2025 ᠣᠨ ᠤ 1 ᠰᠠᠷ᠎ᠠ ᠶᠢᠨ 7 ᠤ ᠡᠳᠦᠷ᠂ ᠰᠢ ᠳ᠋ᠧᠦ ᠫᠦ᠋ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ᠃ | ᠪᠦᠬᠦ ᠪᠠᠯᠭᠠᠰᠤᠨ ᠤ ᠡᠯ᠎ᠡ ᠠᠵᠢᠯ ᠲᠥᠷᠥᠯ ᠠᠴᠠ ᠢᠷᠡᠭᠰᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠪᠦᠬᠦ ᠪᠠᠯᠭᠠᠰᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ | ᠭᠡᠬᠦᠳᠡᠭ ᠳᠦᠭᠦᠷᠡᠩ ᠤᠯᠤᠰ ᠲᠥᠷᠥ ᠶᠢᠨ ᠬᠠᠯᠠᠭᠤᠨ ᠰᠡᠳᠬᠢᠯᠭᠡ ᠪᠣᠯᠤᠨ ᠳᠡᠭᠡᠳᠦ ᠬᠡᠮᠵᠢᠶᠡᠨ ᠤ ᠤᠯᠤᠰ | ᠲᠥᠷᠥ ᠶᠢᠨ ᠤᠬᠠᠮᠰᠠᠷ ᠢᠶᠠᠷ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠠᠤᠯᠢ ᠶᠣᠰᠣᠭᠠᠷ | ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠵᠦ᠂ ᠠᠷᠠᠳ ᠢ | ᠪᠠᠶᠠᠵᠢᠭᠤᠯᠬᠤ ᠰᠠᠶᠢᠨ ᠪᠣᠳᠣᠯᠭ᠎ᠠ ᠶᠢ ᠬᠠᠮᠲᠤᠪᠠᠷ ᠰᠦᠪᠡᠭᠴᠢᠯᠡᠵᠦ᠂ ᠰᠢ ᠳ᠋ᠧᠦ ᠫᠦ᠋ ᠪᠠᠯᠭᠠᠰᠤᠨ ᠤ ᠴᠢᠨᠠᠷ ᠰᠠᠶᠢᠲᠠᠢ | ᠬᠥᠭᠵᠢᠯᠲᠡ ᠶᠢᠨ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠬᠤ ᠬᠡᠷᠡᠭᠲᠡᠢ᠃ | ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃ | ᠲᠥᠯᠥᠭᠡᠯᠡᠭᠴᠢᠳ ᠡᠩ ᠲᠡᠷᠢᠭᠦᠨ ᠳᠤ ᠵᠠᠩ ᠷᠦᠸᠧ ᠰᠢᠨ ᠪᠠᠯᠭᠠᠰᠤᠨ ᠤ ᠳᠠᠷᠤᠭ᠎ᠠ ᠶᠢᠨ ᠬᠢᠭᠰᠡᠨ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠢ ᠰᠣᠨᠣᠰᠴᠤ᠂ ᠢᠯᠡᠳᠬᠡᠯ ᠳᠤ ᠵᠢᠭᠠᠵᠤ ᠭᠠᠷᠭᠠᠭᠰᠠᠨ ᠨᠢ᠄ ᠥᠩᠭᠡᠷᠡᠭᠰᠡᠨ ᠨᠢᠭᠡ | ᠵᠢᠯ ᠳᠤ᠂ ᠮᠠᠨ ᠤ ᠪᠦᠬᠦ ᠪᠠᠯᠭᠠᠰᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠳᠠᠯᠳᠠ ᠬᠦᠴᠦᠨ ᠢ ᠬᠥᠭᠵᠢᠭᠡᠵᠦ ᠬᠠᠶᠢᠨ ᠰᠦᠪᠡᠭᠴᠢᠯᠡᠭᠦᠰᠢᠲᠡᠢ ᠵᠠᠷᠢᠮ ᠶᠠᠪᠤᠳᠠᠯ ᠢ | ᠬᠢᠵᠦ᠂ ᠪᠦᠬᠦ ᠬᠦᠴᠦᠨ ᠢᠶᠠᠷ ᠢᠶᠠᠨ ᠬᠥᠮᠦᠰ ᠤᠨ ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠬᠢᠵᠦ᠂ ᠳᠠᠷᠤᠯᠲᠠ ᠶᠢ | ᠲᠤᠯᠵᠤ ᠬᠦᠴᠢᠷ ᠪᠡᠷᠬᠡ ᠵᠥᠪ ᠶᠠᠪᠤᠳᠠᠯ ᠢ ᠬᠢᠭᠰᠡᠨ ᠪᠠᠶᠢᠨ᠎ᠠ᠃ 2025 ᠣᠨ ᠤ ᠵᠠᠰᠠᠭ ᠤᠨ ᠣᠷᠳᠣᠨ ᠤ | ᠠᠵᠢᠯ ᠤᠨ ᠲᠣᠬᠢᠷᠠᠭᠤᠯᠤᠯᠲᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾᠂ ᠪᠤᠭᠤᠲᠤ ᠳᠤ ᠲᠤᠰᠢᠶᠠᠭᠰᠠᠨ ︽ᠨᠢᠭᠡ ᠰᠢᠨ᠎ᠡ ᠶᠢ | ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠴᠢᠷᠮᠠᠶᠢᠨ ᠰᠠᠶᠢᠲᠤᠷ ᠪᠡᠶᠡᠯᠡᠭᠦᠯᠵᠦ᠂ ᠰᠢᠶᠠᠨ ᠤ | ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠠᠶᠢᠲᠤᠷ ᠬᠢᠵᠦ᠂ ᠬᠢᠪᠡᠰᠦ ᠪᠦᠲᠦᠭᠡᠬᠦ ᠠᠵᠢᠯ ᠤᠨ | ᠰᠤᠷᠲᠠᠯ ᠢ ᠪᠣᠢ ᠪᠣᠯᠭᠠᠵᠤ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠠᠵᠢᠯ ᠤᠨ | ᠨᠠᠷᠢᠯᠢᠬᠵᠢᠭᠤᠯᠤᠭᠰᠠᠨ ᠬᠢᠷᠢ ᠲᠦᠪᠰᠢᠨ ᠤ ᠲᠠᠯ᠎ᠠ ᠪᠠᠷ ᠬᠦᠴᠦᠯᠡᠬᠦ ᠬᠡᠷᠡᠭᠲᠡᠢ᠃ ᠭᠤᠣᠯ ᠠᠵᠢᠯ ᠪᠣᠯ ᠠᠮᠤ ᠪᠤᠳᠠᠭ᠎ᠠ | ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠪᠠ ᠶᠠᠳᠠᠭᠤᠷᠠᠬᠤ ᠬᠤᠷᠢᠭ᠎ᠠ | ᠱᠤᠭᠤᠮ ᠢ ᠡᠷᠡᠰ ᠰᠠᠬᠢᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ | ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ | ᠠᠵᠢᠯ ᠢ ᠰᠠᠶᠢᠲᠤᠷ ᠬᠢᠵᠦ᠂ ᠠᠮᠢᠵᠢᠷᠠᠯ ᠤᠨ ᠬᠦᠴᠦᠨ ᠢ ᠪᠣᠢ ᠪᠣᠯᠭᠠᠵᠤ ᠪᠠᠶᠢᠭᠠᠳ ᠵᠣᠯ ᠵᠢᠷᠭᠠᠯᠲᠤ ᠭᠦᠶᠡᠩ ᠢ | ᠪᠦᠲᠦᠭᠡᠨ ᠪᠠᠶᠢᠭᠤᠯᠬᠤ ᠶᠠᠪᠤᠳᠠᠯ ᠪᠣᠯᠤᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠴᠢᠶᠣᠤ ᠬᠤᠢ ᠶᠡᠭᠡ ᠬᠤᠷᠠᠯ ᠳᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ | ᠮᠡᠳᠡᠭᠦᠯᠦᠯᠲᠡ ᠬᠢᠪᠡ᠃ ᠮᠡᠳᠡᠭᠦᠯᠦᠯᠲᠡ ᠳᠤ᠂ ᠥᠩᠭᠡᠷᠡᠭᠰᠡᠨ ᠨᠢᠭᠡ ᠵᠢᠯ ᠳᠤ᠂ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠭᠤᠣᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ | ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠵᠠᠭᠪᠤᠷ ᠢ ᠲᠠᠰᠤᠷᠠᠯᠲᠠ ᠦᠭᠡᠢ ᠰᠦᠪᠡᠭᠴᠢᠯᠡᠨ ᠰᠢᠨ᠎ᠡ ᠶᠢ ᠡᠭᠦᠳᠴᠦ᠂ ᠪᠦᠲᠦᠭᠡᠨ | ᠪᠠᠶᠢᠭᠤᠯᠤᠯᠲᠠ ᠪᠠ ᠡᠭᠦᠷᠭᠡ ᠴᠢᠳᠠᠪᠬᠢ ᠪᠠᠨ ᠪᠠᠳᠠᠷᠠᠭᠤᠯᠬᠤ ᠶᠢ ᠵᠢᠷᠤᠮᠵᠢᠭᠤᠯᠬᠤ ᠲᠠᠯ᠎ᠠ ᠪᠠᠷ ᠦᠷᠭᠦᠯᠵᠢᠯᠡᠨ | ᠬᠦᠴᠦᠯᠡᠵᠦ᠂ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠠ ᠠᠷᠠᠳᠴᠢᠯᠠᠯ | ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ 2025 ᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠣᠬᠢᠷᠠᠭᠤᠯᠤᠯᠲᠠ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ | ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠪᠠᠯᠭᠠᠰᠤᠨ ᠤ | ᠨᠠᠮ ᠤᠨ ᠬᠤᠷᠢᠶ᠎ᠡ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ | ᠤᠶᠠᠯᠳᠤᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠵᠤ᠂ | ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠴᠢᠯᠡᠭᠡ ᠶᠢ ᠴᠢᠩᠭᠠᠳᠬᠠᠨ᠂ ᠠᠵᠢᠯ ᠤᠨ | ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠢᠨᠠᠯᠲᠠ ᠲᠠᠯᠪᠢᠬᠤ ᠠᠵᠢᠯ ᠤᠨ ᠲᠠᠯ᠎ᠠ ᠪᠠᠷ ᠨᠠᠷᠢᠯᠢᠭ | ᠣᠨᠣᠴᠠᠲᠠᠢ ᠬᠦᠴᠦᠯᠡᠵᠦ᠂ ᠰᠢᠨ᠎ᠡ ᠶᠢ ᠡᠭᠦᠳᠬᠦ ᠰᠡᠳᠬᠢᠬᠦᠢ ᠪᠠ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭ᠎ᠠ ᠡᠭᠦᠷᠭᠡᠯᠡᠬᠦ ᠰᠢᠨ᠎ᠡ ᠵᠢᠳᠬᠦᠯ ᠴᠢᠷᠮᠠᠶᠢᠯᠭ᠎ᠠ ᠶᠢ | ᠢᠯᠡᠷᠡᠭᠦᠯᠵᠦ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠨ᠎ᠡ︕ | ᠴᠠᠬᠢᠯᠭᠠᠨ ᠬᠠᠩᠭᠠᠬᠤ ᠭᠠᠵᠠᠷ ᠪᠠ ᠡᠷᠡᠭᠦᠯ ᠬᠠᠮᠠᠭᠠᠯᠠᠯ ᠤᠨ ᠬᠤᠷᠢᠶ᠎ᠡ ᠲᠤᠰ ᠲᠤᠰ ᠥᠪᠡᠷ ᠥᠪᠡᠷ ᠤᠨ | ᠬᠦᠷᠢᠶᠡᠨ ᠳᠠᠬᠢ ᠠᠵᠢᠯ ᠤᠨ ᠲᠤᠬᠠᠢ ᠲᠥᠯᠥᠭᠡᠯᠡᠭᠴᠢᠳ ᠲᠤ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠵᠦ᠂ | ᠠᠷᠠᠳ ᠤᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ᠪᠠᠲᠤᠯᠠᠬᠤ᠂ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠢ ᠴᠢᠷᠮᠠᠶᠢᠯᠭ᠎ᠠ ᠪᠠ ᠦᠷ᠎ᠡ ᠪᠦᠲᠦᠮᠵᠢ ᠶᠢ ᠳᠡᠯᠭᠡᠨ | ᠦᠵᠡᠭᠦᠯᠦᠭᠰᠡᠨ ᠤ ᠬᠠᠮᠲᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠠᠳᠠᠯᠬᠤ ᠶᠢᠨ | ᠬᠠᠮᠲᠤ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠢᠷᠡᠭᠡᠳᠦᠢ ᠶᠢᠨ ᠠᠵᠢᠯ ᠤᠨ ᠲᠥᠯᠥᠪᠯᠡᠭᠡ ᠶᠢ ᠳᠤᠷᠠᠳᠴᠤ᠂ ᠣᠯᠠᠨ | ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ᠃ ᠼᠤᠤ ᠳ᠋ᠦ᠋ ᠰᠧ ᠳᠡᠳ᠋ ᠪᠠᠯᠭᠠᠰᠤᠨ | ᠳᠠᠷᠤᠭ᠎ᠠ ᠪᠦᠬᠦ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠰᠢᠰᠲ᠋ᠧᠮ ᠲᠠᠢ | ᠳ᠋ᠦᠩᠨᠡᠯᠲᠡ ᠬᠢᠵᠦ ᠬᠠᠷᠢᠭᠤ ᠮᠡᠳᠡᠭᠦᠯᠦᠯᠲᠡ ᠬᠢᠭᠰᠡᠨ ᠪᠥᠭᠡᠳ 2025 ᠣᠨ ᠳᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠠᠬᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠦᠷ᠎ᠡ ᠠᠰᠢᠭ ᠢ ᠤᠷᠲᠤ ᠬᠤᠭᠤᠴᠠᠭ᠎ᠠ ᠪᠠᠷ | ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠠᠷᠠᠳ ᠤᠨ ᠠᠮᠢᠳᠤᠷᠠᠯ ᠳᠤ ᠦᠨᠡᠨ ᠬᠦ ᠠᠰᠢᠭ ᠬᠦᠷᠲᠡᠭᠡᠵᠦ᠂ ᠣᠯᠠᠨ | ᠲᠦᠮᠡᠨ ᠳᠤ ᠠᠰᠢᠭ ᠬᠦᠷᠲᠡᠭᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ | ᠭᠡᠵᠦ ᠢᠯᠡᠳᠬᠡᠪᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠨᠠᠯᠲᠠ ᠲᠠᠯᠪᠢᠬᠤ ᠪᠣᠳᠠᠲᠤ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠦᠨᠳᠦᠰᠦᠨ ᠱᠠᠲᠤᠨ ᠤ ᠥᠷᠲᠡᠭᠡ ᠭᠠᠵᠠᠷ ᠤᠨ | ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠦᠯᠬᠢᠨ ᠠᠬᠢᠭᠤᠯᠵᠤ᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠤᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ | ᠪᠠᠯᠭᠠᠰᠤᠨ ᠳᠤ ᠰᠠᠭᠤᠭ᠎ᠠ ᠥᠷᠲᠡᠭᠡ ᠭᠠᠵᠠᠷ ᠲᠤ ᠠᠷᠠᠳᠴᠢᠯᠠᠯ ᠢᠶᠠᠷ ᠰᠢᠯᠭᠠᠨ ᠦᠨᠡᠯᠡᠵᠦ᠂ ᠲᠥᠯᠥᠭᠡᠯᠡᠭᠴᠢᠳ | ᠪᠤᠰᠤᠳᠴᠢ ᠲᠥᠪ ᠭᠤᠣᠯᠴᠢ ᠣᠪᠣᠷ ᠢ ᠪᠠᠷᠢᠮᠲᠠᠯᠠᠨ᠂ ᠠᠵᠢᠯ ᠤᠨ ᠦᠷ᠎ᠡ ᠪᠦᠲᠦᠮᠵᠢ᠂ ᠦᠢᠯᠡᠴᠢᠯᠡᠭᠡᠨ ᠤ ᠶᠠᠰᠤ | ᠴᠢᠨᠠᠷ᠂ ᠰᠤᠷᠲᠠᠯ ᠤᠨ ᠪᠠᠶᠢᠭᠤᠯᠤᠯᠲᠠ ᠵᠡᠷᠭᠡ ᠣᠯᠠᠨ ᠲᠠᠯ᠎ᠠ ᠠᠴᠠ ᠡᠯ᠎ᠡ ᠥᠷᠲᠡᠭᠡ ᠭᠠᠵᠠᠷ ᠲᠤ ᠦᠨᠡᠯᠡᠯᠲᠡ ᠬᠢᠵᠦ | ᠬᠤᠪᠢ ᠥᠭᠴᠦ᠂ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠡᠯ᠎ᠡ ᠥᠷᠲᠡᠭᠡ ᠭᠠᠵᠠᠷ ᠤᠨ ᠠᠵᠢᠯ ᠢᠶᠠᠨ | ᠰᠠᠶᠢᠵᠢᠷᠠᠭᠤᠯᠬᠤ ᠴᠢᠬᠤᠯᠠ ᠦᠨᠳᠦᠰᠦᠯᠡᠯ ᠪᠣᠯᠭᠠᠵᠤ᠂ ᠲᠡᠳᠡᠨ ᠤ ᠦᠢᠯᠡᠴᠢᠯᠡᠭᠡᠨ ᠤ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ ᠶᠢ ᠬᠦᠴᠦᠲᠡᠢ ᠲᠦᠯᠬᠢᠨ ᠠᠬᠢᠭᠤᠯᠵᠤ᠂ ᠦᠢᠯᠡᠴᠢᠯᠡᠬᠦ ᠣᠪᠣᠷ ᠢᠶᠠᠨ ᠰᠢᠯᠢᠳᠡᠭᠵᠢᠭᠦᠯᠦᠨ᠂ ᠠᠷᠠᠳ | ᠲᠦᠮᠡᠨ ᠳᠤ ᠦᠢᠯᠡᠴᠢᠯᠡᠬᠦ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠬᠦ ᠪᠣᠯᠤᠨ᠎ᠠ᠃ | ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠡᠯ᠎ᠡ ᠵᠦᠢᠯ ᠤᠨ ᠢᠯᠡᠳᠬᠡᠯ ᠢ ᠨᠠᠷᠢᠨ ᠬᠢᠨᠠᠮᠠᠭᠠᠢ | ᠰᠣᠨᠣᠰᠴᠤ ᠬᠢᠨᠠᠨ ᠶᠠᠷᠢᠯᠴᠠᠭᠰᠠᠨ ᠪᠥᠭᠡᠳ ᠬᠠᠯᠠᠭᠤᠨ ᠢᠶᠠᠷ ᠶᠠᠷᠢᠯᠴᠠᠪᠠ᠃ ᠲᠥᠯᠥᠭᠡᠯᠡᠭᠴᠢᠳ ᠢᠯᠡᠷᠬᠡᠶᠢᠯᠡᠬᠦ ᠳᠡᠭᠡᠨ᠂ | ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ | ᠢᠳᠡᠪᠬᠢᠲᠡᠢ ᠭᠦᠢᠴᠡᠳᠬᠡᠵᠦ᠂ ᠰᠢ ᠳ᠋ᠧᠦ ᠫᠦ᠋ ᠪᠠᠯᠭᠠᠰᠤᠨ ᠤ ᠬᠥᠭᠵᠢᠯᠲᠡ ᠳᠤ ᠢᠳᠡᠪᠬᠢᠲᠡᠢ ᠪᠠᠷ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠨ᠎ᠠ ᠭᠡᠵᠡᠢ᠃ | ᠭᠦᠢᠴᠡᠳ ᠶᠠᠷᠢᠯᠴᠠᠬᠤ ᠪᠠ ᠪᠢᠯᠧᠲ ᠥᠭᠴᠦ ᠰᠣᠩᠭᠤᠬᠤ ᠪᠠᠷ ᠳᠠᠮᠵᠢᠨ᠂ ᠯᠢᠦᠢ ᠸᠧᠢ᠂ ᠶᠣᠣ ᠯᠧᠢ ᠬᠤᠶᠠᠷ | ᠨᠥᠬᠦᠷ ᠪᠦᠷᠢᠨ ᠪᠢᠯᠧᠲ ᠢᠶᠠᠷ ᠰᠢ ᠳ᠋ᠧᠦ ᠫᠦ᠋ ᠪᠠᠯᠭᠠᠰᠤᠨ ᠤ ᠳᠡᠳ᠋ ᠳᠠᠷᠤᠭ᠎ᠠ ᠪᠠᠷ ᠰᠣᠩᠭᠤᠭᠳᠠᠪᠠ᠃ ᠲᠡᠳᠡ ᠢᠲᠡᠭᠡᠯ | ᠵᠣᠷᠢᠭ ᠢᠶᠠᠨ ᠬᠥᠪᠴᠢᠯᠡᠵᠦ᠂ ᠤᠯᠤᠰ ᠤᠨ ᠰᠦᠯᠳᠡ ᠳᠤ ᠬᠠᠨᠳᠤᠭᠤᠯᠤᠨ ᠲᠥᠪ ᠴᠢᠩᠭ᠎ᠠ ᠪᠠᠷ ᠲᠠᠩᠭᠠᠷᠢᠭᠯᠠᠵᠤ᠂ | ᠪᠦᠬᠦ ᠪᠠᠯᠭᠠᠰᠤᠨ ᠤ ᠠᠷᠠᠳ ᠲᠦᠮᠡᠨ ᠤ ᠢᠲᠡᠭᠡᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠰᠢᠨ᠎ᠡ | ᠠᠵᠢᠯ ᠤᠨ ᠪᠠᠶᠢᠷᠢ ᠳᠡᠭᠡᠷ᠎ᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ | ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠪᠠᠨ ᠦᠢᠯᠡᠳᠦᠯᠭᠡᠵᠢᠭᠦᠯᠵᠦ᠂ ᠲᠡᠮᠡᠴᠡᠯ ᠤᠨ ᠬᠥᠭᠵᠢᠯ ᠴᠡᠴᠡᠭᠯᠡᠯ ᠳᠤ | ᠬᠦᠴᠦᠨ ᠴᠢᠳᠠᠯ ᠢᠶᠠᠨ ᠡᠷᠭᠦᠨ᠎ᠡ ᠭᠡᠵᠦ ᠠᠮᠠᠯᠳᠠᠪᠠ︕ | ᠡᠴᠦᠰ ᠲᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠯᠢᠩ ᠪᠢᠨ ᠨᠥᠬᠦᠷ ᠪᠠᠯᠭᠠᠰᠤᠨ ᠤ ᠨᠠᠮ ᠤᠨ | ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠲᠡᠭᠦᠰ ᠠᠮᠵᠢᠯᠲᠠ ᠣᠯᠤᠭᠰᠠᠨ ᠳᠤ ᠬᠠᠯᠠᠭᠤᠨ ᠪᠠᠶᠠᠷ ᠬᠦᠷᠭᠡᠵᠦ | ᠪᠠᠶᠢᠬᠤ ᠪᠠᠨ ᠢᠯᠡᠳᠬᠡᠬᠦ ᠶᠢᠨ ᠬᠠᠮᠲᠤ᠂ 2025 ᠣᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ | ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ | ᠡᠴᠦᠰ ᠤᠨ ᠵᠢᠯ ᠮᠥᠨ᠃ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠪᠢᠳᠡ ᠰᠢᠶᠠᠨ ᠤ ᠨᠠᠮ ᠤᠨ | ᠬᠤᠷᠢᠶ᠎ᠡ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ | ᠪᠠᠯᠭᠠᠰᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠯᠠᠪᠳᠠᠭᠤᠨ ᠪᠠᠲᠤᠲᠠᠢ ᠰᠤᠷᠲᠠᠯ᠂ ᠨᠡᠩ | ᠬᠦᠴᠦᠲᠡᠢ ᠠᠷᠭ᠎ᠠ ᠬᠡᠮᠵᠢᠶ᠎ᠡ ᠪᠠᠷ ᠰᠢ ᠳ᠋ᠧᠦ ᠫᠦ᠋ ᠪᠠᠯᠭᠠᠰᠤᠨ ᠤ ᠬᠥᠭᠵᠢᠯ ᠴᠡᠴᠡᠭᠯᠡᠯ ᠲᠣᠭᠲᠠᠭᠤᠨ᠂ ᠠᠷᠠᠳ | ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠤᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ︕ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃ | |