ᠢᠷᠥᠭᠡᠯ ᠵᠥᠩᠨᠡᠯ ᠳᠡᠪᠰᠢᠭᠦᠯᠵᠦ᠂ ᠰᠢᠩᠭᠡᠨ ᠪᠤᠳᠠᠭᠠᠨ ᠤ ᠦᠨᠦᠷ | ᠬᠠᠩᠬᠤᠯᠵᠤ ᠳᠡᠯᠭᠡᠷᠡᠭᠰᠡᠨ︾ ᠭᠤᠣᠯ ᠰᠡᠳᠦᠪᠲᠦ ᠠᠵᠢᠯᠯᠠᠭ᠎ᠠ ᠨᠢ ᠰᠢᠨ᠎ᠡ ᠪᠠᠷ ᠪᠠᠶᠢᠭᠤᠯᠤᠭᠰᠠᠨ ᠲᠣᠰᠬᠤᠨ ᠤ | ᠠᠷᠠᠳ ᠲᠤ ᠪᠠᠶᠠᠷ ᠤᠨ ᠡᠳᠦᠷ ᠤᠨ ᠠᠭᠤᠷ ᠠᠮᠢᠰᠬᠤᠯ ᠪᠣᠯᠤᠨ ᠬᠠᠶᠢᠷ᠎ᠠ ᠬᠠᠯᠠᠮᠵᠢ ᠶᠢ ᠠᠪᠴᠢᠷᠠᠵᠤ ᠥᠭᠴᠡᠢ᠃ ︽ | ᠶᠠᠷᠢᠶ᠎ᠠ ᠲᠠᠯᠪᠢᠵᠤ︾᠂ ᠬᠠᠪᠰᠤᠷᠤᠭᠴᠢ ᠶᠢᠨ ᠡᠩᠨᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠠᠮᠲᠠᠲᠤ | ᠳᠠᠪᠤᠰᠤᠯᠠᠭᠰᠠᠨ ᠯᠠ ᠶᠢᠨ ᠰᠢᠩᠭᠡᠨ ᠪᠤᠳᠠᠭ᠎ᠠ ᠪᠠᠨ ᠶᠠᠳᠠᠭᠤ ᠬᠦᠴᠢᠷᠳᠡᠯᠲᠡᠢ ᠲᠣᠰᠬᠤᠨ ᠤ ᠠᠷᠠᠳ ᠲᠤ ᠬᠦᠷᠭᠡᠵᠦ᠂ | ᠡᠨᠡ ᠬᠦ ᠬᠠᠯᠠᠭᠤᠨ ᠠᠭᠤᠷ ᠪᠤᠳᠠᠭ᠎ᠠ ᠪᠠᠷ᠂ ᠡᠪᠦᠯ ᠤᠨ ᠡᠳᠦᠷ ᠤᠨ ᠬᠠᠬᠢᠷ ᠬᠦᠢᠲᠡᠨ ᠢ ᠠᠷᠢᠯᠭᠠᠵᠤ᠂ ᠣᠯᠠᠨ ᠳᠤ | ᠴᠠᠭᠠᠨ ᠰᠠᠷ᠎ᠠ ᠶᠢᠨ ᠦᠨᠦᠷ ᠠᠮᠲᠠ ᠪᠣᠯᠤᠨ ᠬᠥᠳᠡᠭᠡ ᠲᠣᠰᠬᠤᠨ ᠤ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ | ᠮᠡᠳᠡᠷᠡᠭᠦᠯᠪᠡ᠃ | ᠯᠠ ᠪᠠ ᠶᠢᠨ ᠰᠢᠩᠭᠡᠨ ᠪᠤᠳᠠᠭ᠎ᠠ ᠰᠠᠪᠠᠯᠠᠬᠤ ᠶᠢᠨ ᠬᠠᠮᠲᠤ᠂ ᠰᠢᠨ᠎ᠡ ᠪᠠᠷ ᠪᠠᠶᠢᠭᠤᠯᠤᠭᠰᠠᠨ ᠲᠣᠰᠬᠤᠨ ᠤ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠲᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠠᠯᠢ | ᠡᠷᠲᠡ ᠪᠢᠷ ᠪᠡᠭᠡ ᠲᠠᠢ ᠴᠠᠭᠠᠰᠤ ᠪᠠᠨ ᠪᠡᠯᠡᠳᠬᠡᠬᠦ ᠪᠠᠷ ᠪᠡᠯᠡᠳᠬᠡᠵᠦ᠂ ᠬᠤᠶᠠᠷ ᠤᠷᠠᠨ ᠪᠢᠴᠢᠯᠭᠡᠲᠡᠨ ᠤ ᠪᠠᠭ᠋ᠠᠷᠬᠠᠯ ᠢ | ᠳᠠᠭᠠᠯᠳᠤᠨ᠂ ᠰᠢᠨ᠎ᠡ ᠵᠢᠯ ᠤᠨ ᠬᠦᠰᠡᠯ ᠡᠷᠡᠮᠡᠯᠵᠡᠯ ᠪᠠ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ | ᠪᠢᠯᠬᠠᠭᠰᠠᠨ ᠶᠡᠭᠡ ᠤᠯᠠᠭᠠᠨ ᠴᠠᠭᠠᠨ ᠰᠠᠷ᠎ᠠ ᠶᠢᠨ ᠬᠤᠣᠰ ᠤᠶᠠᠩᠭ᠎ᠠ ᠪᠠ ︽ᠪᠤᠶᠠᠨ︾ ᠦᠰᠦᠭ ᠢᠶᠠᠷ ᠪᠢᠯᠬᠠᠵᠤ᠂ | ᠴᠠᠭᠠᠨ ᠰᠠᠷ᠎ᠠ ᠶᠢᠨ ᠵᠥᠩᠨᠡᠯ ᠪᠠ ᠲᠡᠮᠡᠴᠡᠯ ᠤᠨ ᠵᠣᠷ ᠢ ᠪᠢᠴᠢᠭᠯᠡᠪᠡ᠃ | ᠬᠤᠸᠠᠢ ᠱᠦᠸᠧ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠶᠠᠷᠢᠶ᠎ᠠ | ᠲᠠᠯᠪᠢᠬᠤ︾ ᠰᠠᠶᠢᠨ ᠳᠤᠷ᠎ᠠ ᠶᠢᠨ ᠦᠢᠯᠡᠴᠢᠯᠡᠭᠴᠢᠳ ᠬᠢᠭᠡᠳ ᠡᠮᠡᠭᠲᠡᠶᠢᠴᠦᠳ ᠤᠨ ᠰᠠᠶᠢᠨ ᠳᠤᠷ᠎ᠠ ᠶᠢᠨ | ᠦᠢᠯᠡᠴᠢᠯᠡᠭᠴᠢᠳ ᠬᠠᠮᠲᠤ ᠪᠠᠷ ᠬᠥᠳᠡᠯᠦᠯᠴᠡᠵᠦ᠂ ᠬᠠᠯᠠᠭᠤᠨ ᠳᠤᠯᠠᠭᠠᠨ ᠢᠶᠠᠷ ᠲᠤᠰᠬᠤ - ᠯᠠ ᠪᠠ ᠰᠢᠩᠭᠡᠨ ᠪᠤᠳᠠᠭ᠎ᠠ | ᠬᠦᠷᠭᠡᠬᠦ ᠠᠵᠢᠯᠯᠠᠭ᠎ᠠ ᠥᠷᠨᠢᠭᠦᠯᠵᠦ᠂ ᠪᠦᠬᠦ ᠪᠠᠯᠭᠠᠰᠤᠨ ᠤ ᠬᠦᠴᠢᠷᠳᠡᠯ ᠳᠤ ᠲᠤᠯᠭᠠᠷᠠᠭᠰᠠᠨ ᠨᠠᠰᠤᠲᠠᠶᠢᠴᠤᠳ ᠲᠤ | ᠡᠪᠦᠯ ᠤᠨ ᠡᠳᠦᠷ ᠤᠨ ᠬᠠᠯᠠᠭᠤᠨ ᠳᠤᠯᠠᠭᠠᠨ ᠪᠠ ᠦᠨᠦᠷ ᠠᠮᠲᠠ ᠶᠢ ᠬᠦᠷᠭᠡᠪᠡ᠃ | 1 ᠰᠠᠷ᠎ᠠ ᠶᠢᠨ 7 ᠤ ᠦᠳᠡ ᠶᠢᠨ ᠡᠮᠦᠨ᠎ᠡ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠠᠯᠠᠭᠤᠨ ᠠᠭᠤᠷ | ᠪᠠᠳᠠᠷᠠᠭᠰᠠᠨ ᠯᠠ ᠪᠠ ᠰᠢᠩᠭᠡᠨ ᠪᠤᠳᠠᠭ᠎ᠠ ᠪᠠᠷ ᠨᠠᠷᠢᠨ ᠨᠢᠮᠪᠠᠢ ᠪᠣᠭᠤᠳᠠᠯᠯᠠᠵᠤ᠂ ᠲᠠᠷᠢᠶᠠᠨ ᠭᠤᠳᠤᠮᠵᠢ ᠪᠠᠷ | ᠰᠦᠯᠵᠢᠯᠳᠦᠵᠦ᠂ ᠡᠨᠡ ᠬᠦ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠠᠷ ᠤᠨ ᠡᠳᠦᠷ ᠤᠨ ᠪᠡᠯᠡᠭ ᠢ ᠨᠠᠰᠤᠲᠠᠨ | ᠨᠢᠭᠡᠪᠦᠷᠢ ᠶᠢᠨ ᠭᠠᠷ ᠲᠤ ᠬᠦᠷᠭᠡᠪᠡ᠃ ᠨᠠᠰᠤᠲᠠᠶᠢᠴᠤᠳ ᠯᠠ ᠪᠠ ᠰᠢᠩᠭᠡᠨ ᠪᠤᠳᠠᠭ᠎ᠠ ᠨᠤᠭᠤᠳ ᠢ ᠲᠤᠰᠴᠤ᠂ ᠰᠡᠳᠬᠢᠯ | ᠳᠣᠭᠳᠣᠯᠤᠭᠰᠠᠨ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠭᠤᠷᠪᠠ ᠶᠢᠰᠦ ᠶᠢᠨ ᠬᠦᠢᠲᠡᠨ ᠥᠳᠬᠡᠨ ᠵᠤᠵᠠᠭᠠᠨ | ᠰᠢᠬᠢᠷᠯᠢᠭ ᠠᠮᠲᠠ ᠪᠠᠷ ᠪᠢᠯᠬᠠᠵᠤ ᠪᠠᠶᠢᠯ᠎ᠠ᠃ | ᠰᠢᠩ ᠱᠦᠨ ᠰᠢ ᠪᠠᠯᠭᠠᠰᠤᠨ ᠤ ︽ᠳᠤᠯᠠᠭᠠᠨ ᠡᠪᠦᠯ ᠤᠨ ᠠᠵᠢᠯᠯᠠᠭ᠎ᠠ︾ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠶᠢᠨ ᠬᠢᠨ ︽ᠯᠠ ᠰᠠᠷ᠎ᠠ ᠶᠢᠨ ᠪᠠᠶᠠᠷ ᠤᠨ ᠦᠨᠦᠷ ᠬᠠᠩᠬᠤᠯᠵᠤ᠂ ᠬᠠᠬᠢᠷ ᠡᠪᠦᠯ ᠢ | ᠳᠤᠯᠠᠭᠠᠴᠠᠭᠤᠯᠬᠤ︾ ᠯᠠ ᠪᠠ ᠶᠢᠨ ᠨᠠᠶᠢᠷ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠠᠶᠢᠨ ᠳᠤᠷ᠎ᠠ ᠶᠢᠨ | ᠦᠢᠯᠡᠴᠢᠯᠡᠭᠴᠢᠳ ᠨᠠᠷᠢᠨ ᠨᠢᠮᠪᠠᠢ ᠴᠢᠨᠠᠭᠰᠠᠨ ᠯᠠ ᠪᠠ ᠰᠢᠩᠭᠡᠨ ᠪᠤᠳᠠᠭ᠎ᠠ ᠪᠠᠨ ᠠᠶᠢᠯ ᠡᠷᠦᠬᠡ ᠳᠤ ᠬᠦᠷᠴᠦ᠂ | ᠲᠣᠰᠬᠤᠨ ᠤ ᠥᠨᠥᠴᠢᠨ ᠪᠡᠯᠪᠡᠰᠦᠨ ᠨᠠᠰᠤᠲᠠᠨ ᠪᠣᠯᠤᠨ ᠬᠥᠳᠡᠯᠵᠦ ᠪᠠᠷᠢᠬᠤ ᠳᠤ ᠳᠥᠭᠦᠮ ᠦᠭᠡᠢ ᠲᠣᠰᠬᠤᠨ ᠤ | ᠠᠷᠠᠳ ᠲᠤ ᠬᠦᠷᠭᠡᠵᠦ᠂ ᠭᠦᠨ ᠵᠤᠵᠠᠭᠠᠨ ᠬᠠᠶᠢᠷ᠎ᠠ ᠬᠠᠯᠠᠮᠵᠢ ᠶᠢ ᠳᠠᠮᠵᠢᠭᠤᠯᠵᠤ ᠪᠠᠶᠢᠯ᠎ᠠ᠃ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠲᠣᠭᠤᠭᠠᠨ ᠠᠴᠠ ᠭᠠᠷᠭᠠᠭᠰᠠᠨ ᠯᠠ ᠪᠠ ᠰᠢᠩᠭᠡᠨ | ᠪᠤᠳᠠᠭ᠎ᠠ ᠪᠠᠨ ᠠᠶᠠᠭᠠᠨ ᠳᠤ ᠰᠠᠪᠠᠯᠠᠵᠤ᠂ ᠠᠩᠬᠢᠯᠤᠭᠤᠨ ᠦᠨᠦᠷᠲᠦ ᠰᠢᠯᠦᠬᠡᠢ ᠯᠠ ᠪᠠ ᠰᠢᠩᠭᠡᠨ ᠪᠤᠳᠠᠭ᠎ᠠ ᠶᠢ ᠨᠢ | ᠲᠣᠰᠬᠤᠨ ᠤ ᠨᠠᠰᠤᠲᠠᠨ ᠤ ᠭᠠᠷ ᠲᠤ ᠬᠦᠷᠭᠡᠵᠦ᠂ ᠪᠤᠷᠴᠠᠭ ᠤᠨ ᠠᠩᠬᠢᠯᠤᠮ᠎ᠠ᠂ ᠪᠤᠳᠠᠭᠠᠨ ᠦᠨᠦᠷ ᠪᠠ ᠴᠢᠪᠠᠭᠠᠨ | ᠦᠨᠦᠷᠲᠦ ᠪᠡᠶ᠎ᠡ ᠰᠤᠪᠢᠯᠠᠬᠤ ᠯᠠ ᠪᠠ ᠶᠢᠨ ᠰᠢᠩᠭᠡᠨ ᠪᠤᠳᠠᠭ᠎ᠠ ᠰᠠᠷᠬᠢᠨᠠᠭ ᠤᠨ ᠦᠨᠦᠷ ᠬᠠᠩᠬᠤᠯᠵᠤ᠂ ᠬᠥᠮᠦᠨ ᠤ | ᠰᠡᠳᠬᠢᠯ ᠢ ᠳᠤᠯᠠᠭᠠᠴᠠᠭᠤᠯᠤᠨ᠎ᠠ᠃ ᠡᠷᠦᠬᠡ ᠪᠦᠷᠢ ᠳᠤ ᠬᠦᠷᠬᠦ ᠪᠦᠷᠢ᠂ ᠰᠠᠶᠢᠨ ᠳᠤᠷ᠎ᠠ ᠶᠢᠨ ᠦᠢᠯᠡᠴᠢᠯᠡᠭᠴᠢᠳ | ᠴᠥᠮ ᠨᠠᠰᠤᠲᠠᠨ ᠤ ᠠᠮᠢᠳᠤᠷᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠢ ᠢᠳᠡᠭᠡᠨ | ᠤᠮᠳᠠᠭᠠᠨ ᠢ ᠠᠩᠬᠠᠷᠴᠤ᠂ ᠠᠮᠤᠷ ᠲᠦᠪᠰᠢᠨ ᠢ ᠠᠩᠬᠠᠷᠴᠤ᠂ ᠳᠤᠯᠠᠭᠠᠯᠠᠬᠤ ᠶᠢ ᠠᠩᠬᠠᠷᠬᠤ ᠶᠢ ᠰᠠᠨᠠᠭᠤᠯᠬᠤ ᠶᠢᠨ | ᠬᠠᠮᠲᠤ ᠲᠡᠳᠡᠨ ᠤ ᠦᠷᠭᠦᠯᠵᠢᠯᠡᠨ ᠬᠦᠴᠢᠷᠳᠡᠯ ᠳᠤ ᠢᠳᠡᠪᠬᠢᠲᠡᠢ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠵᠤ᠂ | ᠪᠠᠶᠠᠷ ᠬᠦᠷ ᠲᠠᠢ ᠠᠮᠢᠳᠤᠷᠠᠯ ᠤᠨ ᠣᠪᠣᠷ ᠢᠶᠠᠨ ᠪᠠᠲᠤᠯᠠᠬᠤ ᠶᠢ ᠵᠣᠷᠢᠭᠵᠢᠭᠤᠯᠪᠠ᠃ | |