ᠪᠣᠳᠠᠲᠠᠢ ᠠᠵᠢᠯᠯᠠᠵᠤ ᠠᠭᠤᠤ ᠦᠢᠯᠡᠰ ᠢ ᠴᠣᠭᠴᠠᠯᠠᠵᠤ᠂ ᠴᠢᠷᠮᠠᠶᠢᠨ ᠲᠡᠮᠡᠴᠡᠵᠦ ᠢᠷᠡᠭᠡᠳᠦᠢ ᠶᠢ ᠴᠣᠭᠴᠠᠯᠠᠪᠠ - ᠰᠢ ᠳ᠋ᠧᠦ ᠫᠦ᠋ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2025/1/8
    2025 ᠣᠨ ᠤ 1 ᠰᠠᠷ᠎ᠠ ᠶᠢᠨ 7 ᠤ ᠡᠳᠦᠷ᠂ ᠰᠢ ᠳ᠋ᠧᠦ ᠫᠦ᠋ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ᠃ ᠪᠦᠬᠦ ᠪᠠᠯᠭᠠᠰᠤᠨ ᠤ ᠡᠯ᠎ᠡ ᠠᠵᠢᠯ ᠲᠥᠷᠥᠯ ᠠᠴᠠ ᠢᠷᠡᠭᠰᠡᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠦᠬᠦ ᠪᠠᠯᠭᠠᠰᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠭᠡᠬᠦᠳᠡᠭ ᠳᠦᠭᠦᠷᠡᠩ ᠤᠯᠤᠰ ᠲᠥᠷᠥ ᠶᠢᠨ ᠬᠠᠯᠠᠭᠤᠨ ᠰᠡᠳᠬᠢᠯᠭᠡ ᠪᠣᠯᠤᠨ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠵᠦ᠂ ᠠᠷᠠᠳ ᠢ ᠪᠠᠶᠠᠵᠢᠭᠤᠯᠬᠤ ᠰᠠᠶᠢᠨ ᠪᠣᠳᠣᠯᠭ᠎ᠠ ᠶᠢ ᠬᠠᠮᠲᠤᠪᠠᠷ ᠰᠦᠪᠡᠭᠴᠢᠯᠡᠵᠦ᠂ ᠰᠢ ᠳ᠋ᠧᠦ ᠫᠦ᠋ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢᠨ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠬᠤ ᠬᠡᠷᠡᠭᠲᠡᠢ᠃    ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃ ᠲᠥᠯᠥᠭᠡᠯᠡᠭᠴᠢᠳ ᠡᠩ ᠲᠡᠷᠢᠭᠦᠨ ᠳᠤ ᠵᠠᠩ ᠷᠦᠸᠧ ᠰᠢᠨ ᠪᠠᠯᠭᠠᠰᠤᠨ ᠤ ᠳᠠᠷᠤᠭ᠎ᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ᠂ ᠢᠯᠡᠳᠬᠡᠯ ᠳᠤ ᠵᠢᠭᠠᠵᠤ ᠭᠠᠷᠭᠠᠭᠰᠠᠨ ᠨᠢ᠄ ᠥᠩᠭᠡᠷᠡᠭᠰᠡᠨ ᠨᠢᠭᠡ ᠵᠢᠯ ᠳᠤ᠂ ᠮᠠᠨ ᠤ ᠪᠦᠬᠦ ᠪᠠᠯᠭᠠᠰᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠳᠠᠯᠳᠠ ᠬᠦᠴᠦᠨ ᠢ ᠬᠥᠭᠵᠢᠭᠡᠵᠦ ᠬᠠᠶᠢᠨ ᠰᠦᠪᠡᠭᠴᠢᠯᠡᠭᠦᠰᠢᠲᠡᠢ ᠵᠠᠷᠢᠮ ᠶᠠᠪᠤᠳᠠᠯ ᠢ ᠬᠢᠵᠦ᠂ ᠪᠦᠬᠦ ᠬᠦᠴᠦᠨ ᠢᠶᠠᠷ ᠢᠶᠠᠨ ᠬᠥᠮᠦᠰ ᠤᠨ ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠬᠢᠵᠦ᠂ ᠳᠠᠷᠤᠯᠲᠠ ᠶᠢ ᠲᠤᠯᠵᠤ ᠬᠦᠴᠢᠷ ᠪᠡᠷᠬᠡ ᠵᠥᠪ ᠶᠠᠪᠤᠳᠠᠯ ᠢ ᠬᠢᠭᠰᠡᠨ ᠪᠠᠶᠢᠨ᠎ᠠ᠃ 2025 ᠣᠨ ᠤ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾᠂ ᠪᠤᠭᠤᠲᠤ ᠳᠤ ᠲᠤᠰᠢᠶᠠᠭᠰᠠᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠴᠢᠷᠮᠠᠶᠢᠨ ᠰᠠᠶᠢᠲᠤᠷ ᠪᠡᠶᠡᠯᠡᠭᠦᠯᠵᠦ᠂ ᠰᠢᠶᠠᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠠᠶᠢᠲᠤᠷ ᠬᠢᠵᠦ᠂ ᠬᠢᠪᠡᠰᠦ ᠪᠦᠲᠦᠭᠡᠬᠦ ᠠᠵᠢᠯ ᠤᠨ ᠰᠤᠷᠲᠠᠯ ᠢ ᠪᠣᠢ ᠪᠣᠯᠭᠠᠵᠤ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠠᠵᠢᠯ ᠤᠨ ᠨᠠᠷᠢᠯᠢᠬᠵᠢᠭᠤᠯᠤᠭᠰᠠᠨ ᠬᠢᠷᠢ ᠲᠦᠪᠰᠢᠨ ᠤ ᠲᠠᠯ᠎ᠠ ᠪᠠᠷ ᠬᠦᠴᠦᠯᠡᠬᠦ ᠬᠡᠷᠡᠭᠲᠡᠢ᠃ ᠭᠤᠣᠯ ᠠᠵᠢᠯ ᠪᠣᠯ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠪᠠ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠠᠮᠢᠵᠢᠷᠠᠯ ᠤᠨ ᠬᠦᠴᠦᠨ ᠢ ᠪᠣᠢ ᠪᠣᠯᠭᠠᠵᠤ ᠪᠠᠶᠢᠭᠠᠳ ᠵᠣᠯ ᠵᠢᠷᠭᠠᠯᠲᠤ ᠭᠦᠶᠡᠩ ᠢ ᠪᠦᠲᠦᠭᠡᠨ ᠪᠠᠶᠢᠭᠤᠯᠬᠤ ᠶᠠᠪᠤᠳᠠᠯ ᠪᠣᠯᠤᠨ᠎ᠠ᠃    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠴᠢᠶᠣᠤ ᠬᠤᠢ ᠶᠡᠭᠡ ᠬᠤᠷᠠᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠮᠡᠳᠡᠭᠦᠯᠦᠯᠲᠡ ᠬᠢᠪᠡ᠃ ᠮᠡᠳᠡᠭᠦᠯᠦᠯᠲᠡ ᠳᠤ᠂ ᠥᠩᠭᠡᠷᠡᠭᠰᠡᠨ ᠨᠢᠭᠡ ᠵᠢᠯ ᠳᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠠᠭᠪᠤᠷ ᠢ ᠲᠠᠰᠤᠷᠠᠯᠲᠠ ᠦᠭᠡᠢ ᠰᠦᠪᠡᠭᠴᠢᠯᠡᠨ ᠰᠢᠨ᠎ᠡ ᠶᠢ ᠡᠭᠦᠳᠴᠦ᠂ ᠪᠦᠲᠦᠭᠡᠨ ᠪᠠᠶᠢᠭᠤᠯᠤᠯᠲᠠ ᠪᠠ ᠡᠭᠦᠷᠭᠡ ᠴᠢᠳᠠᠪᠬᠢ ᠪᠠᠨ ᠪᠠᠳᠠᠷᠠᠭᠤᠯᠬᠤ ᠶᠢ ᠵᠢᠷᠤᠮᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠠ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ 2025 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠣᠬᠢᠷᠠᠭᠤᠯᠤᠯᠲᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠪᠠᠯᠭᠠᠰᠤᠨ ᠤ ᠨᠠᠮ ᠤᠨ ᠬᠤᠷᠢᠶ᠎ᠡ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠴᠢᠯᠡᠭᠡ ᠶᠢ ᠴᠢᠩᠭᠠᠳᠬᠠᠨ᠂ ᠠᠵᠢᠯ ᠤᠨ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠢᠨᠠᠯᠲᠠ ᠲᠠᠯᠪᠢᠬᠤ ᠠᠵᠢᠯ ᠤᠨ ᠲᠠᠯ᠎ᠠ ᠪᠠᠷ ᠨᠠᠷᠢᠯᠢᠭ ᠣᠨᠣᠴᠠᠲᠠᠢ ᠬᠦᠴᠦᠯᠡᠵᠦ᠂ ᠰᠢᠨ᠎ᠡ ᠶᠢ ᠡᠭᠦᠳᠬᠦ ᠰᠡᠳᠬᠢᠬᠦᠢ ᠪᠠ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭ᠎ᠠ ᠡᠭᠦᠷᠭᠡᠯᠡᠬᠦ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠨ᠎ᠡ︕    ᠴᠠᠬᠢᠯᠭᠠᠨ ᠬᠠᠩᠭᠠᠬᠤ ᠭᠠᠵᠠᠷ ᠪᠠ ᠡᠷᠡᠭᠦᠯ ᠬᠠᠮᠠᠭᠠᠯᠠᠯ ᠤᠨ ᠬᠤᠷᠢᠶ᠎ᠡ ᠲᠤᠰ ᠲᠤᠰ ᠥᠪᠡᠷ ᠥᠪᠡᠷ ᠤᠨ ᠬᠦᠷᠢᠶᠡᠨ ᠳᠠᠬᠢ ᠠᠵᠢᠯ ᠤᠨ ᠲᠤᠬᠠᠢ ᠲᠥᠯᠥᠭᠡᠯᠡᠭᠴᠢᠳ ᠲᠤ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠵᠦ᠂ ᠠᠷᠠᠳ ᠤᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ᠪᠠᠲᠤᠯᠠᠬᠤ᠂ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠢ ᠴᠢᠷᠮᠠᠶᠢᠯᠭ᠎ᠠ ᠪᠠ ᠦᠷ᠎ᠡ ᠪᠦᠲᠦᠮᠵᠢ ᠶᠢ ᠳᠡᠯᠭᠡᠨ ᠦᠵᠡᠭᠦᠯᠦᠭᠰᠡᠨ ᠤ ᠬᠠᠮᠲᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠠᠳᠠᠯᠬᠤ ᠶᠢᠨ ᠬᠠᠮᠲᠤ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠢᠷᠡᠭᠡᠳᠦᠢ ᠶᠢᠨ ᠠᠵᠢᠯ ᠤᠨ ᠲᠥᠯᠥᠪᠯᠡᠭᠡ ᠶᠢ ᠳᠤᠷᠠᠳᠴᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ᠃ ᠼᠤᠤ ᠳ᠋ᠦ᠋ ᠰᠧ ᠳᠡᠳ᠋ ᠪᠠᠯᠭᠠᠰᠤᠨ ᠳᠠᠷᠤᠭ᠎ᠠ ᠪᠦᠬᠦ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠰᠢᠰᠲ᠋ᠧᠮ ᠲᠠᠢ ᠳ᠋ᠦᠩᠨᠡᠯᠲᠡ ᠬᠢᠵᠦ ᠬᠠᠷᠢᠭᠤ ᠮᠡᠳᠡᠭᠦᠯᠦᠯᠲᠡ ᠬᠢᠭᠰᠡᠨ ᠪᠥᠭᠡᠳ 2025 ᠣᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠬᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠦᠷ᠎ᠡ ᠠᠰᠢᠭ ᠢ ᠤᠷᠲᠤ ᠬᠤᠭᠤᠴᠠᠭ᠎ᠠ ᠪᠠᠷ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠠᠷᠠᠳ ᠤᠨ ᠠᠮᠢᠳᠤᠷᠠᠯ ᠳᠤ ᠦᠨᠡᠨ ᠬᠦ ᠠᠰᠢᠭ ᠬᠦᠷᠲᠡᠭᠡᠵᠦ᠂ ᠣᠯᠠᠨ ᠲᠦᠮᠡᠨ ᠳᠤ ᠠᠰᠢᠭ ᠬᠦᠷᠲᠡᠭᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ ᠭᠡᠵᠦ ᠢᠯᠡᠳᠬᠡᠪᠡ᠃    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠦᠨᠳᠦᠰᠦᠨ ᠱᠠᠲᠤᠨ ᠤ ᠥᠷᠲᠡᠭᠡ ᠭᠠᠵᠠᠷ ᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠦᠯᠬᠢᠨ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠤᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠪᠠᠯᠭᠠᠰᠤᠨ ᠳᠤ ᠰᠠᠭᠤᠭ᠎ᠠ ᠥᠷᠲᠡᠭᠡ ᠭᠠᠵᠠᠷ ᠲᠤ ᠠᠷᠠᠳᠴᠢᠯᠠᠯ ᠢᠶᠠᠷ ᠰᠢᠯᠭᠠᠨ ᠦᠨᠡᠯᠡᠵᠦ᠂ ᠲᠥᠯᠥᠭᠡᠯᠡᠭᠴᠢᠳ ᠪᠤᠰᠤᠳᠴᠢ ᠲᠥᠪ ᠭᠤᠣᠯᠴᠢ ᠣᠪᠣᠷ ᠢ ᠪᠠᠷᠢᠮᠲᠠᠯᠠᠨ᠂ ᠠᠵᠢᠯ ᠤᠨ ᠦᠷ᠎ᠡ ᠪᠦᠲᠦᠮᠵᠢ᠂ ᠦᠢᠯᠡᠴᠢᠯᠡᠭᠡᠨ ᠤ ᠶᠠᠰᠤ ᠴᠢᠨᠠᠷ᠂ ᠰᠤᠷᠲᠠᠯ ᠤᠨ ᠪᠠᠶᠢᠭᠤᠯᠤᠯᠲᠠ ᠵᠡᠷᠭᠡ ᠣᠯᠠᠨ ᠲᠠᠯ᠎ᠠ ᠠᠴᠠ ᠡᠯ᠎ᠡ ᠥᠷᠲᠡᠭᠡ ᠭᠠᠵᠠᠷ ᠲᠤ ᠦᠨᠡᠯᠡᠯᠲᠡ ᠬᠢᠵᠦ ᠬᠤᠪᠢ ᠥᠭᠴᠦ᠂ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠡᠯ᠎ᠡ ᠥᠷᠲᠡᠭᠡ ᠭᠠᠵᠠᠷ ᠤᠨ ᠠᠵᠢᠯ ᠢᠶᠠᠨ ᠰᠠᠶᠢᠵᠢᠷᠠᠭᠤᠯᠬᠤ ᠴᠢᠬᠤᠯᠠ ᠦᠨᠳᠦᠰᠦᠯᠡᠯ ᠪᠣᠯᠭᠠᠵᠤ᠂ ᠲᠡᠳᠡᠨ ᠤ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠬᠦᠴᠦᠲᠡᠢ ᠲᠦᠯᠬᠢᠨ ᠠᠬᠢᠭᠤᠯᠵᠤ᠂ ᠦᠢᠯᠡᠴᠢᠯᠡᠬᠦ ᠣᠪᠣᠷ ᠢᠶᠠᠨ ᠰᠢᠯᠢᠳᠡᠭᠵᠢᠭᠦᠯᠦᠨ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠬᠦ ᠪᠣᠯᠤᠨ᠎ᠠ᠃    ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠡᠯ᠎ᠡ ᠵᠦᠢᠯ ᠤᠨ ᠢᠯᠡᠳᠬᠡᠯ ᠢ ᠨᠠᠷᠢᠨ ᠬᠢᠨᠠᠮᠠᠭᠠᠢ ᠰᠣᠨᠣᠰᠴᠤ ᠬᠢᠨᠠᠨ ᠶᠠᠷᠢᠯᠴᠠᠭᠰᠠᠨ ᠪᠥᠭᠡᠳ ᠬᠠᠯᠠᠭᠤᠨ ᠢᠶᠠᠷ ᠶᠠᠷᠢᠯᠴᠠᠪᠠ᠃ ᠲᠥᠯᠥᠭᠡᠯᠡᠭᠴᠢᠳ ᠢᠯᠡᠷᠬᠡᠶᠢᠯᠡᠬᠦ ᠳᠡᠭᠡᠨ᠂ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠢ ᠳ᠋ᠧᠦ ᠫᠦ᠋ ᠪᠠᠯᠭᠠᠰᠤᠨ ᠤ ᠬᠥᠭᠵᠢᠯᠲᠡ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠨ᠎ᠠ ᠭᠡᠵᠡᠢ᠃    ᠭᠦᠢᠴᠡᠳ ᠶᠠᠷᠢᠯᠴᠠᠬᠤ ᠪᠠ ᠪᠢᠯᠧᠲ ᠥᠭᠴᠦ ᠰᠣᠩᠭᠤᠬᠤ ᠪᠠᠷ ᠳᠠᠮᠵᠢᠨ᠂ ᠯᠢᠦᠢ ᠸᠧᠢ᠂ ᠶᠣᠣ ᠯᠧᠢ ᠬᠤᠶᠠᠷ ᠨᠥᠬᠦᠷ ᠪᠦᠷᠢᠨ ᠪᠢᠯᠧᠲ ᠢᠶᠠᠷ ᠰᠢ ᠳ᠋ᠧᠦ ᠫᠦ᠋ ᠪᠠᠯᠭᠠᠰᠤᠨ ᠤ ᠳᠡᠳ᠋ ᠳᠠᠷᠤᠭ᠎ᠠ ᠪᠠᠷ ᠰᠣᠩᠭᠤᠭᠳᠠᠪᠠ᠃ ᠲᠡᠳᠡ ᠢᠲᠡᠭᠡᠯ ᠵᠣᠷᠢᠭ ᠢᠶᠠᠨ ᠬᠥᠪᠴᠢᠯᠡᠵᠦ᠂ ᠤᠯᠤᠰ ᠤᠨ ᠰᠦᠯᠳᠡ ᠳᠤ ᠬᠠᠨᠳᠤᠭᠤᠯᠤᠨ ᠲᠥᠪ ᠴᠢᠩᠭ᠎ᠠ ᠪᠠᠷ ᠲᠠᠩᠭᠠᠷᠢᠭᠯᠠᠵᠤ᠂ ᠪᠦᠬᠦ ᠪᠠᠯᠭᠠᠰᠤᠨ ᠤ ᠠᠷᠠᠳ ᠲᠦᠮᠡᠨ ᠤ ᠢᠲᠡᠭᠡᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠰᠢᠨ᠎ᠡ ᠠᠵᠢᠯ ᠤᠨ ᠪᠠᠶᠢᠷᠢ ᠳᠡᠭᠡᠷ᠎ᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠪᠠᠨ ᠦᠢᠯᠡᠳᠦᠯᠭᠡᠵᠢᠭᠦᠯᠵᠦ᠂ ᠲᠡᠮᠡᠴᠡᠯ ᠤᠨ ᠬᠥᠭᠵᠢᠯ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠠᠮᠠᠯᠳᠠᠪᠠ︕    ᠡᠴᠦᠰ ᠲᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠯᠢᠩ ᠪᠢᠨ ᠨᠥᠬᠦᠷ ᠪᠠᠯᠭᠠᠰᠤᠨ ᠤ ᠨᠠᠮ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠲᠡᠭᠦᠰ ᠠᠮᠵᠢᠯᠲᠠ ᠣᠯᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠬᠦ ᠶᠢᠨ ᠬᠠᠮᠲᠤ᠂ 2025 ᠣᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠴᠦᠰ ᠤᠨ ᠵᠢᠯ ᠮᠥᠨ᠃ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠪᠢᠳᠡ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠪᠠᠯᠭᠠᠰᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠯᠠᠪᠳᠠᠭᠤᠨ ᠪᠠᠲᠤᠲᠠᠢ ᠰᠤᠷᠲᠠᠯ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠰᠢ ᠳ᠋ᠧᠦ ᠫᠦ᠋ ᠪᠠᠯᠭᠠᠰᠤᠨ ᠤ ᠬᠥᠭᠵᠢᠯ ᠴᠡᠴᠡᠭᠯᠡᠯ ᠲᠣᠭᠲᠠᠭᠤᠨ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠤᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ︕   ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃ 
 
ᠢᠷᠡᠯᠲᠡ᠄ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号