ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ︽ᠭᠦᠶᠡᠩ ᠰᠢᠶᠠᠨ ᠤ | ᠬᠦᠢᠳᠡᠨ ᠠᠭᠤᠷ ᠠᠮᠢᠰᠬᠤᠯ ᠪᠣᠷᠣᠭᠠᠨ ᠴᠠᠰᠤ ᠮᠥᠰᠥᠲᠦᠯᠭᠡ ᠵᠢᠨᠭᠠᠮᠰᠢᠭ ᠢ ᠰᠡᠷᠭᠡᠶᠢᠯᠡᠬᠦ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | | | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠶᠢᠨ ᠱᠠᠨ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠰᠢᠶᠠᠨ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠡ ᠳᠤ᠄ | ︽ᠭᠦᠶᠡᠩ ᠰᠢᠶᠠᠨ ᠤ ᠬᠦᠢᠲᠡᠨ ᠠᠭᠤᠷ ᠠᠮᠢᠰᠬᠤᠯ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ | ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠰᠢᠶᠠᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 12 ᠰᠠᠷ᠎ᠠ ᠶᠢᠨ 27 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ ) | | | ᠭᠦᠶᠡᠩ ᠰᠢᠶᠠᠨ ᠤ ᠳᠣᠤᠷ᠎ᠠ ᠳᠤᠯᠠᠭᠠᠨ ᠪᠣᠷᠣᠭᠠᠨ ᠴᠠᠰᠤ ᠮᠥᠰᠥᠲᠥᠯ ᠤᠨ | ᠭᠠᠮᠰᠢᠭ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ | 1. ᠶᠡᠷᠦᠩᠬᠡᠶ ᠳᠦᠷᠢᠮ | 1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ | ᠬᠦᠢᠳᠡᠨ ᠠᠭᠤᠷ ᠠᠮᠢᠰᠬᠤᠯ ᠪᠣᠷᠣᠭᠠᠨ ᠴᠠᠰᠤ ᠮᠥᠰᠥᠳᠥᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠨ | ᠠᠷᠭᠠᠴᠠᠵᠤ᠂ ᠡᠭᠦᠰᠦᠮᠡᠯ᠂ ᠤᠯᠠᠷᠢᠨ ᠡᠭᠦᠰᠬᠦ ᠭᠠᠮᠰᠢᠭ ᠡᠭᠦᠰᠬᠦ ᠶᠢ ᠰᠡᠷᠭᠡᠶᠢᠯᠡᠨ ᠬᠤᠷᠢᠭᠯᠠᠵᠤ᠂ ᠭᠠᠮᠰᠢᠭ ᠠᠴᠠ | ᠪᠣᠯᠤᠭᠰᠠᠨ ᠬᠥᠮᠦᠰ ᠤᠨ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠬᠥᠩᠭᠡᠷᠡᠭᠦᠯᠬᠦ ᠪᠤᠶᠤ ᠬᠡᠯᠲᠦᠷᠢᠭᠦᠯᠵᠦ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠲᠣᠭᠲᠠᠭᠤᠨ ᠪᠠ ᠠᠷᠠᠳ | ᠣᠯᠠᠨ ᠤ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠳᠠ ᠲᠣᠰ ᠲᠥᠰᠥᠯ ᠢ | ᠨᠠᠶᠢᠷᠠᠭᠤᠯᠪᠠ᠃ | 1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ | ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ | ᠠᠷᠭ᠎ᠠ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ | ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾ ︽ᠪᠤᠭᠤᠲᠤ ᠬᠤᠲᠠ ᠶᠢᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ︵ᠲᠤᠷᠰᠢᠨ | ᠬᠡᠷᠡᠭᠵᠢᠭᠦᠯᠬᠦ︶︾ ︽ᠪᠤᠭᠤᠲᠤ ᠬᠤᠲᠠ ᠶᠢᠨ ᠬᠦᠢᠳᠡᠨ ᠠᠭᠤᠷ ᠠᠮᠢᠰᠬᠤᠯ ᠤᠨ ᠭᠠᠮᠰᠢᠭ ᠢ ᠰᠡᠷᠭᠡᠶᠢᠯᠡᠬᠦ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ | ᠪᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠪᠡ᠃ | 1.3 ᠠᠵᠢᠯ ᠤᠨ ᠵᠠᠷᠴᠢᠮ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠰᠢ ᠶᠢᠨ ᠫᠢᠩ | ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ | ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠲᠠᠢ ᠵᠣᠯᠭᠠᠭᠤᠯᠵᠤ᠂ ᠬᠥᠮᠦᠨ ᠢᠶᠠᠷ | ᠦᠨᠳᠦᠰᠦ ᠪᠣᠯᠭᠠᠬᠤ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠎ᠠ᠃ ︽ᠬᠤᠶᠠᠷ ᠢ ᠪᠠᠷᠢᠮᠲᠠᠯᠠᠵᠤ᠂ ᠭᠤᠷᠪᠠ ᠶᠢ | ᠬᠤᠪᠢᠷᠠᠭᠤᠯᠬᠤ︾ ᠶᠣᠰᠣᠭᠠᠷ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠠᠬᠢ ᠪᠣᠶ ᠪᠣᠯᠭᠠᠵᠤ᠂ ᠨᠢᠭᠡᠳᠦᠯᠲᠡᠶ | ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠣᠷᠣᠨ ᠢᠶᠠᠷ ᠭᠤᠤᠯ ᠪᠣᠯᠭᠠᠬᠤ᠂ ᠬᠠᠤᠯᠢ ᠶᠣᠰᠣᠭᠠᠷ | ᠰᠡᠷᠭᠡᠶᠢᠯᠡᠨ ᠡᠵᠡᠮᠳᠡᠬᠦ ᠵᠠᠷᠴᠢᠮ ᠢ ᠵᠢᠷᠤᠮᠯᠠᠵᠤ᠂ ᠳᠣᠤᠷ᠎ᠠ ᠳᠤᠯᠠᠭᠠᠨ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ | ᠰᠢᠨᠵᠢᠯᠡᠬᠦ ᠤᠬᠠᠭᠠᠨᠴᠢ ᠪᠦᠲᠦᠮᠵᠢᠲᠡᠶ ᠰᠡᠷᠭᠡᠶᠢᠯᠡᠨ ᠠᠷᠭᠠᠴᠠᠵᠤ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ | ᠪᠠᠲᠤᠯᠠᠨ᠎ᠠ᠃ | 1.4 ᠬᠡᠷᠡᠭᠯᠡᠬᠦ ᠬᠡᠪᠴᠢᠶ᠎ᠡ | ᠲᠤᠰ ᠪᠡᠯᠡᠳᠬᠡᠯ ᠲᠥᠰᠦᠯ ᠢ ᠲᠤᠰ ᠰᠢᠶᠠᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠣᠲᠣᠷᠠᠬᠢ | ᠬᠢᠷᠠᠭᠤ ᠤᠨᠠᠵᠤ ᠬᠦᠢᠳᠡᠨ ᠤᠷᠤᠰᠬᠠᠯ ᠤᠨ ᠰᠢᠷᠦᠭᠦᠨ ᠪᠣᠷᠣᠭᠠᠨ ᠴᠠᠰᠤ ᠮᠥᠰᠥᠳᠥᠬᠦ ᠭᠠᠮᠰᠢᠭ ᠢ ᠰᠡᠷᠭᠡᠶᠢᠯᠡᠬᠦ ᠪᠠ | ᠠᠷᠭᠠᠴᠠᠬᠤ ᠪᠡᠯᠡᠳᠬᠡᠯ᠂ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ ᠪᠠ ᠮᠡᠳᠡᠭᠡ ᠵᠠᠩᠭᠢ ᠶᠢ ᠮᠡᠳᠡᠭᠦᠯᠬᠦ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠠᠵᠢᠯ ᠳᠤ | ᠬᠡᠷᠡᠭᠯᠡᠨ᠎ᠡ᠃ | 1.5 ᠭᠠᠢ ᠭᠠᠮᠰᠢᠭ ᠤᠨ ᠲᠦᠭᠰᠢᠭᠦᠷᠢ ᠶᠢᠨ ᠵᠠᠳᠠᠯᠤᠯᠲᠠ | ᠬᠦᠢᠳᠡᠨ ᠠᠭᠤᠷ ᠠᠮᠢᠰᠬᠤᠯ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠤᠨ ᠲᠦᠭᠰᠢᠭᠦᠷᠢ ᠳᠤ ᠪᠠᠭᠲᠠᠬᠤ | ᠨᠢ᠄ ᠨᠢᠭᠡ ᠳᠤ᠂ ᠵᠠᠮ ᠲᠡᠭᠡᠭᠡᠪᠦᠷᠢ ᠶᠢᠨ ᠲᠠᠯ᠎ᠠ ᠪᠠᠷ ᠠᠰᠢᠭ ᠥᠬᠡᠶ ᠨᠥᠯᠥᠭᠡ ᠭᠠᠷᠭᠠᠵᠤ᠂ ᠤᠯᠤᠰ ᠮᠤᠵᠢ ᠶᠢᠨ ᠭᠤᠤᠯ | ᠵᠠᠮ᠂ ᠲᠡᠮᠦᠷ ᠵᠠᠮ ᠵᠡᠷᠭᠡ ᠵᠠᠮ ᠲᠡᠭᠡᠭᠡᠪᠦᠷᠢ ᠶᠢᠨ ᠠᠷᠭ᠎ᠠ ᠮᠠᠶ᠋ᠢᠭ ᠢ ᠬᠡᠪ ᠤᠨ ᠶᠣᠰᠣᠭᠠᠷ ᠠᠵᠢᠯᠯᠠᠭᠤᠯᠬᠤ ᠶᠢᠨ ᠠᠷᠭ᠎ᠠ | ᠥᠬᠡᠶ᠂ ᠬᠤᠲᠠ ᠪᠠᠯᠭᠠᠰᠤᠨ ᠤ ᠨᠡᠭᠦᠷᠡᠰᠦ᠂ ᠴᠠᠬᠢᠯᠭᠠᠨ᠂ ᠲᠣᠰᠣ ᠲᠡᠭᠡᠭᠡᠪᠦᠷᠢ ᠶᠢᠨ ᠬᠠᠩᠭᠠᠯᠭ᠎ᠠ ᠶᠢᠨ | ᠬᠦᠴᠢᠷᠳᠡᠯ ᠠᠴᠠ ᠪᠣᠯᠵᠣ᠂ ᠵᠠᠮ ᠲᠡᠭᠡᠭᠡᠪᠦᠷᠢ ᠶᠢᠨ ᠭᠡᠨᠡᠳᠲᠡ ᠶᠢᠨ ᠬᠡᠷᠡᠭ ᠤᠨ ᠲᠦᠭᠰᠢᠭᠦᠷᠢ ᠨᠡᠮᠡᠭᠳᠡᠵᠦ ᠪᠠᠶᠢᠨ᠎ᠠ︔ | ᠬᠤᠶᠠᠷ ᠲᠤ᠂ ᠬᠤᠲᠠ ᠪᠠᠯᠭᠠᠰᠤᠨ ᠤ ᠠᠵᠢᠯᠯᠠᠭᠠᠨ ᠤ ᠬᠠᠮᠢᠶᠠᠷᠤᠯᠲᠠ ᠳᠤ ᠠᠰᠢᠭ ᠥᠬᠡᠶ ᠨᠥᠯᠥᠭᠡ ᠦᠵᠡᠭᠦᠯᠵᠦ᠂ | ᠴᠠᠬᠢᠯᠭᠠᠨ ᠱᠤᠭᠤᠮ ᠮᠥᠰᠥ ᠬᠥᠯᠳᠡᠬᠦ᠂ ᠤᠰᠤ ᠬᠠᠩᠭᠠᠬᠤ ᠬᠤᠭᠤᠯᠠᠶ ᠬᠠᠭᠠᠷᠠᠬᠤ᠂ ᠴᠠᠬᠢᠯᠭᠠᠨ ᠬᠦᠴᠦᠨ ᠤ | ᠪᠠᠭᠠᠨ᠎ᠠ ᠶᠢᠨ ᠰᠤᠪᠤᠷᠭ᠎ᠠ ᠪᠠ ᠴᠢᠮᠡᠭᠡ ᠬᠤᠯᠪᠣᠭᠠᠨ ᠤ ᠰᠠᠭᠤᠷᠢ ᠥᠷᠲᠡᠭᠡ ᠨᠤᠷᠠᠵᠤ ᠡᠪᠳᠡᠷᠡᠭᠰᠡᠨ ᠵᠡᠷᠭᠡ | ᠪᠡᠯᠡᠳᠬᠡᠮᠵᠢ ᠶᠢᠨ ᠰᠠᠭᠠᠳ ᠭᠠᠷᠴᠤ᠂ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ᠂ ᠴᠢᠮᠡᠭᠡ ᠬᠤᠯᠪᠣᠭ᠎ᠠ ᠵᠡᠷᠭᠡ ᠶᠢᠨ | ᠬᠠᠩᠭᠠᠯᠭ᠎ᠠ ᠶᠢᠨ ᠪᠠᠲᠤᠯᠠᠭ᠎ᠠ ᠲᠠᠰᠤᠯᠳᠠᠭᠳᠠᠭᠰᠠᠨ ᠠᠴᠠ ᠪᠣᠯᠵᠣ ᠬᠤᠲᠠ ᠪᠠᠯᠭᠠᠰᠤᠨ ᠤ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠲᠡᠭᠡᠭᠡᠪᠦᠷᠢ ᠶᠢ ᠵᠣᠭᠰᠣᠭᠠᠵᠤ᠂ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠪᠠᠴᠢᠮ ᠪᠣᠯᠵᠣ᠂ | ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠶ ᠨᠥᠯᠥᠭᠡᠯᠡᠵᠦ ᠪᠣᠯᠤᠨ᠎ᠠ︔ ᠭᠤᠷᠪᠠ ᠳᠤ᠂ | ᠲᠠᠷᠢᠶᠠᠯᠠᠩ ᠬᠥᠳᠡᠭᠡ ᠲᠣᠰᠬᠤᠨ ᠤ ᠠᠮᠢᠳᠤᠷᠠᠯ ᠳᠤ ᠠᠰᠢᠭ ᠦᠭᠡᠶ ᠨᠥᠯᠥᠭᠡ ᠤᠴᠠᠷᠠᠭᠤᠯᠵᠤ᠂ ᠢᠳᠡᠰᠢᠨ ᠨᠣᠭᠤᠭ᠎ᠠ | ᠂ ᠮᠠᠯ ᠵᠢᠭᠦᠷᠲᠡᠨ᠂ ᠤᠰᠤᠨ ᠭᠠᠷᠤᠯᠲᠠ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠳᠤ ᠠᠰᠢᠭ ᠦᠭᠡᠶ ᠨᠥᠯᠥᠭᠡ | ᠦᠵᠡᠭᠦᠯᠵᠦ᠂ ᠨᠤᠷᠠᠬᠤ ᠠᠶᠤᠯᠲᠠᠶ ᠭᠡᠷ ᠪᠠᠶᠢᠰᠢᠩ᠂ ᠲᠡᠮᠦᠷ ᠵᠠᠮ ᠵᠡᠷᠭᠡ ᠪᠠᠷᠢᠯᠭ᠎ᠠ ᠨᠤᠷᠠᠵᠤ᠂ ᠠᠶᠤᠯ ᠦᠭᠡᠶ | ᠦᠢᠯᠡᠳᠪᠦᠷᠢᠯᠡᠯ ᠳᠤ ᠠᠰᠢᠭ ᠦᠭᠡᠶ ᠨᠥᠯᠥᠭᠡ ᠦᠵᠡᠭᠦᠯᠬᠦ ᠪᠣᠯᠣᠨ᠎ᠠ᠃ | 1.6 ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠠᠷᠴᠢᠮ | ︵1︶ ᠬᠦᠩ ᠢᠶᠠᠷ ᠦᠨᠳᠦᠰᠦ ᠪᠣᠯᠭᠠᠵᠤ᠂ ᠠᠮᠤᠷ ᠲᠥᠪᠰᠢᠨ ᠢ ᠲᠡᠷᠢᠭᠦᠨ ᠳᠤ ᠲᠠᠯᠪᠢᠵᠤ᠃ ᠣᠯᠠᠨ | ᠨᠡᠶᠢᠲᠡ ᠶᠢᠨ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ ᠭᠠᠮᠰᠢᠭ ᠠᠴᠠ | ᠪᠣᠯᠤᠭᠰᠠᠨ ᠬᠥᠮᠦᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ | ᠬᠡᠮᠵᠢᠶ᠎ᠡ ᠪᠠᠷ ᠰᠡᠷᠭᠡᠶᠢᠯᠡᠬᠦ ᠪᠠ ᠪᠠᠭᠠᠰᠬᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠬᠥᠮᠦᠰ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠢ | ᠴᠢᠩᠭᠠᠷᠠᠭᠤᠯᠤᠨ᠂ ᠣᠯᠠᠨ ᠨᠡᠶᠢᠲᠡ ᠶᠢᠨ ᠣᠯᠠᠨ ᠨᠡᠶᠢᠲᠡ ᠶᠢᠨ ᠠᠮᠤᠷ ᠲᠦᠪᠰᠢᠨ ᠪᠠ ᠲᠦᠭᠰᠢᠭᠦᠷᠢ ᠶᠢ ᠰᠡᠷᠭᠡᠶᠢᠯᠡᠬᠦ | ᠦᠵᠡᠯ ᠤᠬᠠᠮᠰᠠᠷ ᠢ ᠲᠠᠰᠤᠷᠠᠯᠲᠠ ᠤᠢᠭᠡᠢ ᠨᠡᠮᠡᠭᠳᠡᠭᠦᠯᠵᠦ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠦᠵᠡᠯ | ᠤᠬᠠᠮᠰᠠᠷ ᠪᠣᠯᠤᠨ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃ | ︵2︶ ᠨᠢᠭᠡᠳᠦᠯᠲᠡᠶ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ᠃ ᠰᠢᠶᠠᠨ ᠤ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠨᠢᠭᠡᠳᠦᠯᠲᠡᠶ ᠵᠢᠯᠣᠭᠤᠳᠣᠯᠭ᠎ᠠ ᠳᠣᠤᠷ᠎ᠠ ᠡᠯ᠎ᠡ | ᠪᠠᠯᠭᠠᠰᠤ᠂ ᠵᠢᠨᠱᠠᠨ ᠠᠵᠤ ᠠᠬᠤᠶ ᠶᠢᠨ ᠨᠡᠭᠡᠭᠡᠯᠲᠡ ᠶᠢᠨ ᠣᠷᠣᠨ᠂ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠯᠡᠰ ᠤᠨ ᠬᠦᠷᠢᠶᠡᠯᠡᠩ ᠲᠣᠭᠤᠷᠢᠭ ᠲᠤ ᠲᠣᠰ ᠬᠠᠷᠢᠶ᠎ᠠ ᠣᠷᠣᠨ ᠤ ᠪᠠᠨ ᠬᠦᠢᠲᠡᠨ ᠠᠭᠤᠷ ᠠᠮᠢᠰᠬᠤᠯ ᠪᠠ | ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠬᠠᠷᠢᠭᠤᠴᠠᠨ ᠰᠠᠶᠢᠲᠤᠷ ᠬᠢᠨ᠎ᠡ᠃ | ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠣᠯᠤᠨ ᠡᠷᠬᠡ | ᠮᠡᠳᠡᠯ ᠢᠶᠠᠨ ᠦᠨᠳᠦᠰᠦᠯᠡᠨ᠂ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠬᠠᠷᠢᠭᠤᠴᠠᠬᠤ ᠬᠡᠷᠡᠭᠲᠡᠶ᠃ ᠡᠯ᠎ᠡ ᠠᠵᠤ ᠠᠬᠤᠶᠢᠯᠠᠯ ᠤᠳ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠵᠠᠰᠠᠭ ᠤᠨ ᠣᠷᠳᠣᠨ ᠤ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠯᠤᠭ᠎ᠠ ᠲᠣᠬᠢᠷᠠᠯᠴᠠᠭᠰᠠᠨ | ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ | ︵3︶ ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠬᠦ ᠪᠠ ᠠᠪᠤᠷᠠᠬᠤ ᠶᠢ ᠤᠶᠠᠯᠳᠤᠭᠤᠯᠬᠤ ᠬᠡᠷᠡᠭᠲᠡᠶ᠃ | ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠬᠦ ᠬᠢᠭᠡᠳ ᠪᠠᠴᠢᠮ ᠪᠠᠶᠢᠳᠠᠯ ᠢ ᠠᠷᠭᠠᠴᠠᠬᠤ ᠶᠢ ᠤᠶᠠᠯᠳᠤᠭᠤᠯᠬᠤ | ᠵᠠᠷᠴᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠭᠠᠮᠰᠢᠭ ᠤᠨ ᠴᠢᠨᠠᠷᠲᠠᠶ ᠴᠠᠭ ᠠᠭᠤᠷ ᠢ ᠬᠢᠨᠠᠨ | ᠬᠡᠮᠵᠢᠬᠦ᠂ ᠤᠷᠢᠳᠴᠢᠯᠠᠨ ᠮᠡᠳᠡᠭᠡᠯᠡᠬᠦ᠂ ᠰᠡᠷᠡᠮᠵᠢᠯᠡᠭᠦᠯᠬᠦ ᠪᠠ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ | ᠲᠦᠭᠰᠢᠭᠦᠷᠢ ᠶᠢ ᠦᠨᠡᠯᠡᠨ ᠵᠢᠱᠢᠬᠦ᠂ ᠡᠳ᠋ ᠪᠠᠷᠠᠭ᠎ᠠ ᠨᠥᠭᠡᠴᠡᠯᠡᠬᠦ᠂ ᠡᠩᠨᠡᠭᠡᠨ ᠤ ᠪᠠᠶᠢᠭᠤᠯᠤᠯᠲᠠ᠂ ᠪᠠᠴᠢᠮ ᠪᠠᠶᠢᠳᠠᠯ ᠢ | ᠠᠷᠭᠠᠴᠠᠬᠤ ᠲᠣᠨᠤᠭ ᠲᠥᠬᠦᠭᠡᠷᠦᠮᠵᠢ᠂ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ᠂ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠬᠢᠬᠦ ᠵᠡᠷᠭᠡ ᠠᠵᠢᠯ ᠢ ᠲᠡᠭᠦᠯᠳᠡᠷᠵᠢᠭᠦᠯᠬᠦ ᠬᠡᠷᠡᠭᠲᠡᠶ᠃ | ︵4︶ ᠲᠦᠷᠭᠡᠨ ᠲᠤᠰᠬᠠᠯ ᠭᠠᠷᠭᠠᠵᠤ᠂ ᠬᠠᠮᠵᠢᠯᠴᠠᠨ ᠠᠷᠭᠠᠴᠠᠵᠤ᠃ ᠣᠷᠣᠨ ᠪᠦᠰᠡ ᠪᠠ ᠰᠠᠯᠠᠭ᠎ᠠ | ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠦ ᠬᠢᠬᠦ ᠶᠢ ᠴᠢᠩᠭᠠᠷᠠᠭᠤᠯᠤᠨ᠂ ᠣᠯᠵᠤ ᠮᠡᠳᠡᠬᠦ᠂ | ᠮᠡᠳᠡᠭᠦᠯᠬᠦ᠂ ᠵᠢᠯᠣᠭᠤᠳᠬᠤ᠂ ᠰᠢᠢᠳᠪᠦᠷᠢᠯᠡᠬᠦ ᠵᠡᠷᠭᠡ ᠭᠤᠭᠴᠤᠭ᠎ᠠ ᠶᠢ ᠨᠢᠭᠲᠠ ᠵᠣᠯᠭᠠᠭᠤᠯᠬᠤ ᠶᠢ ᠦᠨᠡᠨᠬᠦ ᠪᠠᠲᠤᠯᠠᠨ᠎ᠠ | ᠃ ᠲᠤᠰᠬᠠᠶ ᠠᠵᠢᠯ ᠤᠨ ᠠᠪᠤᠷᠠᠨ ᠲᠤᠰᠠᠯᠠᠬᠤ ᠬᠦᠴᠦᠨ ᠤ ᠭᠤᠤᠯᠯᠠᠬᠤ ᠦᠢᠯᠡᠳᠦᠯ ᠪᠣᠯᠤᠨ ᠨᠡᠶᠢᠭᠡᠮ ᠤᠨ ᠠᠪᠤᠷᠠᠨ | ᠲᠤᠰᠠᠯᠠᠬᠤ ᠬᠦᠴᠦᠨ ᠤ ᠨᠥᠬᠦᠪᠥᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠵᠠᠰᠠᠭ ᠤᠨ ᠣᠷᠳᠣᠨ ᠢᠶᠠᠷ | ᠭᠤᠤᠯᠯᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠲᠣᠭᠤᠷᠢᠭ | ᠪᠣᠯᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠡᠩᠨᠡᠭᠡᠨ ᠤ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠵᠢᠴᠢ | ᠪᠦᠬᠦ ᠨᠡᠶᠢᠭᠡᠮ ᠤᠨ ᠬᠥᠮᠦᠨ ᠤ ᠬᠦᠴᠦᠨ᠂ ᠪᠣᠳᠠᠰ ᠤᠨ ᠬᠦᠴᠦᠨ ᠪᠣᠯᠤᠨ ᠡᠳ᠋ ᠤᠨ ᠬᠦᠴᠦᠨ ᠢ ᠳᠠᠶᠢᠴᠢᠯᠠᠵᠤ᠂ | ᠠᠷᠭᠠᠴᠠᠬᠤ ᠨᠡᠶᠢᠯᠡᠯ ᠬᠦᠴᠦᠨ ᠢ ᠪᠣᠶ ᠪᠣᠯᠭᠠᠬᠤ ᠬᠡᠷᠡᠭᠲᠡᠶ᠃ | ︵5︶ ᠰᠢᠨᠵᠢᠯᠡᠬᠦ ᠤᠬᠠᠭᠠᠨ ᠢ ᠲᠦᠰᠢᠭᠯᠡᠵᠦ᠂ ᠬᠠᠤᠯᠢ ᠶᠣᠰᠣᠭᠠᠷ ᠵᠢᠷᠤᠮᠵᠢᠭᠤᠯᠤᠨ᠎ᠠ᠃ ᠲᠡᠷᠢᠭᠦᠨ ᠤ | ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠪᠠ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠤᠷᠢᠳᠴᠢᠯᠠᠨ | ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ | ᠲᠤᠰᠬᠠᠶ ᠮᠡᠷᠭᠡᠵᠢᠯᠲᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠢ ᠬᠠᠤᠯᠢ ᠶᠣᠰᠣᠭᠠᠷ ᠲᠣᠭᠲᠠᠭᠠᠨ᠂ ᠬᠠᠷᠢᠭᠤᠴᠠᠯᠭ᠎ᠠ ᠡᠭᠦᠷᠭᠡᠯᠡᠭᠴᠢ ᠪᠠ ᠬᠠᠷᠢᠭᠤᠴᠠᠯᠭ᠎ᠠ ᠡᠷᠬᠡ ᠶᠢᠨ | ᠬᠡᠪᠴᠢᠶ᠎ᠡ ᠶᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠡᠩ ᠰᠢᠨᠵᠢᠯᠡᠬᠦ | ᠤᠬᠠᠭᠠᠨᠴᠢ ᠴᠢᠨᠠᠷ᠂ ᠡᠷᠬᠡ ᠰᠦᠷᠲᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠨ᠎ᠠ᠃ | ︵6 ︶ ᠮᠡᠳᠡᠭᠡ ᠵᠠᠩᠭᠢ ᠶᠢ ᠢᠯᠡ ᠪᠣᠯᠭᠠᠵᠤ᠂ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠤᠨ᠎ᠠ᠃ | ᠰᠡᠷᠭᠡᠶᠢᠯᠡᠨ ᠠᠷᠭᠠᠴᠠᠬᠤ ᠠᠵᠢᠯ ᠤᠨ ᠳᠤᠮᠳᠠ ᠨᠡᠶᠢᠭᠡᠮ ᠨᠡᠶᠢᠲᠡ ᠶᠢᠨ ᠪᠠᠶᠢᠳᠠᠯ ᠢ ᠮᠡᠳᠡᠬᠦ ᠡᠷᠬᠡ ᠶᠢ ᠬᠠᠩᠭᠠᠵᠤ᠂ | ᠮᠡᠳᠡᠭᠡ ᠵᠠᠩᠭᠢ ᠶᠢ ᠢᠯᠡ ᠲᠣᠳᠣ᠂ ᠮᠡᠳᠡᠭᠡ ᠵᠠᠩᠭᠢ ᠶᠢ ᠢᠯᠡ ᠪᠣᠯᠭᠠᠬᠤ ᠬᠡᠷᠡᠭᠲᠡᠢ ︵ᠤᠯᠤᠰ ᠤᠨ ᠴᠢᠬᠤᠯᠠ | ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠥᠨ ᠤ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠨᠢ | ᠡᠭᠦᠨ ᠳᠤ ᠪᠠᠭᠲᠠᠬᠤ ᠦᠭᠡᠢ︶ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠥᠪ ᠣᠨᠣᠪᠴᠢᠲᠠᠶ᠂ | ᠪᠦᠲᠦᠮᠵᠢᠲᠡᠶ ᠬᠥᠲᠥᠯᠥᠨ ᠵᠢᠯᠣᠭᠤᠳᠬᠤ ᠬᠡᠷᠡᠭᠲᠡᠶ᠃ | 2 ᠵᠤᠬᠢᠶᠡᠨ ᠪᠠᠢᠭᠤᠯᠵᠤ ᠵᠢᠯᠥᠭᠤᠳᠬᠤ ᠰᠢᠰᠲ᠋ᠧᠮᠵᠢ | 2.1 ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ | ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠰᠢᠶᠠᠨ ᠤ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ︵ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠬᠦ | ᠦᠶ᠎ᠡ ᠳᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠣᠯᠭᠠᠨ ᠬᠤᠪᠢᠷᠠᠭᠤᠯᠬᠤ ᠶᠢ | ᠬᠠᠷᠢᠭᠤᠴᠠᠨ᠎ᠠ︶ ᠳᠣᠣᠷ᠎ᠠ ᠳᠤᠯᠠᠭᠠᠨ ᠠᠭᠤᠷ ᠠᠮᠢᠰᠬᠤᠯ ᠠᠴᠠ ᠪᠣᠯᠤᠭᠰᠠᠨ ᠭᠠᠮᠰᠢᠭ ᠪᠠ ᠭᠡᠨᠡᠳᠲᠡ ᠶᠢᠨ ᠣᠯᠠᠨ | ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠠᠶᠤᠯ ᠭᠠᠮᠰᠢᠭ ᠠᠴᠠ ᠠᠪᠤᠷᠠᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠨᠢᠭᠡᠳᠦᠯᠲᠡᠶ ᠤᠳᠤᠷᠢᠳᠴᠤ᠂ ᠲᠥᠪᠯᠡᠷᠡᠭᠦᠯᠦᠨ | ᠵᠢᠯᠣᠭᠤᠳᠴᠤ᠂ ᠵᠣᠬᠢᠶᠠᠨ ᠪᠠᠶᠢᠭᠤᠯᠤᠨ ᠵᠣᠬᠢᠴᠠᠭᠤᠯᠵᠤ᠂ ᠨᠡᠶᠢᠭᠡᠮ ᠤᠨ ᠬᠤᠣᠷ ᠬᠥᠨᠥᠭᠡᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠤᠷᠠᠭᠤᠯᠵᠤ᠂ ᠬᠥᠮᠦᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ | ᠪᠠᠭᠠᠰᠬᠠᠬᠤ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠬᠡᠷᠡᠭᠰᠡᠬᠦ ᠬᠥᠮᠦᠨ᠂ ᠵᠣᠭᠤᠰ ᠮᠥᠩᠭᠦ᠂ | ᠪᠣᠳᠠᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ︔ ᠠᠶᠤᠯ ᠭᠠᠮᠰᠢᠭ ᠠᠴᠠ ᠠᠪᠤᠷᠠᠬᠤ | ᠲᠤᠬᠠᠶ ᠶᠢᠨ ᠭᠠᠵᠠᠷ ᠤᠨ ᠵᠢᠯᠣᠭᠤᠳᠬᠤ ᠭᠠᠵᠠᠷ ᠢ ᠪᠠᠴᠢᠮ ᠰᠢᠯᠵᠢᠭᠦᠯᠦᠨ ᠵᠥᠭᠡᠭᠡᠪᠦᠷᠢᠯᠡᠬᠦ ᠶᠢ ᠬᠠᠷᠢᠭᠤᠴᠠᠨ᠎ᠠ︔ | ᠪᠤᠰᠤᠳ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ | ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠠᠯᠪᠠᠨ | ᠭᠡᠷ ᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠭᠠᠷᠭᠠᠵᠤ᠂ ᠰᠢᠶᠠᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠲᠣᠭᠲᠠᠮᠠᠯ | ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠴᠠᠭᠤᠯᠬᠤ ᠬᠤᠷᠠᠯ ᠬᠤᠷᠠᠯᠳᠤᠭᠤᠯᠵᠤ᠂ | ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠳᠣᠤᠷ᠎ᠠ ᠳᠤᠯᠠᠭᠠᠨ ᠪᠣᠷᠣᠭᠠᠨ ᠴᠠᠰᠤ | ᠮᠥᠰᠥᠲᠦᠯᠭᠡ ᠶᠢᠨ ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠵᠦᠢᠯᠡᠰ ᠢ ᠰᠤᠳᠤᠯᠵᠤ᠂ ᠭᠠᠮᠰᠢᠭ ᠢ ᠰᠡᠷᠭᠡᠶᠢᠯᠡᠬᠦ ᠪᠠ | ᠠᠷᠭᠠᠴᠠᠬᠤ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠤᠯᠪᠣᠭᠳᠠᠯ ᠪᠦᠬᠦᠢ | ᠰᠠᠯᠠᠭ᠎ᠠ ᠮᠥᠴᠢᠷ ︵ᠨᠢᠭᠡᠴᠡ︶ ᠢ ᠵᠢᠯᠣᠭᠤᠳᠤᠨ ᠰᠢᠮᠳᠠᠭᠤᠯᠵᠤ ᠪᠠᠶᠢᠭᠠᠳ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠭᠠᠮᠰᠢᠭ ᠢ ᠠᠷᠭᠠᠴᠠᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ ᠰᠢᠶᠠᠨ ᠤ ᠵᠢᠯᠣᠭᠤᠳᠬᠤ ᠭᠠᠵᠠᠷ ᠤᠨ | ᠶᠡᠷᠦᠩᠬᠡᠶ ᠵᠢᠯᠣᠭᠤᠳᠣᠭᠴᠢ᠂ ᠳᠡᠳ᠋ ᠶᠡᠷᠦᠩᠬᠡᠶ ᠵᠢᠯᠣᠭᠤᠳᠣᠭᠴᠢ ᠳᠤ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ᠂ | ᠭᠠᠮᠰᠢᠭ ᠤᠨ ᠬᠥᠭᠵᠢᠯᠲᠡ ᠶᠢᠨ ᠬᠠᠨᠳᠤᠰᠢ᠂ ᠠᠷᠭᠠᠴᠠᠭᠠᠬᠤ ᠠᠵᠢᠯ ᠤᠨ ᠪᠠᠶᠢᠳᠠᠯ ᠢᠶᠠᠨ ᠮᠡᠳᠡᠭᠦᠯᠬᠦ ᠶᠢ | ᠬᠠᠷᠢᠭᠤᠴᠠᠬᠤ ᠶᠢᠨ ᠬᠠᠮᠲᠤ ᠠᠷᠭᠠᠴᠠᠬᠤ ᠪᠣᠳᠣᠯᠭ᠎ᠠ ᠰᠠᠨᠠᠭᠤᠯᠭ᠎ᠠ ᠳᠤᠷᠠᠳᠴᠤ᠂ ᠵᠢᠯᠣᠭᠤᠳᠬᠤ ᠭᠠᠵᠠᠷ ᠤᠨ | ᠲᠤᠰᠢᠶᠠᠭᠰᠠᠨ ᠪᠤᠰᠤᠳ ᠵᠦᠢᠯᠡᠰ ᠢ ᠡᠭᠦᠷᠭᠡᠯᠡᠨ᠎ᠡ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶᠠᠨ ᠤ ᠳᠠᠷᠤᠭ᠎ᠠ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠰᠢᠶᠠᠨ ᠤ | ᠵᠠᠰᠠᠭ ᠤᠨ ᠣᠷᠳᠣᠨ ᠤ ᠠᠯᠪᠠᠨ ᠭᠡᠷ ᠤᠨ ᠬᠤᠪᠢᠳᠠᠨ ᠬᠠᠮᠢᠶᠠᠷᠬᠤ ᠳᠡᠳ᠋ ᠡᠷᠬᠢᠯᠡᠭᠴᠢ ᠪᠠ ᠰᠢᠶᠠᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠬᠤᠪᠢᠳᠠᠨ ᠬᠠᠮᠢᠶᠠᠷᠬᠤ ᠳᠡᠳ᠋ ᠲᠣᠪᠴᠢᠶᠠᠨ ᠳᠠᠷᠤᠭ᠎ᠠ | ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠨ᠎ᠡ᠃ 24 ᠴᠠᠭ ᠤᠨ ᠵᠢᠵᠢᠭᠦᠷᠯᠡᠬᠦ ᠤᠲᠠᠰᠤ᠄ | 0472 - 8113344 | ᠶᠡᠷᠦᠩᠬᠡᠶ ᠵᠠᠬᠢᠷᠤᠯ᠄ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ | ᠳᠡᠳ᠋ ᠶᠡᠷᠦᠩᠬᠡᠶ ᠵᠢᠯᠣᠭᠤᠳᠣᠭᠴᠢ᠄ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ᠂ | ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠵᠥᠪᠯᠡᠭᠴᠢ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ᠂ ᠰᠢᠶᠠᠨ ᠤ ᠴᠠᠭ ᠠᠭᠤᠷ ᠤᠨ ᠲᠣᠪᠴᠢᠶ᠎ᠠ ᠶᠢᠨ ᠳᠠᠷᠤᠭ᠎ᠠ | ᠪᠦᠷᠢᠯᠳᠦᠬᠦᠨ ᠨᠢᠭᠡᠴᠡ ᠄ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠶᠠᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠰᠢᠶᠠᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠢᠶᠠᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠴᠠᠭ ᠠᠭᠤᠷ ᠤᠨ ᠲᠣᠪᠴᠢᠶ᠎ᠠ᠂ ᠰᠢᠶᠠᠨ ᠤ | ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠭᠦᠶᠡᠩ ᠤᠨ ᠳᠤᠮᠳᠠ ᠠᠩᠭᠢ᠂ | ᠭᠦᠶᠡᠩ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠵᠡᠷᠭᠡ᠃ | ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ Ⅰ ᠳᠡᠰ᠂ Ⅱ ᠳᠡᠰ ᠤᠨ ᠪᠠᠴᠢᠮ | ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠡᠬᠢᠯᠡᠭᠦᠯᠬᠦ ᠪᠠᠷ ᠲᠣᠭᠲᠠᠭᠠᠬᠤ ᠳᠠᠭᠠᠨ᠂ ᠶᠡᠷᠦᠩᠬᠡᠶᠢᠯᠡᠨ ᠵᠣᠬᠢᠴᠠᠭᠤᠯᠬᠤ | ᠳᠤᠭᠤᠶᠢᠯᠠᠩ᠂ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠳᠤᠭᠤᠶᠢᠯᠠᠩ᠂ ᠬᠢᠨᠠᠨ ᠬᠡᠮᠵᠢᠵᠦ ᠰᠡᠷᠡᠮᠵᠢᠯᠡᠭᠦᠯᠬᠦ | ᠳᠤᠭᠤᠶᠢᠯᠠᠩ᠂ ᠵᠠᠮ ᠬᠠᠷᠢᠯᠴᠠᠭᠠᠨ ᠤ ᠰᠢᠢᠳᠪᠦᠷᠢᠯᠡᠬᠦ ᠳᠤᠭᠤᠶᠢᠯᠠᠩ᠂ ᠡᠳ᠋ ᠪᠣᠳᠠᠰ ᠤᠨ ᠪᠠᠲᠤᠯᠠᠭ᠎ᠠ ᠶᠢᠨ | ᠳᠤᠭᠤᠶᠢᠯᠠᠩ᠂ ᠨᠡᠶᠢᠭᠡᠮ ᠤᠨ ᠠᠵᠢᠯᠯᠠᠭᠠᠨ ᠤ ᠳᠤᠭᠤᠶᠢᠯᠠᠩ᠂ ᠤᠬᠠᠭᠤᠯᠤᠨ ᠮᠡᠳᠡᠭᠡᠯᠡᠬᠦ ᠳᠤᠭᠤᠶᠢᠯᠠᠩ ᠵᠡᠷᠭᠡ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠡᠳᠦᠶ ᠲᠡᠳᠦᠶ ᠠᠵᠢᠯᠯᠠᠬᠤ ᠳᠤᠭᠤᠶᠢᠯᠠᠩ ᠪᠠᠶᠢᠭᠤᠯᠵᠤ᠂ ᠲᠥᠪᠯᠡᠷᠡᠭᠦᠯᠦᠨ | ᠠᠵᠢᠯᠯᠠᠬᠤ ᠶᠢ ᠬᠡᠷᠡᠭᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠶᠢᠨ ᠥᠨᠳᠥᠷ ᠪᠦᠲᠦᠮᠵᠢᠲᠡᠶ ᠪᠠᠶᠢᠬᠤ ᠪᠠ | ᠵᠢᠯᠣᠭᠤᠳᠣᠯᠭ᠎ᠠ ᠶᠢ ᠴᠠᠭ ᠲᠤᠬᠠᠶ ᠳᠤᠨᠢ ᠵᠢᠯᠣᠭᠤᠳᠬᠤ ᠶᠢ ᠦᠨᠡᠨᠬᠦ ᠪᠠᠲᠤᠯᠠᠬᠤ ᠬᠡᠷᠡᠭᠲᠡᠶ᠃ | 2.2 ᠪᠠᠯᠭᠠᠰᠣ᠂ ᠠᠵᠤ ᠠᠬᠤᠢ ᠶᠢᠨ ᠨᠡᠭᠡᠭᠡᠯᠳᠡ ᠶᠢᠨ ᠣᠷᠣᠨ ᠤ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠪᠠᠶᠢᠭᠤᠯᠣᠮᠵᠢ | ᠡᠯ᠎ᠡ ᠪᠠᠯᠭᠠᠰᠤ ᠪᠣᠯᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠨᠢ ᠲᠣᠰ ᠬᠠᠷᠢᠶ᠎ᠠ ᠣᠷᠣᠨ ᠤ ᠪᠠᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠲᠣᠰ ᠱᠠᠲᠤᠨ ᠤ ᠬᠦᠢᠲᠡᠨ ᠪᠠ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢ ᠲᠣᠭᠲᠠᠭᠠᠵᠤ᠂ ᠲᠣᠰ ᠬᠠᠷᠢᠶ᠎ᠠ ᠣᠷᠣᠨ ᠤ ᠪᠠᠨ ᠬᠦᠢᠲᠡᠨ | ᠪᠠ ᠪᠣᠷᠣᠭᠠᠨ ᠴᠠᠰᠤ ᠮᠥᠰᠥᠲᠥᠯ ᠤᠨ ᠭᠠᠮᠰᠢᠭ ᠢ ᠰᠡᠷᠭᠡᠶᠢᠯᠡᠬᠦ ᠪᠠ ᠠᠷᠭᠠᠴᠠᠬᠤ ᠠᠵᠢᠯ ᠢ ᠬᠠᠷᠢᠭᠤᠴᠠᠨ᠎ᠠ᠃ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠭᠦᠷᠭᠡ ᠬᠠᠷᠢᠭᠤᠴᠠᠯᠭ᠎ᠠ ᠪᠠᠨ | ᠢᠳᠡᠪᠬᠢᠲᠡᠶ ᠭᠦᠢᠴᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠪᠣᠯᠤᠨ ᠠᠵᠢᠯ ᠤᠨ | ᠲᠣᠭᠲᠠᠴᠠ ᠶᠢ ᠪᠦᠷᠢᠨᠰᠢᠭᠦᠯᠵᠦ᠂ ᠲᠣᠭᠲᠠᠭᠠᠯ ᠶᠣᠰᠣᠭᠠᠷ ᠭᠠᠮᠰᠢᠭ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ | ᠵᠢᠭᠰᠠᠭᠠᠨ ᠪᠠᠶᠢᠴᠠᠭᠠᠵᠤ ᠮᠡᠳᠡᠭᠦᠯᠵᠦ᠂ ᠭᠠᠮᠰᠢᠭ ᠢ ᠰᠡᠷᠭᠡᠶᠢᠯᠡᠬᠦ ᠪᠠ ᠤᠷᠢᠳᠠᠪᠠᠷ ᠰᠢᠢᠳᠪᠦᠷᠢᠯᠡᠬᠦ ᠶᠢ ᠴᠢᠩᠭᠠᠳᠬᠠᠬᠤ | ᠬᠡᠷᠡᠭᠲᠡᠶ᠃ | 3. ᠤᠷᠢᠳᠴᠢᠯᠠᠨ ᠰᠡᠷᠭᠡᠶᠢᠯᠡᠬᠦ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | 3.1 ᠭᠠᠶ ᠭᠠᠮᠰᠢᠭ ᠢ ᠤᠷᠢᠳᠴᠢᠯᠠᠨ ᠰᠡᠷᠭᠡᠶᠢᠯᠡᠬᠦ | ᠡᠯ᠎ᠡ ᠪᠠᠯᠭᠠᠰᠤ᠂ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ | ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ᠂ | ᠤᠷᠢᠳᠴᠢᠯᠠᠨ ᠰᠡᠷᠭᠡᠶᠢᠯᠡᠬᠦ ᠪᠣᠭᠤᠮᠲᠠ ᠶᠢ ᠤᠷᠤᠭᠰᠢ ᠰᠢᠯᠵᠢᠭᠦᠯᠬᠦ ᠶᠢ ᠪᠠᠷᠢᠮᠲᠠᠯᠠᠵᠤ᠂ ᠭᠠᠮᠰᠢᠭ ᠢ ᠰᠡᠷᠭᠡᠶᠢᠯᠡᠬᠦ ᠡᠯ᠎ᠡ | ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠭᠠᠮᠰᠢᠭ ᠠᠴᠠ ᠪᠣᠯᠵᠤ ᠮᠡᠳᠡᠬᠦ ᠬᠤᠬᠢᠷᠠᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ | ᠡᠭᠦᠨ ᠳᠤ ᠭᠤᠣᠯᠳᠠᠭᠤ ᠳᠣᠣᠷᠠᠬᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠢᠵᠠᠭᠠᠷᠯᠠᠬᠤ ᠦᠭᠡᠢ᠃ | ︵1︶ ᠭᠠᠮᠰᠢᠭ ᠤᠨ ᠴᠢᠨᠠᠷᠲᠠᠶ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠠᠵᠢᠯ ᠢ | ᠴᠢᠩᠭᠠᠳᠬᠠᠨ᠎ᠠ᠃ ᠵᠠᠰᠠᠭ ᠤᠨ ᠣᠷᠳᠣᠨ ᠪᠣᠯᠤᠨ ᠴᠠᠭ ᠠᠭᠤᠷ ᠤᠨ ᠰᠠᠯᠠᠭ᠎ᠠ ᠮᠥᠴᠢᠷ ᠤᠳ ᠭᠠᠮᠰᠢᠭ ᠤᠨ ᠴᠢᠨᠠᠷᠲᠠᠶ | ᠴᠠᠭ ᠠᠭᠤᠷ ᠢ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ᠂ ᠬᠢᠷᠠᠭᠤ ᠤᠨᠠᠬᠤ᠂ ᠴᠠᠰᠤ ᠰᠢᠭᠤᠷᠭ᠎ᠠ᠂ ᠬᠦᠢᠲᠡᠨ | ᠤᠷᠤᠰᠬᠠᠯ ᠵᠡᠷᠭᠡ ᠭᠠᠮᠰᠢᠭ ᠤᠨ ᠴᠢᠨᠠᠷᠲᠠᠶ ᠴᠠᠭ ᠠᠭᠤᠷ ᠢ ᠤᠷᠢᠳᠴᠢᠯᠠᠨ ᠮᠡᠳᠡᠭᠡᠯᠡᠬᠦ ᠠᠵᠢᠯ ᠢ ᠴᠢᠩᠭᠠᠳᠬᠠᠬᠤ | ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ᠂ ᠵᠠᠮ ᠬᠠᠷᠢᠯᠴᠠᠭ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ ᠤᠰᠤᠨ ᠤ | ᠶᠠᠪᠤᠳᠠᠯ᠂ ᠰᠣᠶᠣᠯ ᠵᠢᠭᠤᠯᠴᠢᠯᠠᠯ ᠵᠡᠷᠭᠡ ᠰᠠᠯᠠᠭ᠎ᠠ ᠮᠥᠴᠢᠷ ᠵᠢᠴᠢ ᠨᠡᠭᠦᠷᠡᠰᠦ᠂ ᠴᠠᠬᠢᠯᠭᠠᠨ᠂ ᠲᠣᠰᠣ᠂ ᠰᠢᠲᠠᠮᠠᠬᠠᠶ | ᠬᠡᠶ ᠵᠡᠷᠭᠡ ᠠᠵᠢᠯ ᠲᠥᠷᠥᠯ ᠤᠨ ᠬᠦᠷᠢᠶᠡᠨ ᠳᠤ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠲᠤᠷᠠᠨ᠂ ᠬᠠᠮᠲᠤᠷᠠᠨ | ᠰᠡᠷᠡᠮᠵᠢᠯᠡᠭᠦᠯᠬᠦ ᠪᠠ ᠵᠥᠪᠳᠡᠯᠴᠡᠨ ᠰᠤᠳᠤᠯᠤᠨ ᠮᠠᠭᠠᠳᠯᠠᠬᠤ ᠶᠢ ᠬᠠᠮᠲᠤ ᠪᠠᠷ ᠴᠢᠩᠭᠠᠳᠬᠠᠨ᠎ᠠ᠃ | ︵2︶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠪᠠᠴᠢᠮ ᠪᠠᠶᠢᠳᠠᠯ ᠢ | ᠠᠷᠭᠠᠴᠠᠵᠤ ᠭᠠᠮᠰᠢᠭ ᠠᠴᠠ ᠠᠪᠤᠷᠠᠬᠤ ᠴᠢᠬᠤᠯᠠ ᠪᠦᠬᠦᠢ ᠡᠳ᠋ ᠪᠣᠳᠠᠰ᠂ ᠲᠣᠨᠣᠭᠯᠠᠯ ᠪᠣᠯᠤᠨ ᠠᠪᠤᠷᠠᠨ ᠲᠤᠰᠠᠯᠠᠬᠤ | ᠲᠤᠰᠬᠠᠢ ᠮᠡᠷᠭᠡᠵᠢᠯᠲᠡᠨ᠂ ᠡᠩᠨᠡᠭᠡ ᠶᠢ ᠤᠷᠢᠳᠴᠢᠯᠠᠨ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠵᠤ ᠵᠢᠵᠢᠭᠦᠷᠯᠡᠨ | ᠰᠠᠬᠢᠬᠤ ᠶᠢ ᠴᠢᠩᠭᠠᠳᠬᠠᠵᠤ᠂ ᠭᠠᠮᠰᠢᠭ ᠪᠤᠶᠤ ᠭᠡᠨᠡᠳᠲᠡ ᠶᠢᠨ ᠬᠡᠷᠡᠭ ᠭᠠᠷᠤᠭᠰᠠᠨ ᠤ ᠳᠠᠷᠠᠭ᠎ᠠ ᠲᠦᠷᠭᠡᠨ ᠳᠠᠭᠠᠵᠤ᠂ | ᠴᠠᠭ ᠲᠤᠬᠠᠢ ᠳᠤᠨᠢ ᠮᠡᠳᠡᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ | ︵3︶ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠣᠤᠷ᠎ᠠ ᠳᠤᠯᠠᠭᠠᠨ ᠪᠣᠷᠣᠭᠠᠨ ᠴᠠᠰᠤ | ᠮᠥᠰᠥᠳᠥᠯ ᠤᠨ ᠭᠠᠮᠰᠢᠭ ᠢ ᠠᠷᠭᠠᠴᠠᠬᠤ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ | ᠳᠦᠷᠢᠮ ᠲᠣᠭᠲᠠᠭᠠᠯ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠶᠢᠭᠤᠯᠤᠨ | ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠬᠦ ᠬᠡᠷᠡᠭᠲᠡᠶ᠃ | ︵4︶ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ | ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠳᠣᠤᠷ᠎ᠠ ᠳᠤᠯᠠᠭᠠᠨ ᠪᠠ ᠪᠣᠷᠣᠭᠠᠨ | ᠴᠠᠰᠤ ᠮᠥᠰᠥᠲᠦᠯᠭᠡ ᠶᠢᠨ ᠨᠥᠬᠦᠴᠡᠯ ᠳᠣᠤᠷᠠᠬᠢ ᠦᠢᠯᠡᠳᠪᠦᠷᠢᠯᠡᠯ ᠤᠨ ᠠᠮᠤᠷ ᠲᠦᠪᠰᠢᠨ ᠵᠡᠷᠭᠡ ᠬᠠᠮᠢᠶ᠎ᠠ ᠪᠥᠬᠦᠶ | ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠎ᠠ︔ ᠤᠰᠤ᠂ ᠴᠠᠬᠢᠯᠭᠠᠨ᠂ ᠰᠢᠲᠠᠮᠠᠬᠠᠶ ᠬᠡᠢ᠂ | ᠳᠤᠯᠠᠭᠠᠯᠠᠭ᠎ᠠ ᠵᠡᠷᠭᠡ ᠠᠮᠠᠷᠬᠠᠨ ᠳᠣᠤᠷ᠎ᠠ ᠳᠤᠯᠠᠭᠠᠨ ᠪᠠ ᠪᠣᠷᠣᠭᠠᠨ ᠴᠠᠰᠤ ᠮᠥᠰᠥᠲᠦᠯᠭᠡ ᠶᠢᠨ ᠨᠥᠯᠥᠭᠡ ᠶᠢ ᠬᠦᠷᠲᠡᠬᠦ | ᠪᠡᠯᠡᠳᠬᠡᠮᠵᠢ ᠪᠡᠯᠡᠳᠬᠡᠮᠵᠢ ᠶᠢᠨ ᠬᠥᠯᠳᠡᠬᠦ ᠶᠢ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠨ᠎ᠠ᠃ | ︵5︶ ᠳᠣᠤᠷ᠎ᠠ ᠳᠤᠯᠠᠭᠠᠨ ᠪᠣᠷᠣᠭᠠᠨ ᠴᠠᠰᠤ ᠮᠥᠰᠥᠳᠥᠯ ᠤᠨ ᠭᠠᠮᠰᠢᠭ ᠢ ᠰᠡᠷᠭᠡᠶᠢᠯᠡᠬᠦ ᠮᠡᠳᠡᠯᠭᠡ ᠶᠢᠨ | ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠦᠨᠳᠦᠰᠦᠨ ᠱᠠᠲᠤᠨ ᠤ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠢ ᠨᠢ ᠨᠡᠮᠡᠭᠳᠡᠭᠦᠯᠦᠨ᠂ ᠬᠤᠪᠢ | ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠯᠭᠡᠬᠦ ᠬᠡᠷᠡᠭᠲᠡᠶ᠃ | 3.2 ᠭᠠᠶ ᠭᠠᠮᠰᠢᠭ ᠤᠨ ᠬᠢᠨᠠᠨ ᠬᠡᠮᠵᠢᠯᠲᠡ | ᠡᠯ᠎ᠡ ᠪᠠᠯᠭᠠᠰᠤ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ᠂ ᠪᠦᠬᠦ ᠰᠢᠶᠠᠨ ᠤ ᠬᠢᠨᠠᠨ ᠬᠡᠮᠵᠢᠬᠦ ᠲᠣᠤᠷ ᠰᠦᠯᠵᠢᠶ᠎ᠡ ᠶᠢ ᠲᠡᠭᠦᠯᠳᠡᠷᠵᠢᠭᠦᠯᠵᠦ᠂ | ᠬᠦᠢᠲᠡᠨ ᠪᠠ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠵᠢᠴᠢ ᠲᠡᠭᠦᠨ ᠤ ᠡᠭᠦᠰᠦᠮᠡᠯ ᠭᠠᠮᠰᠢᠭ ᠤᠨ | ᠶᠡᠷᠦᠩᠬᠡᠶᠢᠯᠡᠭᠰᠡᠨ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠰᠠᠯᠠᠭ᠎ᠠ ᠮᠥᠴᠢᠷ ᠤᠳ | ᠬᠢᠷᠠᠭᠤ ᠤᠨᠠᠬᠤ᠂ ᠶᠡᠭᠡ ᠴᠠᠰᠤ᠂ ᠬᠦᠢᠲᠡᠨ ᠤᠷᠤᠰᠬᠠᠯ ᠵᠡᠷᠭᠡ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠬᠠᠷᠢᠭᠤᠴᠠᠨ ᠨᠡᠶᠢᠲᠡᠯᠡᠵᠦ᠂ ᠰᠢᠶᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠺᠣᠮᠢᠰ ᠤᠨ ᠠᠯᠪᠠᠨ ᠭᠡᠷ ᠲᠤ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠮᠡᠳᠡᠭᠳᠡᠬᠦ ᠬᠡᠷᠡᠭᠲᠡᠶ᠃ | ᠪᠠᠶᠢᠭᠠᠯᠢ ᠶᠢᠨ ᠡᠬᠢ ᠪᠠᠶᠠᠯᠢᠭ᠂ ᠬᠤᠲᠠ ᠶᠢᠨ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ᠂ ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠂ ᠴᠠᠬᠢᠯᠭᠠᠨ ᠬᠠᠩᠭᠠᠬᠤ ᠵᠡᠷᠭᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ | ᠰᠢᠰᠲ᠋ᠧᠮ᠂ ᠲᠣᠰ ᠠᠵᠢᠯ ᠲᠥᠷᠥᠯ ᠤᠨ ᠢᠶᠠᠨ ᠬᠠᠮᠢᠶ᠎ᠠ ᠪᠥᠬᠦᠶ ᠬᠢᠨᠠᠨ ᠬᠡᠮᠵᠢᠬᠦ ᠠᠵᠢᠯ ᠢ ᠬᠢᠨᠠᠮᠠᠭᠠᠶ ᠰᠠᠶᠢᠲᠤᠷ ᠬᠢᠬᠦ | ᠬᠡᠷᠡᠭᠲᠡᠶ᠃ ᠡᠭᠦᠨ ᠤ ᠬᠠᠮᠲᠤ᠂ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠨ ᠮᠡᠳᠡᠭᠡᠯᠡᠬᠦ ᠮᠡᠳᠡᠭᠡ | ᠵᠠᠩᠭᠢ ᠲᠠᠢ ᠤᠶᠠᠯᠳᠤᠭᠤᠯᠤᠨ᠂ ᠲᠣᠰ ᠰᠢᠰᠲ᠋ᠧᠮ᠂ ᠲᠣᠰ ᠠᠵᠢᠯ ᠲᠥᠷᠥᠯ ᠤᠨ ᠨᠥᠯᠥᠭᠡ ᠵᠢᠴᠢ ᠬᠤᠤᠷ ᠬᠥᠨᠥᠭᠡᠯ ᠢ | ᠵᠠᠳᠠᠯᠤᠨ ᠰᠤᠳᠤᠯᠵᠤ ᠮᠠᠭᠠᠳᠯᠠᠬᠤ ᠶᠢ ᠥᠷᠨᠢᠭᠦᠯᠬᠦ ᠶᠢᠨ ᠬᠠᠮᠲᠤ ᠴᠠᠭ ᠲᠤᠬᠠᠶ ᠳᠤᠨᠢ ᠰᠢᠶᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠺᠣᠮᠢᠰ ᠤᠨ ᠠᠯᠪᠠᠨ ᠭᠡᠷ ᠲᠤ ᠬᠤᠯᠪᠣᠭᠳᠠᠯ ᠪᠦᠬᠦᠢ ᠪᠠᠶᠢᠳᠠᠯ ᠢ ᠮᠡᠳᠡᠭᠦᠯᠦᠨ᠎ᠡ᠃ | 3.3 ᠭᠠᠮᠰᠢᠭ ᠤᠨ ᠰᠡᠷᠡᠮᠵᠢᠯᠡᠬᠦᠯᠬᠦ | ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠤᠨ ᠰᠡᠷᠡᠮᠵᠢᠯᠡᠭᠦᠯᠦᠯ ᠢ | ᠨᠡᠶᠢᠲᠡᠯᠡᠬᠦ ᠳᠤ᠂ ︽ᠰᠢᠰᠲ᠋ᠧᠮᠵᠢᠭᠦᠯᠦᠨ ᠬᠠᠮᠢᠶᠠᠷᠬᠤ᠂ ᠨᠢᠭᠡᠳᠦᠯᠲᠡᠶ ᠨᠡᠶᠢᠲᠡᠯᠡᠬᠦ᠂ ᠲᠦᠷᠭᠡᠨ ᠳᠠᠮᠵᠢᠭᠤᠯᠬᠤ︾ | ᠵᠠᠷᠴᠢᠮ ᠢ ᠵᠢᠷᠤᠮᠯᠠᠬᠤ ᠬᠡᠷᠡᠭᠲᠡᠶ᠃ ᠬᠢᠷᠠᠭᠤ ᠬᠥᠯᠳᠡᠭᠦᠦ᠂ ᠶᠡᠭᠡ ᠴᠠᠰᠤ᠂ ᠬᠦᠢᠲᠡᠨ ᠤᠷᠤᠰᠬᠠᠯ ᠵᠡᠷᠭᠡ ᠴᠠᠭ | ᠠᠭᠤᠷ ᠤᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠠᠭᠤᠷ ᠤᠨ ᠰᠠᠯᠠᠭ᠎ᠠ ᠮᠥᠴᠢᠷ ᠠᠴᠠ | ᠬᠠᠷᠢᠭᠤᠴᠠᠨ ᠵᠣᠬᠢᠶᠠᠬᠤ ᠶᠢᠨ ᠬᠠᠮᠲᠤ ᠴᠠᠭ ᠲᠤᠬᠠᠶ ᠳᠤᠨᠢ ᠨᠡᠶᠢᠲᠡᠯᠡᠵᠦ᠂ ᠰᠡᠷᠡᠮᠵᠢᠯᠡᠭᠦᠯᠬᠦ ᠵᠡᠷᠭᠡ ᠳᠡᠰ ᠢ | ᠥᠨᠳᠥᠷ ᠠᠴᠠ ᠳᠣᠤᠷ᠎ᠠ ᠬᠦᠷᠲᠡᠯ᠎ᠡ Ⅰ ᠲᠠᠰ᠂ Ⅱ ᠲᠠᠰ᠂ Ⅲ ᠲᠠᠰ᠂ Ⅳ ᠲᠠᠰ ᠬᠤᠪᠢᠶᠠᠵᠤ᠂ ᠲᠠᠰ | ᠬᠤᠪᠢᠶᠠᠬᠤ ᠪᠠᠷᠢᠮᠵᠢᠶ᠎ᠠ ᠶᠢ ᠳᠠᠭᠠᠯᠳᠤᠭᠤᠯᠤᠯ 3 ᠲᠤ ᠦᠵᠡᠵᠦ᠂ ᠪᠤᠰᠤᠳ ᠶᠠᠮᠠᠷᠪᠠ ᠵᠣᠬᠢᠶᠠᠨ ᠪᠠᠶᠢᠭᠤᠯᠤᠯᠲᠠ᠂ | ᠬᠤᠪᠢ ᠬᠥᠮᠦᠨ ᠭᠡᠳ ᠨᠡᠶᠢᠭᠡᠮ ᠳᠤ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠢᠯᠡᠳᠬᠦ | ᠪᠤᠶᠤ ᠨᠡᠶᠢᠲᠡᠯᠡᠵᠦ ᠪᠣᠯᠬᠤ ᠥᠬᠡᠶ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠴᠠᠭ ᠠᠭᠤᠷ ᠤᠨ ᠰᠠᠯᠠᠭ᠎ᠠ | ᠮᠥᠴᠢᠷ ᠤᠨ ᠨᠡᠶᠢᠲᠡᠯᠡᠭᠰᠡᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ᠂ ᠲᠣᠰ ᠠᠵᠢᠯ ᠲᠥᠷᠥᠯ᠂ ᠲᠣᠰ | ᠬᠦᠷᠢᠶᠡᠨ ᠳᠤ ᠲᠤᠯᠭᠠᠷᠠᠵᠤ ᠮᠡᠳᠡᠬᠦ ᠲᠦᠭᠰᠢᠭᠦᠷᠢ ᠶᠢ ᠰᠤᠳᠤᠯᠤᠨ ᠮᠠᠭᠠᠳᠯᠠᠵᠤ᠂ ᠬᠡᠷᠡᠭᠴᠡᠭᠡ ᠪᠠᠨ ᠦᠨᠳᠦᠰᠦᠯᠡᠨ | ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠲᠤᠷᠠᠨ ᠲᠣᠰ ᠠᠵᠢᠯ ᠲᠥᠷᠥᠯ᠂ ᠲᠣᠰ ᠬᠦᠷᠢᠶᠡᠨ ᠳᠠᠬᠢ ᠬᠦᠢᠲᠡᠨ ᠪᠠ | ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠶᠢᠨ ᠬᠠᠮᠲᠤ | ᠲᠣᠰ ᠠᠵᠢᠯ ᠲᠥᠷᠥᠯ ᠤᠨ ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠶᠣᠰᠣᠭᠠᠷ | ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠶᠢ ᠡᠬᠢᠯᠡᠭᠦᠯᠦᠨ᠎ᠡ᠃ | 3.4 ᠰᠡᠷᠡᠮᠵᠢᠯᠡᠬᠦᠯᠬᠦ ᠠᠵᠢᠯᠯᠠᠭ᠎ᠠ | ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ︽ᠬᠤᠶᠠᠷ ᠢ ᠪᠠᠷᠢᠮᠲᠠᠯᠠᠬᠤ᠂ ᠭᠤᠷᠪᠠ ᠶᠢ ᠬᠤᠪᠢᠷᠠᠭᠤᠯᠬᠤ︾ | ᠵᠠᠷᠴᠢᠮ ᠢ ᠴᠢᠩᠭ᠎ᠠ ᠵᠢᠷᠤᠮᠯᠠᠨ᠂ ᠬᠦᠢᠲᠡᠨ ᠪᠠ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ ᠰᠡᠷᠭᠡᠶᠢᠯᠡᠬᠦ ᠶᠢ | ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠢᠶᠠᠨ ᠤ ᠴᠠᠭ ᠠᠭᠤᠷ ᠤᠨ ᠲᠣᠪᠴᠢᠶ᠎ᠠ ᠳᠤ ᠬᠢᠷᠠᠭᠤ ᠬᠥᠯᠳᠡᠭᠡᠬᠦ᠂ | ᠬᠦᠢᠲᠡᠨ ᠤᠷᠤᠰᠬᠠᠯ᠂ ᠶᠡᠭᠡ ᠴᠠᠰᠤ ᠵᠡᠷᠭᠡ ᠭᠠᠮᠰᠢᠭ ᠤᠨ ᠰᠡᠷᠡᠮᠵᠢᠯᠡᠭᠦᠯᠦᠯ ᠢ ᠨᠡᠶᠢᠲᠡᠯᠡᠭᠰᠡᠨ ᠤ ᠳᠠᠷᠠᠭ᠎ᠠ᠂ ᠳᠠᠷᠤᠶ | ᠲᠦᠷᠭᠡᠨ ᠡᠷᠡᠰ ᠰᠢᠭᠤᠷᠬᠠᠶ ᠪᠥᠭᠡᠳ ᠬᠦᠴᠦᠲᠡᠶ ᠠᠵᠢᠯᠯᠠᠭ᠎ᠠ ᠠᠪᠴᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠴᠠᠭ ᠲᠤᠬᠠᠶ ᠳᠤᠨᠢ ᠳᠠᠮᠵᠢᠭᠤᠯᠵᠤ᠂ ᠪᠣᠳᠠᠲᠠᠶ ᠤᠷᠢᠳᠠᠴᠢ ᠡᠩᠨᠡᠭᠡ ᠶᠢᠨ ᠡᠳ᠋ ᠪᠣᠳᠠᠰ ᠢ ᠦᠨᠳᠦᠰᠦᠯᠡᠨ᠂ | ᠡᠭᠦᠰᠴᠦ ᠮᠡᠳᠡᠬᠦ ᠭᠠᠮᠰᠢᠭ ᠲᠤ ᠭᠦᠢᠴᠡᠳ ᠪᠡᠯᠡᠳᠬᠡᠯ ᠬᠢᠬᠦ ᠬᠡᠷᠡᠭᠲᠡᠶ᠃ | 3.4.1 ᠰᠢᠶᠠᠨ ᠤ ᠵᠠᠰᠠᠭ ᠤᠨ ᠣᠷᠳᠣᠨ ᠤ ᠵᠢᠯᠣᠭᠤᠳᠬᠤ ᠪᠠᠶᠢᠭᠤᠯᠤᠮᠵᠢ ᠶᠢᠨ ᠠᠵᠢᠯᠯᠠᠭ᠎ᠠ | ︵1︶ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠬᠤ᠂ ᠲᠠᠷᠢᠶᠠᠯᠠᠩ ᠮᠠᠯ ᠠᠵᠤ ᠠᠬᠤᠶ᠂ ᠵᠠᠮ ᠬᠠᠷᠢᠯᠴᠠᠭ᠎ᠠ | ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ | ᠤᠰᠤᠨ ᠤ ᠶᠠᠪᠤᠳᠠᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠶᠢ ᠵᠣᠬᠢᠶᠠᠨ ᠪᠠᠶᠢᠭᠤᠯᠤᠨ ᠵᠥᠪᠳᠡᠯᠴᠡᠨ | ᠰᠤᠳᠤᠯᠤᠨ ᠮᠠᠭᠠᠳᠯᠠᠬᠤ ᠶᠢ ᠥᠷᠨᠢᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠪᠠ ᠭᠠᠮᠰᠢᠭ ᠤᠨ ᠬᠥᠭᠵᠢᠯᠲᠡ ᠶᠢᠨ | ᠬᠠᠨᠳᠤᠰᠢ ᠶᠢ ᠵᠠᠳᠠᠯᠤᠨ ᠬᠢᠨᠠᠨ ᠬᠡᠮᠵᠢᠵᠦ᠂ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠬᠦ ᠡᠰᠡᠬᠦ ᠶᠢ | ᠲᠣᠭᠲᠠᠭᠠᠵᠤ᠂ ᠬᠤᠯᠪᠣᠭᠳᠠᠯ ᠪᠥᠬᠦᠶ ᠪᠠᠯᠭᠠᠰᠤᠨ ᠤ ᠵᠠᠰᠠᠭ ᠤᠨ ᠣᠷᠳᠣᠨ ᠪᠠ ᠨᠢᠭᠡᠴᠡ ᠶᠢ ᠵᠢᠯᠣᠭᠤᠳᠤᠨ ᠭᠠᠮᠰᠢᠭ ᠢ | ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ | ︵2︶ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠬᠤᠯᠪᠣᠭᠳᠠᠯ ᠪᠥᠬᠦᠶ ᠪᠠᠯᠭᠠᠰᠤᠨ ᠤ ᠵᠠᠰᠠᠭ ᠤᠨ | ᠣᠷᠳᠣᠨ ᠪᠠ ᠰᠠᠯᠠᠭ᠎ᠠ ᠮᠥᠴᠢᠷ ᠨᠢᠭᠡᠴᠡ ᠶᠢ ᠰᠢᠮᠳᠠᠭᠤᠯᠵᠤ ᠪᠠᠶᠢᠭᠠᠳ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠭᠠᠮᠰᠢᠭ ᠢ ᠵᠢᠭᠰᠠᠭᠠᠨ ᠪᠠᠶᠢᠴᠠᠭᠠᠬᠤ ᠪᠠ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠢᠩᠭᠠᠳᠬᠠᠵᠤ᠂ ᠴᠢᠬᠤᠯᠠᠲᠠᠶ | ᠦᠶ᠎ᠡ ᠳᠤ ᠡᠩᠨᠡᠭᠡ ᠪᠠ ᠡᠳ᠋ ᠪᠣᠳᠠᠰ ᠢ ᠤᠷᠢᠳᠴᠢᠯᠠᠨ ᠲᠣᠬᠢᠷᠠᠭᠤᠯᠵᠤ᠂ ᠭᠠᠮᠰᠢᠭ ᠠᠮᠠᠷᠬᠠᠨ ᠡᠭᠦᠰᠬᠦ ᠣᠯᠠᠨ ᠡᠭᠦᠰᠬᠦ | ᠣᠷᠣᠨ ᠳᠤ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠭᠠᠮᠰᠢᠭ ᠢ ᠰᠡᠷᠭᠡᠶᠢᠯᠡᠬᠦ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ︵3︶ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠥᠮᠦᠰ ᠤᠨ ᠭᠠᠮᠰᠢᠭ ᠢ ᠠᠷᠭᠠᠴᠠᠬᠤ | ᠪᠡᠯᠡᠳᠬᠡᠯ ᠢ ᠳᠡᠭᠡᠳᠦ ᠬᠡᠮᠵᠢᠶ᠎ᠡ ᠪᠠᠷ ᠠᠩᠬᠠᠷᠬᠤ ᠶᠢᠨ ᠬᠠᠮᠲᠤ ᠰᠠᠶᠢᠲᠤᠷ ᠬᠢᠵᠦ᠂ ᠬᠤᠯᠪᠣᠭᠳᠠᠯ ᠪᠥᠬᠦᠶ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ᠂ ᠡᠮᠦᠨᠡᠬᠢ ᠬᠤᠭᠤᠴᠠᠭᠠᠨ ᠤ | ᠭᠠᠮᠰᠢᠭᠳᠠᠭᠰᠠᠨ ᠣᠷᠣᠨ ᠪᠦᠰᠡ᠂ ᠨᠠᠰᠤᠲᠠᠨ ᠢ ᠠᠰᠠᠷᠠᠬᠤ ᠬᠦᠷᠢᠶᠡᠯᠡᠩ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ | ᠲᠠᠷᠢᠶᠠᠯᠠᠩ ᠤᠨ ᠲᠠᠷᠢᠮᠠᠯ ᠲᠡᠵᠢᠭᠡᠨ ᠦᠷᠡᠵᠢᠭᠦᠯᠬᠦ ᠲᠠᠯᠠᠪᠤᠷ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ | ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ᠂ ᠭᠠᠮᠰᠢᠭ ᠢ ᠰᠡᠷᠭᠡᠶᠢᠯᠡᠨ ᠠᠷᠭᠠᠴᠠᠬᠤ ᠶᠢ ᠰᠢᠮᠳᠠᠭᠤᠯᠤᠨ | ᠴᠢᠩᠭᠠᠳᠬᠠᠵᠤ᠂ ᠭᠠᠮᠰᠢᠭ ᠤᠨ ᠰᠦᠷᠳᠡᠭᠦᠯᠦᠯ ᠳᠤ ᠤᠴᠠᠷᠠᠭᠰᠠᠨ ᠣᠷᠣᠨ ᠪᠦᠰᠡ ᠶᠢᠨ ᠣᠯᠠᠨ ᠲᠦᠮᠡᠨ ᠢ ᠴᠠᠭ | ᠲᠤᠬᠠᠶ ᠳᠤᠨᠢ ᠵᠣᠬᠢᠶᠠᠨ ᠪᠠᠶᠢᠭᠤᠯᠵᠤ ᠰᠢᠯᠵᠢᠭᠦᠯᠦᠨ ᠵᠠᠶᠢᠯᠠᠭᠤᠯᠤᠨ᠎ᠠ᠃ | ︵4︶ ᠵᠡᠪᠰᠡᠭᠲᠦ ᠬᠦᠴᠦᠨ ᠤ ᠬᠡᠯᠲᠡᠰ᠂ ᠵᠡᠪᠰᠡᠭᠲᠦ ᠴᠠᠭᠳᠠᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ | ᠪᠠ ᠡᠯ᠎ᠡ ᠵᠦᠶᠯ ᠤᠨ ᠲᠤᠰᠬᠠᠶ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ᠂ | ᠨᠡᠶᠢᠭᠡᠮ ᠤᠨ ᠠᠪᠤᠷᠠᠨ ᠲᠤᠰᠠᠯᠠᠬᠤ ᠡᠩᠨᠡᠭᠡ ᠶᠢ ᠵᠣᠬᠢᠴᠠᠭᠤᠯᠵᠤ ᠵᠢᠵᠢᠭᠦᠷ ᠤᠨ ᠪᠡᠯᠡᠳᠬᠡᠯ ᠢ ᠰᠠᠶᠢᠲᠤᠷ ᠬᠢᠵᠦ᠂ | ᠮᠥᠰᠥ ᠴᠠᠰᠤᠨ ᠤ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ᠂ ᠴᠠᠰᠤ ᠠᠷᠢᠯᠭᠠᠬᠤ ᠪᠣᠳᠠᠰ ᠤᠨ ᠮᠠᠲ᠋ᠧᠷᠢᠶᠠᠯ ᠵᠡᠷᠭᠡ | ᠡᠳ᠋ ᠪᠣᠳᠠᠰ ᠢ ᠰᠠᠶᠢᠲᠤᠷ ᠰᠢᠯᠵᠢᠭᠦᠯᠦᠨ ᠴᠤᠭᠯᠠᠭᠤᠯᠵᠤ᠂ ᠬᠤᠯᠪᠣᠭᠳᠠᠯ ᠪᠥᠬᠦᠶ ᠪᠠᠴᠢᠮ ᠪᠠᠶᠢᠳᠠᠯ ᠢ ᠠᠷᠭᠠᠴᠠᠨ | ᠰᠶᠢᠳᠪᠦᠷᠢᠯᠡᠬᠦ ᠪᠠ ᠠᠵᠢᠯᠯᠠᠭᠰᠠᠳ ᠤᠨ ᠵᠢᠵᠢᠭᠦᠷᠯᠡᠨ ᠰᠠᠬᠢᠬᠤ ᠶᠢ ᠪᠠᠲᠤᠯᠠᠵᠤ᠂ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠵᠤ ᠰᠶᠢᠳᠪᠦᠷᠢᠯᠡᠬᠦ ᠳᠤ ᠴᠠᠭ ᠲᠤᠬᠠᠶ ᠳᠤᠨᠢ ᠣᠷᠣᠯᠴᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵5︶ ᠭᠠᠮᠰᠢᠭ ᠢ ᠰᠡᠷᠡᠮᠵᠢᠯᠡᠭᠦᠯᠬᠦ ᠤᠬᠠᠭᠤᠯᠭ᠎ᠠ ᠶᠢ ᠴᠢᠩᠭᠠᠳᠬᠠᠵᠤ᠂ ᠭᠠᠮᠰᠢᠭ ᠢ ᠤᠷᠢᠳᠴᠢᠯᠠᠨ | ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠪᠠ ᠤᠯᠠᠮᠵᠢᠯᠠᠵᠤ᠂ ᠪᠦᠬᠦ | ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠦᠵᠡᠯ ᠤᠬᠠᠮᠰᠠᠷ ᠢ ᠨᠡᠮᠡᠭᠳᠡᠭᠦᠯᠵᠦ᠂ ᠮᠡᠳᠡᠭᠡ | ᠵᠠᠩᠭᠢ ᠶᠢ ᠬᠦᠯᠢᠶᠡᠨ ᠠᠪᠬᠤ᠂ ᠠᠪᠤᠷᠠᠬᠤ ᠠᠷᠭ᠎ᠠ ᠮᠠᠶ᠋ᠢᠭ ᠢ ᠨᠡᠶᠢᠲᠡᠯᠡᠵᠦ᠂ ᠣᠨᠴᠠ ᠲᠣᠭᠲᠠᠭᠰᠠᠨ ᠠᠷᠭ᠎ᠠ | ᠬᠡᠮᠵᠢᠶ᠎ᠡ ᠶᠢ ᠨᠡᠶᠢᠭᠡᠮ ᠳᠤ ᠨᠡᠶᠢᠲᠡᠯᠡᠵᠦ᠂ ᠬᠤᠣᠷ ᠬᠥᠨᠥᠭᠡᠯ ᠢ ᠰᠡᠷᠭᠡᠶᠢᠯᠡᠬᠦ ᠪᠤᠶᠤ ᠪᠠᠭᠠᠰᠬᠠᠬᠤ ᠰᠠᠨᠠᠭᠤᠯᠭ᠎ᠠ ᠪᠠ | ᠢᠳᠬᠠᠯ ᠵᠡᠷᠭᠡ ᠶᠢ ᠪᠠᠭᠠᠰᠬᠠᠬᠤ ᠬᠡᠷᠡᠭᠲᠡᠶ᠃ | ︵6︶ ᠨᠡᠶᠢᠭᠡᠮ ᠤᠨ ᠠᠮᠤᠷ ᠲᠦᠪᠰᠢᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ | ᠬᠠᠮᠠᠭᠠᠯᠠᠬᠤ ᠶᠢ ᠴᠢᠩᠭᠠᠳᠬᠠᠵᠤ᠂ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠤᠰᠤ ᠬᠠᠩᠭᠠᠬᠤ᠂ ᠤᠰᠤ | ᠲᠠᠲᠠᠷᠠᠭᠤᠯᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ ᠵᠡᠷᠭᠡ ᠣᠯᠠᠨ ᠨᠡᠶᠢᠲᠡ ᠶᠢᠨ | ᠪᠡᠯᠡᠳᠬᠡᠮᠵᠢ ᠶᠢᠨ ᠠᠮᠤᠷ ᠲᠦᠪᠰᠢᠨ ᠪᠠ ᠬᠡᠪ ᠤᠨ ᠶᠣᠰᠣᠭᠠᠷ ᠠᠵᠢᠯᠯᠠᠬᠤ ᠶᠢ ᠦᠨᠡᠨᠬᠦ ᠪᠠᠲᠤᠯᠠᠨ᠎ᠠ᠃ | ︵7︶ ᠳᠣᠤᠷ᠎ᠠ ᠳᠤᠯᠠᠭᠠᠨ ᠪᠣᠷᠣᠭᠠᠨ ᠴᠠᠰᠤ ᠮᠥᠰᠥᠳᠥᠯ ᠤᠨ ᠭᠠᠮᠰᠢᠭ ᠢ ᠰᠡᠷᠭᠡᠶᠢᠯᠡᠬᠦ ᠪᠠ ᠪᠠᠴᠢᠮ | ᠪᠠᠶᠢᠳᠠᠯ ᠢ ᠠᠷᠭᠠᠴᠠᠨ ᠰᠶᠢᠳᠪᠦᠷᠢᠯᠡᠬᠦ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠭᠠᠮᠰᠢᠭ ᠢ ᠰᠡᠷᠡᠮᠵᠢᠯᠡᠭᠦᠯᠬᠦ ᠪᠠ | ᠪᠣᠳᠠᠲᠤ ᠪᠠᠶᠢᠳᠠᠯ ᠢ ᠦᠨᠳᠦᠰᠦᠯᠡᠨ᠂ ᠴᠢᠬᠤᠯᠠ ᠲᠠᠢ ᠦᠶ᠎ᠡ ᠳᠤ ᠠᠵᠢᠯᠯᠠᠬᠤ ᠶᠢ ᠨᠢ ᠵᠣᠭᠰᠣᠭᠠᠬᠤ᠂ | ᠰᠤᠷᠤᠯᠭ᠎ᠠ ᠶᠢ ᠨᠢ ᠵᠣᠭᠰᠣᠭᠠᠬᠤ᠂ ᠠᠵᠢᠯ ᠢ ᠨᠢ ᠵᠣᠭᠰᠣᠭᠠᠬᠤ᠂ ᠲᠡᠭᠡᠭᠡᠪᠦᠷᠢ ᠶᠢ ᠨᠢ ᠵᠣᠭᠰᠣᠭᠠᠬᠤ ᠵᠡᠷᠭᠡ ᠵᠠᠷᠯᠢᠭ ᠢ | ᠨᠡᠶᠢᠲᠡᠯᠡᠬᠦ ᠬᠡᠷᠡᠭᠲᠡᠶ᠃ | 3.4.2 ᠬᠤᠯᠪᠤᠠᠠᠳᠡᠯ ᠪᠦᠬᠦᠢ ᠰᠠᠯᠠᠭ᠎ᠠ ᠮᠦᠴᠢᠷ ᠨᠢᠭᠡᠴᠡ ᠶᠢᠨ ᠠᠵᠢᠯᠯᠠᠭ᠎ᠠ | ︵1︶ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ | ᠰᠠᠬᠢᠬᠤ ᠶᠢ ᠴᠢᠩᠭᠠᠳᠬᠠᠵᠤ᠂ ᠮᠡᠳᠡᠭᠡ ᠵᠠᠩᠭᠢ ᠨᠡᠪᠲᠡᠷᠡᠭᠦᠯᠬᠦ ᠶᠢ ᠴᠢᠩᠭᠠᠳᠬᠠᠨ᠂ ᠴᠠᠭ ᠠᠭᠤᠷ ᠤᠨ ᠰᠠᠯᠠᠭ᠎ᠠ | ᠮᠥᠴᠢᠷ ᠤᠳ ᠬᠦᠢᠲᠡᠨ ᠪᠠ ᠪᠣᠷᠣᠭᠠᠨ ᠴᠠᠰᠤ ᠮᠥᠰᠥ ᠲᠠᠢ ᠴᠠᠭ ᠠᠭᠤᠷ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ | ᠴᠠᠭ ᠲᠤᠨᠢ ᠲᠣᠬᠢᠷᠠᠭᠤᠯᠤᠨ ᠤᠷᠢᠳᠴᠢᠯᠠᠨ ᠮᠡᠳᠡᠭᠡᠯᠡᠬᠦ ᠤᠳᠠᠭ᠎ᠠ ᠪᠠᠨ ᠨᠡᠮᠡᠭᠳᠡᠭᠦᠯᠵᠦ᠂ ᠪᠠᠴᠢᠮ ᠪᠠᠶᠢᠳᠠᠯ ᠢ | ᠠᠷᠭᠠᠴᠠᠬᠤ ᠴᠢᠮᠡᠭᠡ ᠬᠤᠯᠪᠣᠭᠠᠨ ᠤ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ | ︵2︶ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠶᠤᠯ ᠭᠠᠮᠰᠢᠭ ᠠᠴᠠ ᠠᠪᠤᠷᠠᠬᠤ | ᠴᠢᠬᠤᠯᠠ ᠡᠳ᠋ ᠪᠣᠳᠠᠰ ᠪᠠ ᠭᠠᠮᠰᠢᠭᠳᠠᠭᠰᠠᠨ ᠣᠷᠣᠨ ᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠦᠨ᠎ᠡ | ᠬᠠᠩᠰᠢ ᠶᠢ ᠲᠣᠬᠢᠷᠠᠭᠤᠯᠤᠨ ᠡᠵᠡᠮᠳᠡᠨ᠎ᠡ︔ ᠬᠤᠯᠪᠣᠭᠳᠠᠯ ᠪᠦᠬᠦᠢ ᠣᠷᠣᠨ ᠪᠦᠰᠡ ᠶᠢᠨ ᠠᠮᠤ ᠪᠤᠳᠠᠭ᠎ᠠ ᠪᠠ ᠡᠳ᠋ | ᠪᠣᠳᠠᠰ ᠨᠥᠭᠡᠴᠡᠯᠡᠬᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠠᠮᠤᠷ ᠲᠦᠪᠰᠢᠨ ᠤ ᠰᠡᠷᠭᠡᠶᠢᠯᠡᠬᠦ ᠠᠷᠭ᠎ᠠ ᠬᠡᠮᠵᠢᠶ᠎ᠡ | ᠠᠪᠴᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠮᠡᠳᠡᠭᠡᠯᠡᠨ᠎ᠡ︔ ᠰᠢᠶᠠᠨ ᠤ ᠲᠤᠰ ᠱᠠᠲᠤᠨ ᠤ | ᠠᠮᠤ ᠪᠤᠳᠠᠭ᠎ᠠ᠂ ᠡᠮ ᠤᠨ ᠵᠦᠢᠯ ᠪᠠ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢ ᠪᠠᠲᠤᠯᠠᠨ᠎ᠠ᠃ | ︵3︶ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠤᠭᠤᠳ ᠵᠠᠮ ᠤᠨ ᠴᠠᠭᠳᠠᠨ ᠪᠠᠶᠢᠴᠠᠭᠠᠬᠤ᠂ ᠠᠮᠤᠷ ᠢ | ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠡᠮᠬᠢ ᠳᠢᠭᠯᠢᠮ ᠪᠣᠯᠤᠨ ᠠᠮᠤᠷ ᠲᠦᠪᠰᠢᠨ ᠤ | ᠡᠮᠬᠢ ᠳᠢᠭᠯᠢᠮ ᠢ ᠬᠠᠮᠠᠭᠠᠯᠠᠨ᠂ ᠴᠠᠭᠳᠠᠭᠠᠨ ᠤ ᠪᠠᠶᠢᠳᠠᠯ ᠤᠨ ᠬᠡᠷᠡᠭ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠤᠨ | ᠰᠶᠢᠳᠪᠦᠷᠢᠯᠡᠭᠰᠡᠨ ᠮᠡᠳᠡᠭᠦᠯᠦᠯᠲᠡ ᠪᠠᠨ ᠴᠢᠩᠭᠠᠳᠬᠠᠵᠤ᠂ ᠪᠠᠶᠢᠳᠠᠯ ᠢ ᠨᠢ ᠦᠵᠡᠵᠦ ᠪᠠᠶᠢᠭᠠᠳ ᠵᠠᠮ ᠬᠠᠷᠢᠯᠴᠠᠭᠠᠨ ᠤ | ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ | ︵4︶ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ︽ᠬᠤᠶᠠᠷ ᠠᠶᠠᠨᠴᠢᠳ ᠤᠨ ᠨᠢᠭᠡ ᠠᠶᠤᠯ | ᠲᠦᠭᠰᠢᠭᠦᠷᠢ︾ ᠲᠡᠷᠭᠡ ᠬᠥᠰᠬᠡ ᠶᠢ ᠵᠢᠯᠣᠭᠤᠳᠤᠨ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠢ ᠰᠠᠶᠢᠲᠤᠷ ᠬᠢᠵᠦ᠂ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠵᠠᠮ ᠳᠤ ᠬᠤᠷᠠᠭᠰᠠᠨ ᠴᠠᠰᠤ ᠶᠢ ᠴᠠᠭ | ᠲᠤᠬᠠᠶ ᠳᠤᠨᠢ ᠴᠡᠪᠡᠷᠯᠡᠨ ᠠᠷᠢᠯᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠵᠢᠯᠴᠠᠨ ᠬᠠᠮᠢᠶᠠᠷᠤᠨ | ᠡᠵᠡᠮᠳᠡᠬᠦ᠂ ᠬᠤᠷᠳᠤᠴᠠ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠵᠠᠮ ᠬᠠᠷᠢᠯᠴᠠᠭᠠᠨ ᠤ ᠲᠡᠷᠭᠡ | ᠬᠥᠰᠬᠡ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃ | ︵5︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ | ᠬᠠᠮᠢᠶ᠎ᠠ ᠪᠥᠬᠦᠶ ᠣᠯᠠᠨ ᠨᠡᠶᠢᠲᠡ ᠶᠢᠨ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠶᠢ ᠵᠢᠯᠣᠭᠤᠳᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠬᠦᠭᠡᠷᠦᠮᠵᠢ᠂ ᠡᠳ᠋ ᠪᠣᠳᠠᠰ᠂ ᠣᠷᠴᠢᠨ ᠲᠣᠭᠤᠷᠢᠨ ᠤ ᠠᠷᠢᠭᠤᠨ ᠴᠡᠪᠡᠷ ᠤᠨ | ᠰᠠᠯᠠᠭ᠎ᠠ ᠮᠥᠴᠢᠷ ᠤᠳ ᠬᠠᠮᠵᠢᠯᠴᠠᠨ ᠰᠢᠶᠠᠨ ᠤ ᠬᠤᠲᠠ ᠶᠢᠨ ᠲᠣᠭᠤᠷᠢᠭ ᠤᠨ ᠵᠠᠮ ᠳᠡᠭᠡᠷ᠎ᠡ ᠬᠤᠷᠠᠭᠰᠠᠨ ᠴᠠᠰᠤ᠂ | ᠮᠥᠰᠥ ᠶᠢ ᠴᠡᠪᠡᠷᠯᠡᠨ ᠠᠷᠢᠯᠭᠠᠬᠤ ᠪᠡᠯᠡᠳᠬᠡᠯ ᠪᠠ ᠴᠠᠭ ᠲᠤᠬᠠᠶ ᠳᠤᠨᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ | ᠪᠠᠷᠢᠯᠭ᠎ᠠ᠂ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ ᠢ ᠲᠦᠷ | ᠴᠠᠭ ᠪᠠᠶᠢᠭᠤᠯᠵᠤ ᠪᠠᠶᠢᠨ᠎ᠠ᠃ ᠭᠡᠷ ᠤᠨ ᠭᠠᠳᠠᠨᠠᠬᠢ ᠣᠯᠠᠨ ᠨᠡᠶᠢᠲᠡ ᠶᠢᠨ ᠵᠠᠷ ᠮᠡᠳᠡᠭᠡ ᠶᠢᠨ ᠫᠠᠶᠢᠰᠠ ᠪᠠ ᠬᠤᠲᠠ ᠶᠢᠨ | ᠨᠣᠭᠤᠭᠠᠷᠠᠭᠤᠯᠤᠯᠲᠠ ᠶᠢᠨ ᠮᠣᠳᠣ ᠵᠡᠷᠭᠡ ᠨᠢ ᠲᠣᠭᠤᠷᠢᠨ ᠪᠠᠶᠢᠴᠠᠭᠠᠬᠤ ᠪᠠᠨ ᠴᠢᠩᠭᠠᠳᠬᠠᠬᠤ ᠶᠢᠨ ᠬᠠᠮᠲᠤ ᠳᠠᠯᠳᠠ | ᠭᠡᠮ ᠢ ᠴᠠᠭ ᠲᠤᠬᠠᠶ ᠳᠤᠨᠢ ᠠᠷᠢᠯᠭᠠᠵᠤ᠂ ᠤᠰᠤ ᠬᠠᠩᠭᠠᠬᠤ᠂ ᠬᠡᠢ ᠬᠠᠩᠭᠠᠬᠤ᠂ ᠳᠤᠯᠠᠭᠠᠯᠠᠭ᠎ᠠ ᠬᠠᠩᠭᠠᠬᠤ ᠵᠡᠷᠭᠡ | ᠪᠡᠯᠡᠳᠬᠡᠮᠵᠢ ᠶᠢ ᠵᠢᠭᠰᠠᠭᠠᠨ ᠪᠠᠶᠢᠴᠠᠭᠠᠬᠤ ᠪᠠ ᠬᠥᠯᠳᠡᠭᠡᠬᠦ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠭᠠᠮᠰᠢᠭ ᠢ | ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠶ᠃ | ︵6︶ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠤᠳ ᠢᠳᠡᠰᠢᠨ ᠨᠣᠭᠤᠭ᠎ᠠ᠂ ᠮᠠᠯ ᠵᠢᠭᠦᠷᠲᠡᠨ | ᠂ ᠤᠰᠤᠨ ᠭᠠᠷᠤᠯᠲᠠ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠦᠢᠲᠡᠨ ᠢ ᠰᠡᠷᠭᠡᠶᠢᠯᠡᠵᠦ ᠬᠥᠯᠳᠡᠬᠦ ᠶᠢ | ᠰᠡᠷᠭᠡᠶᠢᠯᠡᠬᠦ ᠪᠠ ᠬᠡᠲᠦᠷᠡᠮᠡᠬᠡᠢ ᠴᠠᠭ ᠠᠭᠤᠷ ᠢ ᠡᠰᠡᠷᠭᠦᠴᠡᠬᠦ ᠪᠡᠯᠡᠳᠬᠡᠯ ᠢ ᠵᠢᠯᠣᠭᠤᠳᠤᠨ ᠰᠠᠶᠢᠲᠤᠷ ᠬᠢᠵᠦ᠂ ᠤᠰᠤᠨ ᠤ | ᠶᠠᠪᠤᠳᠠᠯ ᠤᠨ ᠰᠠᠯᠠᠭ᠎ᠠ ᠮᠥᠴᠢᠷ ᠤᠳ ᠲᠦᠢᠯ ᠤᠨ ᠴᠠᠭ ᠠᠭᠤᠷ ᠤᠨ ᠨᠥᠯᠥᠭᠡ ᠳᠣᠤᠷᠠᠬᠢ ᠬᠥᠳᠡᠭᠡ ᠲᠣᠰᠬᠤᠨ ᠤ | ᠤᠰᠤ ᠬᠠᠩᠭᠠᠬᠤ ᠪᠠᠲᠤᠯᠠᠭ᠎ᠠ ᠵᠡᠷᠭᠡ ᠠᠵᠢᠯ ᠢ ᠵᠢᠯᠣᠭᠤᠳᠤᠨ ᠵᠣᠬᠢᠴᠠᠭᠤᠯᠵᠤ ᠰᠠᠶᠢᠲᠤᠷ ᠬᠢᠬᠦ ᠬᠡᠷᠡᠭᠲᠡᠶ᠃ | ︵7︶ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠬᠤ᠂ ᠤᠰᠤᠨ ᠤ ᠶᠠᠪᠤᠳᠠᠯ᠂ ᠤᠰᠤᠨ | ᠠᠰᠢᠭᠯᠠᠯᠲᠠ ᠵᠡᠷᠭᠡ ᠰᠠᠯᠠᠭ᠎ᠠ ᠮᠥᠴᠢᠷ ᠤᠳ ᠭᠠᠵᠠᠷ ᠤᠨ ᠭᠠᠶ ᠭᠠᠮᠰᠢᠭ ᠤᠨ ᠳᠠᠯᠳᠠ ᠬᠡᠮ ᠤᠨ ᠴᠡᠭ᠂ ᠦᠯᠡᠳᠡᠭᠳᠡᠯ | ᠠᠭᠤᠷᠬᠠᠶ ᠶᠢᠨ ᠬᠥᠮᠥᠷᠭᠡ᠂ ᠭᠤᠤᠯ ᠪᠣᠯᠬᠤ ᠭᠤᠤᠯ ᠤᠨ ᠵᠠᠮ᠂ ᠳᠤᠮᠳᠠ ᠵᠢᠵᠢᠭ ᠬᠡᠯᠪᠡᠷᠢ ᠶᠢᠨ ᠤᠰᠤᠨ ᠴᠥᠭᠦᠷᠥᠮ | ᠂ ᠬᠥᠳᠡᠭᠡ ᠲᠣᠰᠬᠤᠨ ᠤ ᠤᠰᠤ ᠬᠠᠩᠭᠠᠬᠤ ᠪᠡᠯᠡᠳᠬᠡᠮᠵᠢ ᠵᠡᠷᠭᠡ ᠳᠣᠤᠷ᠎ᠠ ᠳᠤᠯᠠᠭᠠᠨ ᠳᠤ ᠬᠥᠯᠳᠡᠭᠡᠬᠦ ᠶᠢ ᠬᠢᠨᠠᠨ | ᠡᠵᠡᠮᠳᠡᠬᠦ ᠶᠢ ᠴᠢᠩᠭᠠᠳᠬᠠᠵᠤ᠂ ᠪᠠᠷᠢᠯᠭ᠎ᠠ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠨ᠂ | ᠬᠠᠮᠢᠶᠠᠷᠤᠯᠲᠠ ᠶᠢᠨ ᠨᠢᠭᠡᠴᠡ ᠶᠢ ᠵᠢᠯᠣᠭᠤᠳᠤᠨ ᠠᠶᠤᠯ ᠢ ᠲᠣᠭᠤᠷᠢᠨ ᠪᠠᠶᠢᠴᠠᠭᠠᠬᠤ ᠶᠢ ᠥᠷᠨᠢᠭᠦᠯᠵᠦ᠂ ᠭᠠᠮᠰᠢᠭ ᠠᠴᠠ | ᠪᠣᠯᠵᠣ ᠡᠪᠳᠡᠭᠳᠡᠭᠰᠡᠨ ᠪᠠᠷᠢᠯᠭ᠎ᠠ ᠶᠢᠨ ᠪᠡᠯᠡᠳᠬᠡᠮᠵᠢ ᠲᠥᠬᠦᠭᠡᠷᠦᠮᠵᠢ ᠶᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ | ᠱᠠᠯᠠᠪᠳᠠᠨ ᠵᠠᠰᠠᠨ᠎ᠠ᠃ | ︵8 ︶ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ︶᠂ | ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠵᠡᠷᠭᠡ ᠶᠢ ᠵᠢᠯᠣᠭᠤᠳᠤᠨ ᠭᠠᠮᠰᠢᠭ ᠢ | ᠰᠡᠷᠭᠡᠶᠢᠯᠡᠨ ᠭᠠᠮᠰᠢᠭ ᠠᠴᠠ ᠠᠪᠤᠷᠬᠠᠤ ᠪᠡᠯᠡᠳᠬᠡᠯ ᠢ ᠰᠠᠶᠢᠲᠤᠷ ᠬᠢᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ | ᠵᠢᠭᠰᠠᠭᠠᠨ ᠪᠠᠶᠢᠴᠠᠭᠠᠵᠤ᠂ ᠵᠢᠭᠤᠯᠴᠢᠯᠠᠭᠴᠢᠳ ᠤᠨ ᠤᠷᠤᠰᠬᠠᠯ ᠤᠨ ᠬᠡᠮᠵᠢᠶ᠎ᠡ ᠶᠢ ᠳᠣᠭᠢᠷᠠᠭᠤᠯᠤᠨ ᠡᠵᠡᠮᠳᠡᠵᠦ᠂ | ᠰᠦᠷᠳᠡᠭᠦᠯᠭᠡ ᠳᠤ ᠤᠴᠠᠷᠠᠭᠰᠠᠨ ᠵᠢᠭᠤᠯᠴᠢᠯᠠᠭᠴᠢᠳ ᠢ ᠴᠠᠭ ᠲᠤᠬᠠᠶ ᠳᠤᠨᠢ ᠰᠢᠯᠵᠢᠭᠦᠯᠦᠨ ᠲᠠᠷᠬᠠᠭᠠᠵᠤ᠂ | ᠴᠢᠬᠤᠯᠠ ᠲᠠᠢ ᠦᠶ᠎ᠡ ᠳᠤ ᠦᠵᠡᠮᠵᠢ ᠶᠢᠨ ᠣᠷᠣᠨ ᠢ ᠬᠠᠭᠠᠬᠤ ︵ᠴᠡᠭ︶ ᠬᠡᠷᠡᠭᠲᠡᠢ᠃ | ︵9︶ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ᠂ ᠤᠰᠤ ᠬᠠᠩᠭᠠᠬᠤ᠂ ᠰᠢᠲᠠᠮᠠᠬᠠᠢ ᠬᠡᠢ ᠬᠠᠩᠭᠠᠬᠤ᠂ | ᠳᠤᠯᠠᠭᠠᠯᠠᠭ᠎ᠠ ᠬᠠᠩᠭᠠᠬᠤ ᠵᠡᠷᠭᠡ ᠨᠢᠭᠡᠴᠡ ᠴᠠᠭ ᠲᠤᠬᠠᠢ ᠳᠤᠨᠢ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ | ᠪᠠᠶᠢᠴᠠᠭᠠᠬᠤ ᠠᠵᠢᠯ ᠢ ᠥᠷᠨᠢᠭᠦᠯᠵᠦ᠂ ᠪᠡᠯᠡᠳᠬᠡᠮᠵᠢ ᠲᠥᠬᠦᠭᠡᠷᠦᠮᠵᠢ ᠪᠠᠨ ᠪᠠᠶᠢᠴᠠᠭᠠᠨ ᠵᠠᠰᠠᠵᠤ᠂ ᠬᠠᠩᠭᠠᠯᠭ᠎ᠠ ᠶᠢᠨ | ᠠᠵᠢᠯᠯᠠᠭᠠᠨ ᠢ ᠬᠢᠨᠠᠨ ᠡᠵᠡᠮᠳᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠵᠠᠪᠳᠤᠨ ᠵᠠᠰᠠᠬᠤ᠂ ᠪᠠᠴᠢᠮ | ᠪᠠᠶᠢᠳᠠᠯ ᠢ ᠠᠷᠭᠠᠴᠠᠨ ᠬᠠᠩᠭᠠᠯᠭ᠎ᠠ ᠶᠢ ᠪᠠᠲᠤᠯᠠᠬᠤ ᠵᠡᠷᠭᠡ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠳᠣᠣᠷ᠎ᠠ | ᠳᠤᠯᠠᠭᠠᠨ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ | ᠰᠠᠶᠢᠲᠤᠷ ᠬᠢᠬᠦ ᠬᠡᠷᠡᠭᠲᠡᠢ᠃ | ᠪᠤᠰᠤᠳ ᠬᠤᠯᠪᠣᠭᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ ᠤᠳ ᠲᠤᠰ ᠬᠠᠷᠢᠶ᠎ᠠ ᠣᠷᠣᠨ ᠲᠤᠰ ᠠᠵᠢᠯ | ᠲᠥᠷᠥᠯ ᠤᠨ ᠢᠶᠠᠨ ᠨᠥᠯᠥᠭᠡᠯᠡᠵᠦ ᠮᠡᠳᠡᠬᠦ ᠬᠦᠷᠢᠶ᠎ᠡ ᠬᠡᠪᠴᠢᠶ᠎ᠡ᠂ ᠬᠡᠮᠵᠢᠶ᠎ᠡ ᠵᠡᠷᠭᠡ ᠶᠢ ᠴᠠᠭ ᠲᠤᠬᠠᠶ ᠳᠤᠨᠢ ᠵᠣᠬᠢᠶᠠᠨ | ᠪᠠᠶᠢᠭᠤᠯᠤᠨ ᠵᠠᠳᠠᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠳᠠᠮᠵᠢᠭᠤᠯᠵᠤ᠂ ᠬᠤᠯᠪᠣᠭᠳᠠᠯ | ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠠᠶᠢᠷᠢᠯᠠᠭᠤᠯᠬᠤ ᠬᠡᠷᠡᠭᠲᠡᠶ᠃ | ᠭᠠᠮᠰᠢᠭ ᠤᠨ ᠠᠶᠤᠯ ᠲᠦᠭᠰᠢᠭᠦᠷᠢ ᠶᠢ ᠨᠢᠭᠡᠨᠲᠡ ᠬᠦᠴᠦᠨ ᠦᠭᠡᠢ ᠪᠣᠯᠭᠠᠵᠤ᠂ ᠤᠷᠢᠳᠴᠢᠯᠠᠨ ᠰᠡᠷᠡᠮᠵᠢᠯᠡᠭᠦᠯᠵᠦ | ᠨᠡᠶᠢᠲᠡᠯᠡᠬᠦ ᠰᠠᠯᠠᠭ᠎ᠠ ᠮᠥᠴᠢᠷ ᠠᠴᠠ ᠰᠡᠷᠡᠮᠵᠢ ᠶᠢᠨ ᠳᠣᠬᠢᠶ᠎ᠠ ᠶᠢ ᠬᠦᠴᠦᠨ ᠦᠭᠡᠢ ᠪᠣᠯᠭᠠᠬᠤ ᠪᠠᠷ ᠵᠠᠷᠯᠠᠵᠤ᠂ | ᠰᠡᠷᠡᠮᠵᠢᠯᠡᠭᠦᠯᠬᠦ ᠶᠢ ᠵᠣᠭᠰᠤᠭᠠᠬᠤ ᠦᠶ᠎ᠡ ᠳᠤ᠂ ᠬᠤᠯᠪᠣᠭᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ ᠤᠳ ᠠᠮᠤᠷ | ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠭᠰᠠᠨ ᠤᠷᠢᠲᠠᠯ ᠳᠣᠣᠷ᠎ᠠ ᠨᠢᠭᠡᠨᠲᠡ ᠠᠪᠤᠭᠰᠠᠨ ᠬᠤᠯᠪᠣᠭᠳᠠᠯ | ᠪᠦᠬᠦᠢ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠨ᠎ᠠ᠃ | 4. ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | 4.1 ᠮᠡᠳᠡᠭᠡ ᠵᠠᠩᠭᠢ ᠶᠢᠨ ᠮᠡᠳᠡᠭᠦᠯᠦᠯᠲᠡ | ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠳᠥᠯ ᠠᠭᠤᠷ ᠠᠮᠢᠰᠬᠤᠯ ᠠᠴᠠ ᠪᠣᠯᠤᠭᠰᠠᠨ ᠭᠠᠮᠰᠢᠭ ᠪᠤᠶᠤ | ᠭᠡᠨᠡᠳᠲᠡ ᠶᠢᠨ ᠬᠡᠷᠡᠭ ᠤᠨ ᠳᠠᠷᠠᠭ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ᠂ ᠬᠡᠷᠡᠭ ᠭᠠᠷᠤᠭᠰᠠᠨ | ᠭᠠᠵᠠᠷ ᠤᠨ ᠪᠠᠯᠭᠠᠰᠤ ᠭᠠᠮᠰᠢᠭᠳᠠᠭᠰᠠᠨ ᠪᠠᠶᠢᠳᠠᠯ ᠢ ᠳᠠᠷᠤᠶ ᠲᠦᠷᠭᠡᠨ ᠵᠢᠭᠰᠠᠭᠠᠨ ᠪᠠᠶᠢᠴᠠᠭᠠᠵᠤ᠂ ᠣᠶᠢᠯᠠᠭᠠᠵᠤ᠂ | ᠪᠦᠷᠢᠳᠬᠡᠵᠦ᠂ ᠠᠩᠬ᠎ᠠ ᠠᠯᠬᠤᠮ ᠤᠨ ᠭᠠᠮᠰᠢᠭ ᠤᠨ ᠪᠠᠶᠢᠳᠠᠯ ᠢ ᠰᠢᠶᠠᠨ ᠤ ᠵᠠᠰᠠᠭ ᠤᠨ ᠣᠷᠳᠣᠨ ᠪᠠ ᠰᠢᠶᠠᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠢᠵᠢᠭᠦᠷᠯᠡᠬᠦ ᠲᠠᠰᠤᠭ ᠲᠤ ᠮᠡᠳᠡᠭᠦᠯᠵᠦ᠂ | ᠪᠢᠴᠢᠭ ᠤᠨ ᠮᠡᠳᠡᠭᠡ ᠵᠠᠩᠭᠢ ᠶᠢ ᠡᠷᠬᠡᠪᠰᠢ 1 ᠴᠠᠭ ᠤᠨ ᠳᠣᠲᠣᠷ᠎ᠠ ᠳᠡᠭᠡᠭᠰᠢ ᠮᠡᠳᠡᠭᠦᠯᠬᠦ ᠬᠡᠷᠡᠭᠲᠡᠶ᠃ ᠨᠡᠯᠢᠶᠡᠳ ᠶᠡᠭᠡ | ᠵᠢᠴᠢ ᠲᠡᠭᠦᠨ ᠠᠴᠠ ᠳᠡᠭᠡᠭᠰᠢᠬᠢ ᠲᠠᠰ ᠤᠨ ᠭᠠᠮᠰᠢᠭ ᠢ ᠤᠷᠢᠳᠠᠪᠠᠷ ᠳ᠋ᠢᠶᠠᠩᠬᠤᠸᠠ ᠪᠠᠷ ᠮᠡᠳᠡᠭᠦᠯᠵᠦ᠂ ᠳᠠᠷᠠᠭ᠎ᠠ ᠨᠢ | ᠪᠢᠴᠢᠭ ᠢᠶᠠᠷ ᠮᠡᠳᠡᠭᠦᠯᠵᠦ ᠪᠣᠯᠤᠨ᠎ᠠ᠃ | ᠭᠠᠮᠰᠢᠭ ᠤᠨ ᠮᠡᠳᠡᠭᠡ ᠵᠠᠩᠭᠢ ᠶᠢᠨ ᠦᠨᠳᠦᠰᠦᠨ ᠬᠦᠴᠦᠨ ᠵᠦᠢᠯ ᠳᠤ᠄ ᠮᠡᠳᠡᠭᠡ ᠵᠠᠩᠭᠢ ᠶᠢᠨ ᠢᠷᠡᠯᠲᠡ᠂ | ᠭᠠᠷᠤᠭᠰᠠᠨ ᠴᠠᠭ᠂ ᠭᠠᠵᠠᠷ᠂ ᠬᠡᠪᠴᠢᠶ᠎ᠡ᠂ ᠬᠦᠴᠦᠯᠡᠴᠡ᠂ ᠰᠢᠨᠵᠢ ᠴᠢᠨᠠᠷ᠂ ᠰᠢᠯᠭᠠᠨ ᠪᠠᠶᠢᠴᠠᠭᠠᠭᠰᠠᠨ ᠥᠩᠭᠡᠷᠡᠯᠲᠡ | ︵ᠣᠷᠴᠢᠨ ᠲᠣᠭᠤᠷᠢᠨ ᠤ ᠨᠥᠯᠥᠭᠡ ᠪᠠᠭᠲᠠᠨ᠎ᠠ︶᠂ ᠨᠥᠯᠥᠭᠡᠯᠡᠬᠦ ᠬᠡᠪᠴᠢᠶ᠎ᠡ ︵ᠣᠷᠴᠢᠨ ᠲᠣᠭᠤᠷᠢᠨ ᠤ ᠨᠥᠯᠥᠭᠡ | ᠪᠠᠭᠲᠠᠨ᠎ᠠ︶᠂ ᠬᠥᠮᠦᠨ ᠦᠬᠦᠵᠦ ᠰᠢᠷᠬᠠᠲᠤᠬᠤ ᠪᠠ ᠬᠠᠷᠢᠴᠠᠭ᠎ᠠ ᠲᠠᠰᠤᠷᠠᠭᠰᠠᠨ ᠪᠠᠶᠢᠳᠠᠯ᠂ ᠭᠡᠷ ᠪᠠᠶᠢᠰᠢᠩ ᠨᠤᠷᠠᠵᠤ | ᠡᠪᠳᠡᠷᠡᠭᠰᠡᠨ ᠵᠡᠷᠭᠡ ᠠᠵᠤ ᠠᠬᠤᠶ ᠶᠢᠨ ᠬᠤᠬᠢᠷᠠᠯ ᠤᠨ ᠪᠠᠶᠢᠳᠠᠯ᠂ ᠵᠠᠮ ᠬᠠᠷᠢᠯᠴᠠᠭ᠎ᠠ ᠴᠢᠮᠡᠭᠡ ᠬᠤᠯᠪᠣᠭ᠎ᠠ ᠴᠠᠬᠢᠯᠭᠠᠨ | ᠬᠦᠴᠦᠨ ᠵᠡᠷᠭᠡ ᠰᠠᠭᠤᠷᠢ ᠪᠡᠯᠡᠳᠬᠡᠮᠵᠢ ᠶᠢᠨ ᠡᠪᠳᠡᠷᠡᠵᠦ ᠬᠤᠬᠢᠷᠠᠭᠰᠠᠨ ᠪᠠᠶᠢᠳᠠᠯ᠂ ᠲᠤᠬᠠᠶ ᠶᠢᠨ ᠲᠠᠯᠠᠪᠠᠶ ᠳᠤ | ᠠᠪᠤᠷᠠᠨ ᠲᠤᠰᠠᠯᠠᠭᠰᠠᠨ ᠪᠠᠶᠢᠳᠠᠯ ᠪᠣᠯᠤᠨ ᠨᠢᠭᠡᠨᠲᠡ ᠠᠪᠤᠭᠰᠠᠨ ᠪᠤᠰᠤᠳ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃ | ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠶᠢ ᠪᠠᠲᠤᠯᠠᠬᠤ ᠶᠢᠨ ᠲᠤᠰᠠᠳᠠ᠂ ᠮᠡᠳᠡᠭᠦᠯᠦᠨ ᠬᠦᠷᠭᠡᠬᠦ | ᠨᠢᠭᠡᠴᠡ ᠡᠷᠬᠡᠪᠰᠢ ᠮᠡᠳᠡᠭᠡ ᠵᠠᠩᠭᠢ ᠶᠢ ᠠᠩᠬ᠎ᠠ ᠮᠡᠳᠡᠭᠦᠯᠬᠦ᠂ ᠦᠷᠭᠦᠯᠵᠢᠯᠡᠨ ᠮᠡᠳᠡᠭᠦᠯᠬᠦ ᠠᠭᠤᠯᠭ᠎ᠠ ᠶᠢ ᠴᠢᠩᠭ᠎ᠠ | ᠵᠢᠷᠤᠮᠵᠢᠭᠤᠯᠵᠤ᠂ ᠮᠡᠳᠡᠭᠦᠯᠦᠨ ᠬᠦᠷᠭᠡᠬᠦ ᠴᠠᠭ ᠤᠨ ᠬᠢᠵᠠᠭᠠᠷ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ | ᠭᠠᠮᠰᠢᠭ ᠤᠨ ᠮᠡᠳᠡᠭᠡ ᠵᠠᠩᠭᠢ ᠶᠢᠨ ᠬᠥᠳᠡᠯᠦᠩᠭᠦᠶ ᠮᠥᠷᠳᠡᠯᠲᠡ ᠶᠢ ᠰᠠᠶᠢᠲᠤᠷ ᠬᠢᠬᠦ ᠬᠡᠷᠡᠭᠲᠡᠶ᠃ | 4.2 ᠤᠷᠢᠳᠠᠪᠠᠷ ᠰᠢᠢᠳᠪᠦᠷᠢᠯᠡᠬᠦ | ᠭᠠᠮᠰᠢᠭ ᠭᠠᠷᠤᠭᠰᠠᠨ ᠤ ᠳᠠᠷᠠᠭ᠎ᠠ᠂ ᠬᠡᠷᠡᠭ ᠭᠠᠷᠤᠭᠰᠠᠨ ᠭᠠᠵᠠᠷ ᠤᠨ ᠲᠣᠰᠬᠤᠨ ︵ᠨᠡᠶᠢᠭᠡᠮ ᠲᠣᠭᠤᠷᠢᠭ︶ | ᠪᠣᠯᠤᠨ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠳᠠᠷᠤᠶ ᠲᠦᠷᠭᠡᠨ ᠤᠬᠠᠭᠤᠯᠤᠨ ᠳᠠᠶᠢᠴᠢᠯᠠᠵᠤ᠂ ᠣᠯᠠᠨ | ᠲᠦᠮᠡᠨ ᠢ ᠵᠣᠬᠢᠶᠠᠨ ᠪᠠᠶᠢᠭᠤᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠠᠵᠢᠯ ᠢ ᠥᠷᠨᠢᠭᠦᠯᠬᠦ ᠬᠡᠷᠡᠭᠲᠡᠶ᠃ | ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠳᠠᠶᠢᠴᠢᠯᠠᠨ᠂ ᠠᠷᠭ᠎ᠠ ᠬᠡᠮᠵᠢᠶ᠎ᠡ ᠠᠪᠴᠤ | ᠪᠠᠶᠢᠭᠠᠳ ᠬᠡᠷᠡᠭ ᠤᠨ ᠪᠠᠶᠢᠳᠠᠯ ᠤᠨ ᠬᠥᠭᠵᠢᠯᠲᠡ ᠶᠢ ᠬᠢᠵᠠᠭᠠᠷᠯᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠪᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠰᠢᠶᠠᠨ ᠤ ᠵᠠᠰᠠᠭ ᠤᠨ ᠣᠷᠳᠣᠨ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠳᠤ ᠭᠠᠮᠰᠢᠭ ᠤᠨ ᠮᠡᠳᠡᠭᠡ ᠵᠠᠩᠭᠢ ᠶᠢᠨ ᠪᠠᠶᠢᠳᠠᠯ ᠢ ᠮᠡᠳᠡᠭᠦᠯᠬᠦ | ᠬᠡᠷᠡᠭᠲᠡᠶ᠃ | ᠡᠯ᠎ᠡ ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠣᠯᠤᠨ ᠬᠤᠯᠪᠣᠭᠳᠠᠯ ᠪᠥᠬᠦᠶ ᠰᠠᠯᠠᠭ᠎ᠠ | ᠮᠥᠴᠢᠷ ᠨᠢᠭᠡᠴᠡ ᠨᠦᠭᠦᠳ ᠭᠠᠮᠰᠢᠭ ᠤᠨ ᠪᠠᠶᠢᠳᠠᠯ ᠤᠨ ᠪᠣᠳᠠᠲᠠᠶ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ | ᠠᠷᠭᠠᠴᠠᠬᠤ ᠶᠢ ᠡᠬᠢᠯᠡᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠬᠥᠮᠦᠰ ᠢ ᠵᠣᠬᠢᠶᠠᠨ ᠪᠠᠶᠢᠭᠤᠯᠤᠨ | ᠬᠡᠷᠡᠭ ᠭᠠᠷᠤᠭᠰᠠᠨ ᠲᠤᠬᠠᠶ ᠶᠢᠨ ᠲᠠᠯᠠᠪᠤᠷ ᠲᠤ ᠬᠦᠷᠴᠦ ᠠᠶᠤᠯ ᠭᠠᠮᠰᠢᠭ ᠠᠴᠠ ᠠᠪᠤᠷᠠᠬᠤ ᠶᠢ ᠵᠢᠯᠣᠭᠤᠳᠴᠤ᠂ | ᠦᠨᠡᠨ ᠬᠦ ᠴᠢᠬᠤᠯᠠ ᠪᠥᠬᠦᠶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ | ᠵᠠᠮ ᠬᠠᠷᠢᠯᠴᠠᠭ᠎ᠠ ᠲᠡᠭᠡᠭᠡᠪᠦᠷᠢ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ᠂ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ᠂ ᠣᠯᠠᠨ ᠲᠦᠮᠡᠨ ᠤ ᠦᠨᠳᠦᠰᠦᠨ ᠠᠮᠢᠳᠤᠷᠠᠯ ᠵᠡᠷᠭᠡ ᠡᠯ᠎ᠡ ᠲᠠᠯ᠎ᠠ ᠶᠢᠨ ᠠᠵᠢᠯᠯᠠᠭᠠᠨ ᠤ | ᠠᠮᠤᠷ ᠲᠦᠪᠰᠢᠨ ᠢ ᠪᠦᠲᠦᠮᠵᠢᠲᠡᠶ ᠪᠠᠲᠤᠯᠠᠵᠤ᠂ ᠠᠶᠤᠯ ᠭᠠᠮᠰᠢᠭ ᠠᠴᠠ ᠠᠪᠤᠷᠠᠬᠤ ᠶᠢ ᠰᠢᠨᠵᠢᠯᠡᠬᠦ ᠤᠬᠠᠭᠠᠨᠴᠢ᠂ | ᠪᠦᠲᠦᠮᠵᠢᠲᠡᠶ᠂ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠤᠷᠢᠳᠠᠪᠠᠷ ᠰᠢᠢᠳᠪᠦᠷᠢᠯᠡᠭᠡᠳ ᠮᠥᠨ ᠯᠡ ᠡᠵᠡᠮᠳᠡᠵᠦ ᠳᠡᠶᠢᠯᠬᠦ ᠦᠭᠡᠢ ᠭᠠᠮᠰᠢᠭ ᠤᠨ ᠪᠠᠶᠢᠳᠠᠯ᠂ ᠡᠰᠡᠬᠦᠯ᠎ᠡ | ᠨᠡᠯᠢᠶᠡᠳ ᠶᠡᠭᠡ ᠭᠠᠮᠰᠢᠭ ᠤᠨ ᠳᠡᠰ ᠲᠤ ᠬᠦᠷᠦᠭᠰᠡᠨ ᠦᠶ᠎ᠡ ᠳᠤ᠂ ᠬᠡᠷᠡᠭ ᠭᠠᠷᠤᠭᠰᠠᠨ ᠭᠠᠵᠠᠷ ᠤᠨ ᠪᠠᠯᠭᠠᠰᠤᠨ ᠤ | ᠵᠠᠰᠠᠭ ᠤᠨ ᠣᠷᠳᠣᠨ ᠪᠤᠶᠤ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠠᠴᠠ ᠰᠢᠶᠠᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠶᠢᠨ ᠵᠢᠵᠢᠭᠦᠷᠯᠡᠬᠦ | ᠲᠠᠰᠤᠭ ᠲᠤ ᠮᠡᠳᠡᠭᠦᠯᠦᠨ᠎ᠡ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ | ᠳᠠᠷᠠᠭ᠎ᠠ ᠪᠠᠶᠢᠳᠠᠯ ᠢ ᠦᠵᠡᠵᠦ ᠴᠤᠤᠷᠢᠶᠠᠳᠤᠨ ᠳᠠᠭᠠᠬᠤ ᠳᠡᠰ ᠢ ᠳᠡᠭᠡᠭᠰᠢᠯᠡᠭᠦᠯᠬᠦ ᠶᠢᠨ ᠬᠠᠮᠲᠤ ᠳᠡᠭᠡᠳᠦ ᠱᠠᠲᠤᠨ ᠤ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠤ ᠮᠡᠳᠡᠭᠦᠯᠦᠨ᠎ᠡ᠃ | 4.3 ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ | ᠳᠣᠤᠷ᠎ᠠ ᠳᠤᠯᠠᠭᠠᠨ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠳᠤ ᠱᠠᠲᠤ ᠬᠤᠪᠢᠶᠠᠨ ᠳᠠᠭᠠᠬᠤ ᠶᠢ ᠬᠡᠷᠡᠭᠵᠢᠭᠦᠯᠵᠦ᠂ ᠳᠠᠭᠠᠵᠤ ᠬᠢᠬᠦ ᠲᠠᠰ ᠢ ᠥᠨᠳᠥᠷ ᠠᠴᠠ ᠳᠣᠤᠷ᠎ᠠ | ᠬᠦᠷᠲᠡᠯ᠎ᠡ Ⅰ ᠲᠠᠰ᠂ Ⅱ ᠲᠠᠰ᠂ Ⅲ ᠲᠠᠰ᠂ Ⅳ ᠲᠠᠰ ᠭᠡᠵᠦ ᠬᠤᠪᠢᠶᠠᠨ᠎ᠠ᠃ Ⅰ ᠳᠡᠰ᠂ Ⅱ ᠳᠡᠰ ᠤᠨ | ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ ᠬᠤᠲᠠ ᠶᠢᠨ ᠱᠠᠲᠤᠨ ᠠᠴᠠ ᠳᠡᠭᠡᠭᠰᠢᠬᠢ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠵᠣᠬᠢᠶᠠᠨ | ᠪᠠᠶᠢᠭᠤᠯᠤᠨ ᠰᠤᠳᠤᠯᠤᠨ ᠮᠠᠭᠠᠳᠯᠠᠬᠤ ᠶᠢᠨ ᠬᠠᠮᠲᠤ ᠡᠬᠢᠯᠡᠭᠦᠯᠬᠦ ᠪᠠᠷ ᠲᠣᠭᠲᠠᠭᠠᠪᠠ︔ Ⅲ ᠲᠠᠰ ᠤᠨ ᠪᠠᠴᠢᠮ | ᠪᠠᠶᠢᠳᠠᠯ ᠢ ᠠᠷᠭᠠᠴᠠᠬᠤ ᠴᠤᠤᠷᠢᠶᠠᠳᠤᠯ ᠢ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠤᠭᠴᠢ ᠶᠢᠨ ᠵᠣᠬᠢᠶᠠᠨ | ᠪᠠᠶᠢᠭᠤᠯᠤᠯᠲᠠ ᠠᠴᠠ ᠰᠤᠳᠤᠯᠤᠨ ᠮᠠᠭᠠᠳᠯᠠᠬᠤ ᠶᠢᠨ ᠬᠠᠮᠲᠤ ᠡᠬᠢᠯᠡᠭᠦᠯᠦᠨ᠎ᠡ︔ Ⅳ ᠲᠠᠰ ᠤᠨ ᠪᠠᠴᠢᠮ ᠪᠠᠶᠢᠳᠠᠯ ᠢ | ᠠᠷᠭᠠᠴᠠᠬᠤ ᠴᠤᠤᠷᠢᠶᠠᠳᠤᠯ ᠢ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠤᠭᠤᠳᠤᠭᠴᠢ ᠠᠴᠠ ᠵᠣᠬᠢᠶᠠᠨ | ᠪᠠᠶᠢᠭᠤᠯᠵᠤ ᠰᠤᠳᠤᠯᠤᠨ ᠮᠠᠭᠠᠳᠯᠠᠬᠤ ᠶᠢᠨ ᠬᠠᠮᠲᠤ ᠡᠬᠢᠯᠡᠭᠦᠯᠬᠦ ᠪᠠᠷ ᠲᠣᠭᠲᠠᠪᠠ᠃ | 4.3.1 Ⅰ ᠳᠡᠰ ᠤᠨ ᠪᠠᠴᠢᠮ ᠪᠠᠶᠢᠳᠠᠯ ᠢ ᠠᠷᠭᠠᠴᠠᠬᠤ | ᠴᠠᠭ ᠠᠭᠤᠷ ᠤᠨ ᠰᠠᠯᠠᠭ᠎ᠠ ᠮᠥᠴᠢᠷ ᠨᠢᠭᠡᠨᠲᠡ ᠰᠡᠷᠡᠮᠵᠢᠯᠡᠭᠦᠯᠦᠯ ᠨᠡᠶᠢᠲᠡᠯᠡᠭᠰᠡᠨ ᠪᠥᠭᠡᠳ ᠨᠢᠭᠡ ᠤᠳᠠᠭᠠᠨ ᠤ | ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ ᠮᠥᠰᠥᠲᠥᠯ ᠤᠨ ᠶᠠᠪᠤᠴᠠ ᠳᠤ ᠳᠣᠤᠷᠠᠬᠢ ᠪᠠᠶᠢᠳᠠᠯ ᠤᠨ ᠨᠢᠭᠡ ᠨᠢ | ᠪᠠᠶᠢᠪᠠᠯ᠂ ᠬᠦᠨᠳᠦ ᠶᠡᠭᠡ ᠳᠣᠤᠷ᠎ᠠ ᠳᠤᠯᠠᠭᠠᠨ ᠪᠠ ᠪᠣᠷᠣᠭᠠᠨ ᠴᠠᠰᠤ ᠮᠥᠰᠥᠲᠥᠯ ᠤᠨ ᠭᠠᠮᠰᠢᠭ ᠢᠶᠠᠷ ᠦᠵᠡᠵᠦ᠂ | ᠱᠠᠲᠤ ᠳᠠᠷᠠᠭᠠᠯᠠᠨ ᠳᠡᠭᠡᠭᠰᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ | ᠤᠳᠤᠷᠢᠳᠤᠯᠭ᠎ᠠ ᠠᠴᠠ ᠨᠢᠭᠡᠳᠦᠭᠡᠷ ᠳᠡᠰ ᠤᠨ Ⅰ ᠲᠠᠰ ᠤᠨ ᠴᠤᠤᠷᠢᠶᠠᠳᠤᠨ ᠳᠠᠭᠠᠬᠤ ᠶᠢ ᠨᠡᠶᠢᠲᠡᠯᠡᠨ᠎ᠡ᠃ | ︵1︶ ᠭᠠᠮᠰᠢᠭ ᠠᠴᠠ ᠪᠣᠯᠵᠣ ᠬᠦᠨᠳᠦ ᠣᠨᠴᠠ ᠶᠡᠭᠡ ᠵᠠᠮ ᠲᠡᠭᠡᠭᠡᠪᠦᠷᠢ ᠶᠢᠨ ᠠᠳᠡᠯ ᠭᠠᠷᠴᠤ᠂ ᠰᠢᠶᠠᠨ ᠤ | ᠳᠣᠲᠣᠷᠠᠬᠢ ᠤᠯᠤᠰ ᠪᠠ ᠮᠤᠵᠢ ᠶᠢᠨ ᠵᠠᠮ ᠤᠨ ᠵᠠᠮ ᠬᠠᠷᠢᠯᠴᠠᠭ᠎ᠠ ᠬᠠᠷᠰᠢᠯᠠᠭᠳᠠᠵᠤ᠂ ᠲᠡᠷᠭᠡ ᠬᠥᠰᠬᠡ ᠳᠠᠷᠤᠭᠳᠠᠵᠤ | ᠪᠠᠶᠢᠬᠤ ᠪᠥᠭᠡᠳ ᠵᠠᠪᠳᠤᠨ ᠵᠠᠰᠠᠬᠤ᠂ ᠰᠢᠢᠳᠪᠦᠷᠢᠯᠡᠬᠦ ᠴᠠᠭ ᠨᠢ ᠪᠠᠷᠤᠭ 48 ᠴᠠᠭ ᠠᠴᠠ ᠳᠡᠭᠡᠭᠰᠢ ᠪᠠᠶᠢᠪᠠᠯ᠂ | ︵2︶ ᠭᠠᠮᠰᠢᠭ ᠠᠴᠠ ᠪᠣᠯᠵᠤ ᠠᠦ᠋ᠲ᠋ᠣ᠋ ᠵᠠᠮ᠂ ᠲᠡᠮᠦᠷ ᠵᠠᠮ᠂ ᠲᠡᠷᠭᠡᠨ ᠥᠷᠲᠡᠭᠡᠨ ᠳᠤ ᠰᠠᠭᠠᠳᠠᠭᠰᠠᠨ ᠬᠦᠮᠦᠨ | 1000 ᠠᠴᠠ ᠳᠡᠭᠡᠭᠰᠢ 3000 ᠬᠦᠮᠦᠨ ᠲᠠᠢ᠃ | ︵3︶ ᠰᠣᠶᠣᠯ ᠵᠢᠭᠤᠯᠴᠢᠯᠠᠯ ᠵᠡᠷᠭᠡ ᠪᠦᠯᠦᠭᠯᠡᠯ ᠤᠨ ᠴᠢᠨᠠᠷᠲᠠᠶ ᠠᠵᠢᠯᠯᠠᠭ᠎ᠠ ᠨᠢ ᠭᠠᠮᠰᠢᠭ ᠠᠴᠠ ᠪᠣᠯᠵᠣ 48 | ᠴᠠᠭ ᠠᠴᠠ ᠬᠡᠲᠦᠷᠡᠭᠰᠡᠨ ᠪᠤᠶᠤ ᠪᠠᠴᠢᠮ ᠪᠠᠶᠢᠳᠠᠯ ᠢ ᠠᠷᠭᠠᠴᠠᠭᠠᠨ 100 ᠠᠴᠠ ᠳᠡᠭᠡᠭᠰᠢ ᠬᠥᠮᠦᠨ ᠳᠤ ᠰᠢᠯᠵᠢᠭᠦᠯᠦᠨ | ᠲᠥᠪᠬᠢᠨᠡᠭᠦᠯᠪᠡ᠃ ᠭᠠᠮᠰᠢᠭ ᠠᠴᠠ ᠪᠣᠯᠵᠣ ᠵᠢᠵᠢᠭ ᠬᠡᠯᠪᠡᠷᠢ ᠶᠢᠨ ᠭᠠᠵᠠᠷ ᠤᠨ ᠭᠠᠮᠰᠢᠭ ᠪᠣᠯᠤᠭᠰᠠᠨ ᠪᠤᠶᠤ | ᠭᠠᠮᠰᠢᠭ ᠠᠴᠠ ᠪᠣᠯᠵᠣ ᠨᠤᠷᠠᠬᠤ ᠬᠡᠷ ᠪᠠᠶᠢᠰᠢᠩ 500 ᠲᠠᠰᠤᠯᠭ᠎ᠠ ᠠᠴᠠ ᠳᠡᠭᠡᠭᠰᠢ ᠪᠣᠯᠤᠭᠰᠠᠨ ᠪᠠᠶᠢᠨ᠎ᠠ᠃ | ︵4︶ ᠪᠤᠰᠤᠳ ᠬᠦᠷᠢᠶ᠎ᠡ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠳᠤ ᠭᠠᠷᠤᠭᠰᠠᠨ ᠬᠦᠢᠲᠡᠨ ᠪᠠ | ᠪᠣᠷᠣᠭᠠᠨ ᠴᠠᠰᠤ ᠮᠥᠰᠥᠳᠥᠯ ᠤᠨ ᠭᠠᠮᠰᠢᠭ ᠨᠢ 10 - 30 ᠬᠥᠮᠦᠨ ᠦᠬᠦᠵᠡᠶ᠃ | ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠶᠡᠷᠦᠩᠬᠡᠶ | ᠵᠢᠯᠤᠭᠤᠳᠤᠭᠴᠢ ᠳᠡᠭᠡᠳᠦ ᠱᠠᠲᠤᠨ ᠤ ᠵᠠᠰᠠᠭ ᠤᠨ ᠣᠷᠳᠣᠨ ᠪᠤᠶᠤ ᠳᠡᠭᠡᠳᠦ ᠱᠠᠲᠤᠨ ᠤ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠱᠠᠭᠠᠷᠳᠠᠯᠭ᠎ᠠ ᠶᠣᠰᠣᠭᠠᠷ ᠪᠣᠳᠠᠲᠠᠶ ᠠᠵᠢᠯᠯᠠᠭ᠎ᠠ ᠬᠢᠵᠦ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠵᠢᠯᠯᠠᠭ᠎ᠠ ᠶᠢ ᠳᠠᠭᠠᠵᠤ ᠪᠣᠯᠤᠨ᠎ᠠ᠃ | ︵1︶ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ | ᠭᠠᠮᠰᠢᠭᠳᠠᠭᠰᠠᠨ ᠪᠠᠯᠭᠠᠰᠤ᠂ ᠪᠦᠷᠢᠯᠳᠦᠬᠦᠨ ᠨᠢᠭᠡᠴᠡ ᠶᠢ ᠴᠤᠭᠯᠠᠭᠤᠯᠤᠨ ᠲᠣᠬᠢᠷᠠᠭᠤᠯᠤᠯᠲᠠ ᠬᠢᠵᠦ ᠵᠥᠪᠳᠡᠯᠴᠡᠬᠦ | ᠪᠠᠴᠢᠮ ᠬᠤᠷᠠᠯ ᠬᠤᠷᠠᠯᠳᠤᠭᠤᠯᠵᠤ᠂ ᠭᠠᠮᠰᠢᠭ ᠤᠨ ᠪᠠᠶᠢᠳᠠᠯ ᠢ ᠡᠵᠡᠮᠰᠢᠵᠦ᠂ ᠭᠠᠮᠰᠢᠭ ᠤᠨ ᠬᠥᠭᠵᠢᠯᠲᠡ ᠶᠢᠨ | ᠬᠠᠨᠳᠤᠰᠢ ᠶᠢ ᠰᠤᠳᠤᠯᠤᠨ ᠮᠠᠭᠠᠳᠯᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦᠡᠭᠦᠷᠭᠡ ᠶᠢ ᠪᠠᠶᠢᠷᠢᠯᠠᠭᠤᠯᠪᠠ᠃ | ︵2︶ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠤᠭᠤᠶᠢᠯᠠᠩ ᠢ ᠡᠬᠢᠯᠡᠭᠦᠯᠵᠦ᠂ ᠬᠤᠯᠪᠣᠭᠳᠠᠯ ᠪᠦᠬᠦᠢ | ᠪᠦᠷᠢᠯᠳᠦᠬᠦᠨ ᠨᠢᠭᠡᠴᠡ ᠲᠦᠷᠭᠡᠨ ᠪᠥᠭᠡᠳ ᠪᠣᠳᠠᠲᠠᠶᠢᠵᠢᠭᠤᠯᠵᠤ᠂ ᠰᠢᠶᠠᠨ ᠤ ᠵᠠᠰᠠᠭ ᠤᠨ ᠣᠷᠳᠣᠨ ᠪᠤᠶᠤ ᠰᠢᠶᠠᠨ ᠤ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠲᠤ ᠲᠥᠪᠯᠡᠷᠡᠭᠦᠯᠦᠨ ᠠᠵᠢᠯᠯᠠᠨ᠎ᠠ᠃ | ︵3︶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠠᠴᠢᠮ ᠮᠡᠳᠡᠭᠳᠡᠯ ᠢ ᠨᠡᠶᠢᠲᠡᠯᠡᠵᠦ᠂ᠵᠠᠷᠯᠢᠭ ᠢ ᠬᠠᠭᠠᠵᠤ᠂ | ᠵᠠᠷᠯᠢᠭ ᠢᠶᠠᠷ ᠬᠤᠯᠪᠣᠭᠳᠠᠯ ᠪᠥᠬᠦᠶ ᠠᠵᠢᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠭᠡᠭᠰᠢ ᠳᠠᠮᠵᠢᠭᠤᠯᠬᠤ ᠶᠢᠨ | ᠬᠠᠮᠲᠤ ᠬᠤᠯᠪᠣᠭ᠎ᠠ ᠠᠪᠴᠤ ᠰᠠᠭᠠᠳ ᠥᠬᠡᠶ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠶ᠃ | ︵4︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ | ᠲᠤᠬᠠᠶ ᠶᠢᠨ ᠲᠠᠯᠠᠪᠠᠶ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠨᠢᠭᠡ ᠪᠤᠶᠤ ᠣᠯᠠᠨ ᠠᠵᠢᠯᠯᠠᠬᠤ | ᠳᠤᠭᠤᠶᠢᠯᠠᠩ ᠪᠠᠶᠢᠭᠤᠯᠵᠤ᠂ ᠭᠠᠮᠰᠢᠭᠳᠠᠭᠰᠠᠨ ᠬᠦᠨᠳᠦ ᠨᠣᠴᠢᠲᠠᠶ ᠣᠷᠣᠨ ᠪᠦᠰᠡ ᠳᠤ ᠬᠦᠷᠴᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠲᠤᠬᠠᠶ ᠶᠢᠨ ᠭᠠᠵᠠᠷ ᠲᠤᠨᠢ ᠵᠢᠯᠣᠭᠤᠳᠤᠨ ᠵᠣᠬᠢᠴᠠᠭᠤᠯᠵᠤ᠂ ᠲᠤᠬᠠᠶ ᠶᠢᠨ | ᠭᠠᠵᠠᠷ ᠤᠨ ᠪᠣᠳᠠᠲᠠᠶ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵5︶ ᠬᠢᠨᠠᠨ ᠬᠡᠮᠵᠢᠬᠦ ᠪᠠ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ ᠶᠢ ᠴᠢᠩᠭᠠᠳᠬᠠᠵᠤ | ᠂ ᠡᠳᠦᠷ ᠪᠦᠷᠢ ᠶᠢᠨ 7 ᠴᠠᠭ᠂ 16 ᠴᠠᠭ ᠲᠤ᠂ ᠰᠢᠶᠠᠨ ᠤ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ | ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ | ᠤᠷᠢᠳᠴᠢᠯᠠᠨ ᠰᠡᠷᠡᠮᠵᠢᠯᠡᠭᠦᠯᠬᠦ᠂ ᠭᠠᠮᠰᠢᠭ ᠤᠨ ᠪᠠᠶᠢᠳᠠᠯ ᠤᠨ ᠬᠤᠬᠢᠷᠠᠯ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠵᠡᠷᠭᠡ ᠪᠠᠶᠢᠳᠠᠯ ᠢ ᠮᠡᠳᠡᠭᠦᠯᠵᠦ᠂ ᠭᠡᠨᠡᠳᠲᠡ ᠶᠢᠨ ᠭᠠᠮᠰᠢᠭ ᠤᠨ ᠪᠠᠶᠢᠳᠠᠯ᠂ ᠲᠦᠭᠰᠢᠭᠦᠷᠢᠲᠦ ᠪᠠᠶᠢᠳᠠᠯ ᠢ | ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ︵6︶ ᠬᠡᠷᠡᠭ ᠭᠠᠷᠤᠭᠰᠠᠨ ᠭᠠᠵᠠᠷ ᠤᠨ ᠭᠤᠶᠤᠴᠢᠯᠠᠯ ᠪᠠ ᠠᠶᠤᠯ ᠭᠠᠮᠰᠢᠭ ᠠᠴᠠ ᠠᠪᠤᠷᠠᠬᠤ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ ᠰᠢᠶᠠᠨ ᠤ ᠱᠠᠲᠤᠨ ᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ᠂ ᠡᠳ᠋ | ᠪᠣᠳᠠᠰ᠂ ᠡᠩᠨᠡᠭᠡ᠂ ᠲᠤᠰᠬᠠᠶ ᠮᠡᠷᠭᠡᠵᠢᠯᠲᠡᠨ ᠵᠡᠷᠭᠡ ᠶᠢ ᠲᠣᠬᠢᠷᠠᠭᠤᠯᠤᠨ ᠲᠤᠬᠠᠶ ᠶᠢᠨ ᠲᠠᠯᠠᠪᠤᠷ ᠲᠤ ᠣᠴᠢᠭᠤᠯᠤᠨ | ᠠᠶᠤᠯ ᠠᠴᠠ ᠠᠪᠤᠷᠠᠵᠤ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠵᠣᠬᠢᠴᠠᠭᠤᠯᠤᠨ᠂ | ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠪᠡᠯᠡᠳᠬᠡᠯ ᠢ ᠰᠠᠶᠢᠲᠤᠷ ᠬᠢᠵᠦ᠂ ᠵᠡᠪᠰᠡᠭᠲᠦ ᠴᠠᠭᠳᠠᠭ᠎ᠠ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ | ᠨᠡᠶᠢᠭᠡᠮ ᠤᠨ ᠠᠪᠤᠷᠠᠨ ᠲᠤᠰᠠᠯᠠᠬᠤ ᠡᠩᠨᠡᠭᠡ ᠲᠠᠢ ᠬᠠᠷᠢᠯᠴᠠᠵᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ | ︵7︶ ᠡᠳᠦᠷ ᠪᠦᠷᠢ ᠶᠢᠨ 7 ᠴᠠᠭ᠂ 16 ᠴᠠᠭ ᠲᠤ᠂ ᠡᠯ᠎ᠡ ᠭᠠᠮᠰᠢᠭ ᠭᠠᠷᠤᠭᠰᠠᠨ ᠭᠠᠵᠠᠷ ᠪᠠᠯᠭᠠᠰᠤᠨ ᠤ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠬᠢᠴᠠ ᠪᠠ ᠠᠵᠢᠯ ᠤᠨ ᠬᠥᠳᠡᠯᠦᠯ ᠪᠠᠶᠢᠳᠠᠯ ᠢ ᠴᠤᠭᠯᠠᠭᠤᠯᠵᠤ᠂ | ᠭᠡᠨᠡᠳᠲᠡ ᠶᠢᠨ ᠭᠠᠮᠰᠢᠭ ᠤᠨ ᠪᠠᠶᠢᠳᠠᠯ᠂ ᠲᠦᠭᠰᠢᠭᠦᠷᠢᠲᠦ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ︵8︶ ᠮᠡᠳᠡᠭᠡ ᠵᠠᠩᠭᠢ ᠨᠡᠶᠢᠲᠡᠯᠡᠬᠦ ᠨᠢᠭᠡᠳᠦᠯᠲᠡᠶ ᠲᠠᠪᠴᠠᠩ ᠢ ᠪᠠᠶᠢᠭᠤᠯᠵᠤ᠂ ᠵᠠᠭᠤᠴᠢᠯᠠᠭᠤᠷ ᠢ ᠵᠣᠬᠢᠶᠠᠨ | ᠪᠠᠶᠢᠭᠤᠯᠤᠨ ᠵᠣᠬᠢᠴᠠᠭᠤᠯᠵᠤ ᠪᠠᠶᠢᠭᠠᠳ ᠭᠠᠮᠰᠢᠭ ᠤᠨ ᠲᠤᠬᠠᠶ ᠶᠢᠨ ᠭᠠᠵᠠᠷ ᠪᠣᠯᠤᠨ ᠠᠶᠤᠯ ᠭᠠᠮᠰᠢᠭ ᠠᠴᠠ ᠠᠪᠤᠷᠠᠬᠤ | ᠰᠣᠨᠢᠨ ᠮᠡᠳᠡᠭᠡᠯᠡᠯ ᠢ ᠰᠠᠶᠢᠲᠤᠷ ᠬᠢᠵᠦ᠂ ᠨᠡᠶᠢᠭᠡᠮ ᠨᠡᠶᠢᠲᠡ ᠶᠢᠨ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠶᠢ | ᠴᠢᠩᠭᠠᠳᠬᠠᠬᠤ ᠬᠡᠷᠡᠭᠲᠡᠶ᠃ | ︵9︶ ᠭᠠᠮᠰᠢᠭ ᠠᠴᠠ ᠠᠪᠤᠷᠠᠨ ᠲᠤᠰᠠᠯᠠᠬᠤ ᠪᠡᠯᠡ ᠮᠥᠩᠭᠦ᠂ ᠡᠳ᠋ ᠪᠣᠳᠠᠰ ᠢ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠭᠠᠮᠰᠢᠭ ᠤᠨ ᠪᠠᠶᠢᠳᠠᠯ ᠢ ᠪᠦᠷᠢᠳᠬᠡᠨ ᠦᠨᠡᠯᠡᠨ ᠵᠢᠱᠢᠬᠦ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ᠂ | ᠭᠠᠮᠰᠢᠭ ᠤᠨ ᠳᠠᠷᠠᠭ᠎ᠠ ᠲᠠᠬᠢᠨ ᠪᠠᠶᠢᠭᠤᠯᠬᠤ ᠵᠡᠷᠭᠡ ᠠᠵᠢᠯ ᠤᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ | 4.3.2 Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ | ᠴᠠᠭ ᠠᠭᠤᠷ ᠤᠨ ᠰᠠᠯᠠᠭ᠎ᠠ ᠮᠥᠴᠢᠷ ᠨᠢᠭᠡᠨᠲᠡ ᠤᠷᠢᠳᠴᠢᠯᠠᠨ ᠰᠡᠷᠡᠮᠵᠢᠯᠡᠭᠦᠯᠦᠯ ᠨᠡᠶᠢᠲᠡᠯᠡᠭᠰᠡᠨ ᠪᠥᠭᠡᠳ ᠨᠢᠭᠡ | ᠤᠳᠠᠭᠠᠨ ᠤ ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ ᠮᠥᠰᠥᠲᠦᠯᠭᠡ ᠶᠢᠨ ᠶᠠᠪᠤᠴᠠ ᠳᠤ ᠳᠣᠤᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠨᠡᠯᠢᠶᠡᠳ ᠶᠡᠭᠡ ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ | ᠮᠥᠰᠥᠲᠦᠯᠭᠡ ᠶᠢᠨ ᠭᠠᠮᠰᠢᠭ ᠢᠶᠠᠷ ᠦᠵᠡᠵᠦ᠂ ᠰᠢᠶᠠᠨ ᠤ ᠵᠠᠰᠠᠭ ᠤᠨ ᠣᠷᠳᠣᠨ ᠠᠴᠠ ᠬᠤᠲᠠ ᠶᠢᠨ ᠵᠠᠰᠠᠭ ᠤᠨ | ᠣᠷᠳᠣᠨ ᠳᠤ Ⅱ ᠲᠠᠰ ᠤᠨ ᠳᠠᠭᠠᠬᠤ ᠶᠢ ᠡᠬᠢᠯᠡᠭᠦᠯᠬᠦ ᠰᠠᠨᠠᠭᠤᠯᠭ᠎ᠠ ᠳᠤᠷᠠᠳᠴᠤ᠂ ᠪᠤᠭᠤᠲᠤ ᠬᠤᠲᠠ ᠶᠢᠨ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ | ᠬᠤᠲᠠ ᠶᠢᠨ ᠳᠠᠷᠤᠭ᠎ᠠ ᠠᠴᠠ Ⅱ ᠲᠠᠰ ᠤᠨ ᠳᠠᠭᠠᠬᠤ ᠶᠢ ᠡᠬᠢᠯᠡᠭᠦᠯᠬᠦ ᠶᠢ ᠨᠡᠶᠢᠲᠡᠯᠡᠪᠡ᠃ | ︵1︶ ᠭᠠᠮᠰᠢᠭ ᠨᠢ ᠬᠦᠨᠳᠦ ᠶᠡᠭᠡ ᠵᠠᠮ ᠲᠡᠭᠡᠭᠡᠪᠦᠷᠢ ᠶᠢᠨ ᠠᠳᠡᠯ ᠭᠠᠷᠴᠤ᠂ ᠰᠢᠶᠠᠨ ᠤ ᠳᠣᠲᠣᠷᠠᠬᠢ | ᠤᠯᠤᠰ ᠤᠨ ᠪᠠ ᠮᠤᠵᠢ ᠶᠢᠨ ᠵᠠᠮ ᠤᠨ ᠵᠠᠮ ᠬᠠᠷᠢᠯᠴᠠᠭ᠎ᠠ ᠬᠠᠷᠰᠢᠯᠠᠭᠳᠠᠵᠤ᠂ ᠲᠡᠷᠭᠡ ᠬᠥᠰᠬᠡ ᠳᠠᠷᠤᠭᠳᠠᠵᠤ ᠪᠠᠶᠢᠬᠤ | ᠮᠥᠷᠲᠡᠭᠡᠨ ᠵᠠᠪᠳᠤᠨ ᠵᠠᠰᠠᠬᠤ᠂ ᠰᠢᠢᠳᠪᠦᠷᠢᠯᠡᠬᠦ ᠴᠠᠭ ᠨᠢ ᠪᠠᠷᠤᠭ 24 ᠴᠠᠭ ᠠᠴᠠ ᠳᠡᠭᠡᠭᠰᠢ ᠪᠠᠶᠢᠬᠤ ᠬᠡᠷᠡᠭᠲᠡᠶ᠃ | ︵2︶ ᠭᠠᠮᠰᠢᠭ ᠠᠴᠠ ᠪᠣᠯᠵᠤ ᠠᠦ᠋ᠲ᠋ᠣ᠋ ᠵᠠᠮ᠂ ᠲᠡᠮᠦᠷ ᠵᠠᠮ᠂ ᠲᠡᠷᠭᠡᠨ ᠥᠷᠲᠡᠭᠡᠨ ᠳᠤ 500 ᠬᠦᠮᠦᠨ ᠠᠴᠠ | ᠳᠡᠭᠡᠭᠰᠢ 1000 ᠬᠦᠮᠦᠨ ᠠᠴᠠ ᠳᠣᠭᠤᠭᠰᠢ᠃ | ︵3︶ ᠰᠣᠶᠣᠯ ᠵᠢᠭᠤᠯᠴᠢᠯᠠᠯ ᠵᠡᠷᠭᠡ ᠪᠦᠯᠦᠭᠯᠡᠯ ᠤᠨ ᠴᠢᠨᠠᠷᠲᠠᠶ ᠠᠵᠢᠯᠯᠠᠭ᠎ᠠ ᠨᠢ ᠭᠠᠮᠰᠢᠭ ᠠᠴᠠ ᠪᠣᠯᠵᠣ 24 | ᠴᠠᠭ ᠠᠴᠠ ᠬᠡᠲᠦᠷᠡᠭᠰᠡᠨ ᠪᠤᠶᠤ ᠪᠠᠴᠢᠮ ᠪᠠᠶᠢᠳᠠᠯ ᠢ ᠠᠷᠭᠠᠴᠠᠭᠠᠨ 30 ᠬᠥᠮᠦᠨ ᠠᠴᠠ ᠳᠡᠭᠡᠭᠰᠢ 100 ᠬᠥᠮᠦᠨ ᠠᠴᠠ | ᠳᠣᠷᠣᠭᠰᠢ ᠰᠢᠯᠵᠢᠭᠦᠯᠦᠨ ᠲᠥᠪᠬᠢᠨᠡᠭᠦᠯᠪᠡ᠃ ᠭᠠᠢ ᠭᠠᠮᠰᠢᠭ ᠠᠴᠠ ᠪᠣᠯᠵᠤ ᠭᠠᠵᠠᠷ ᠤᠨ ᠭᠠᠮᠰᠢᠭ ᠪᠣᠯᠣᠭᠰᠠᠨ ᠪᠤᠶᠤ | ᠭᠠᠮᠰᠢᠭ ᠠᠴᠠ ᠪᠣᠯᠵᠤ ᠨᠤᠷᠠᠭᠰᠠᠨ ᠭᠡᠷ ᠪᠠᠶᠢᠰᠢᠩ 100 ᠠᠴᠠ ᠳᠡᠭᠡᠭᠰᠢ᠂ 500 ᠲᠠᠰᠤᠯᠭ᠎ᠠ ᠠᠴᠠ ᠳᠣᠷᠣᠭᠰᠢ | ᠪᠣᠯᠤᠭᠰᠠᠨ᠃ | ︵4︶ ᠪᠤᠰᠤᠳ ᠬᠦᠷᠢᠶ᠎ᠡ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠳᠤ ᠭᠠᠷᠤᠭᠰᠠᠨ ᠬᠦᠢᠲᠡᠨ ᠪᠠ | ᠪᠣᠷᠣᠭᠠᠨ ᠴᠠᠰᠤ ᠮᠥᠰᠥᠳᠥᠯ ᠤᠨ ᠭᠠᠮᠰᠢᠭ ᠲᠤ 3 - 9 ᠬᠥᠮᠦᠨ ᠦᠬᠦᠵᠡᠶ᠃ | ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠶᠡᠷᠦᠩᠬᠡᠶ | ᠵᠢᠯᠣᠭᠤᠳᠣᠭᠴᠢ ᠪᠤᠭᠤᠲᠤ ᠬᠤᠲᠠ ᠶᠢᠨ ᠵᠠᠰᠠᠭ ᠤᠨ ᠣᠷᠳᠣᠨ ᠪᠤᠶᠤ ᠪᠤᠭᠤᠲᠤ ᠬᠤᠲᠠ ᠶᠢᠨ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠱᠠᠭᠠᠷᠳᠠᠯᠭ᠎ᠠ ᠶᠣᠰᠣᠭᠠᠷ ᠪᠣᠳᠠᠲᠠᠶ ᠠᠵᠢᠯᠯᠠᠭ᠎ᠠ | ᠠᠪᠴᠤ ᠪᠣᠯᠤᠨ᠎ᠠ᠃ | ︵1︶ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ | ᠭᠠᠮᠰᠢᠭᠳᠠᠭᠰᠠᠨ ᠪᠠᠯᠭᠠᠰᠤ᠂ ᠪᠦᠷᠢᠯᠳᠦᠬᠦᠨ ᠨᠢᠭᠡᠴᠡ ᠶᠢ ᠴᠤᠭᠯᠠᠭᠤᠯᠤᠨ ᠲᠣᠬᠢᠷᠠᠭᠤᠯᠤᠯᠲᠠ ᠬᠢᠵᠦ ᠵᠥᠪᠳᠡᠯᠴᠡᠬᠦ | ᠪᠠᠴᠢᠮ ᠬᠤᠷᠠᠯ ᠬᠤᠷᠠᠯᠳᠤᠭᠤᠯᠵᠤ᠂ ᠭᠠᠮᠰᠢᠭ ᠤᠨ ᠪᠠᠶᠢᠳᠠᠯ ᠢ ᠡᠵᠡᠮᠰᠢᠵᠦ᠂ ᠭᠠᠮᠰᠢᠭ ᠤᠨ ᠬᠥᠭᠵᠢᠯᠲᠡ ᠶᠢᠨ | ᠬᠠᠨᠳᠤᠰᠢ ᠶᠢ ᠰᠤᠳᠤᠯᠤᠨ ᠮᠠᠭᠠᠳᠯᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠭᠦᠷᠭᠡ ᠶᠢ ᠪᠠᠶᠢᠷᠢᠯᠠᠭᠤᠯᠪᠠ | ᠃ ᠪᠣᠳᠠᠲᠤ ᠪᠠᠶᠢᠳᠠᠯ ᠢᠶᠠᠨ ᠦᠵᠡᠵᠦ ᠪᠠᠶᠢᠭᠠᠳ ᠪᠤᠭᠤ ᠳᠤ ᠬᠤᠲᠠ ᠶᠢᠨ ᠵᠠᠰᠠᠭ ᠤᠨ ᠣᠷᠳᠣᠨ ᠳᠤ ᠲᠤᠰᠠᠯᠠᠮᠵᠢ | ᠭᠤᠶᠤᠬᠤ ᠬᠡᠷᠡᠭᠲᠡᠢ᠃ | ︵2︶ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠤᠰᠬᠠᠶ ᠠᠩᠭᠢ ᠶᠢ ᠡᠬᠢᠯᠡᠭᠦᠯᠵᠦ᠂ ᠬᠤᠯᠪᠣᠭᠳᠠᠯ ᠪᠥᠬᠦᠶ | ᠪᠦᠷᠢᠯᠳᠦᠬᠦᠨ ᠨᠢᠭᠡᠴᠡ ᠲᠦᠷᠭᠡᠨ ᠪᠣᠳᠠᠲᠠᠶᠢᠵᠢᠭᠤᠯᠵᠤ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠲᠥᠪ ᠲᠤ ᠲᠥᠪᠯᠡᠷᠡᠭᠦᠯᠦᠨ ᠠᠵᠢᠯᠯᠠᠨ᠎ᠠ᠃ | ︵3︶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠠᠴᠢᠮ ᠮᠡᠳᠡᠭᠳᠡᠯ ᠢ ᠨᠡᠶᠢᠲᠡᠯᠡᠵᠦ᠂ ᠬᠤᠯᠪᠣᠭᠳᠠᠯ ᠪᠦᠬᠦᠢ ᠵᠠᠷᠯᠢᠭ᠂ | ᠵᠠᠷᠯᠢᠭ ᠢ ᠨᠡᠶᠢᠲᠡᠯᠡᠨ᠂ ᠬᠤᠯᠪᠣᠭᠳᠠᠯ ᠪᠦᠬᠦᠢ ᠠᠵᠢᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠭᠡᠭᠰᠢ | ᠳᠠᠮᠵᠢᠭᠤᠯᠤᠨ ᠪᠠᠭᠤᠯᠭᠠᠬᠤ ᠶᠢᠨ ᠬᠠᠮᠲᠤ ᠬᠤᠯᠪᠣᠭ᠎ᠠ ᠠᠪᠴᠤ ᠰᠠᠭᠠᠳ ᠦᠭᠡᠶ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠶ | ᠃ ︵4︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ | ᠲᠤᠬᠠᠶ ᠶᠢᠨ ᠲᠠᠯᠠᠪᠠᠶ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠨᠢᠭᠡ ᠪᠤᠶᠤ ᠣᠯᠠᠨ ᠠᠵᠢᠯᠯᠠᠬᠤ | ᠳᠤᠭᠤᠶᠢᠯᠠᠩ ᠪᠠᠶᠢᠭᠤᠯᠵᠤ᠂ ᠭᠠᠮᠰᠢᠭᠳᠠᠭᠰᠠᠨ ᠬᠦᠨᠳᠦ ᠨᠣᠴᠢᠲᠠᠶ ᠣᠷᠣᠨ ᠪᠦᠰᠡ ᠳᠤ ᠬᠦᠷᠴᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠲᠤᠬᠠᠶ ᠶᠢᠨ ᠭᠠᠵᠠᠷ ᠲᠤᠨᠢ ᠵᠢᠯᠣᠭᠤᠳᠤᠨ ᠵᠣᠬᠢᠴᠠᠭᠤᠯᠵᠤ᠂ ᠲᠤᠬᠠᠶ ᠶᠢᠨ | ᠭᠠᠵᠠᠷ ᠤᠨ ᠪᠣᠳᠠᠲᠠᠶ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵5︶ ᠬᠢᠨᠠᠨ ᠬᠡᠮᠵᠢᠬᠦ ᠪᠠ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ ᠶᠢ ᠴᠢᠩᠭᠠᠳᠬᠠᠵᠤ᠂ | ᠡᠳᠦᠷ ᠪᠦᠷᠢ ᠶᠢᠨ 7 ᠴᠠᠭ᠂ 16 ᠴᠠᠭ ᠲᠤ᠂ ᠰᠢᠶᠠᠨ ᠤ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ | ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ | ᠤᠷᠢᠳᠴᠢᠯᠠᠨ ᠰᠡᠷᠡᠮᠵᠢᠯᠡᠭᠦᠯᠬᠦ᠂ ᠭᠠᠮᠰᠢᠭ ᠤᠨ ᠪᠠᠶᠢᠳᠠᠯ ᠤᠨ ᠬᠤᠬᠢᠷᠠᠯ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠵᠡᠷᠭᠡ ᠪᠠᠶᠢᠳᠠᠯ ᠢ ᠮᠡᠳᠡᠭᠦᠯᠵᠦ᠂ ᠭᠡᠨᠡᠳᠲᠡ ᠶᠢᠨ ᠭᠠᠮᠰᠢᠭ ᠤᠨ ᠪᠠᠶᠢᠳᠠᠯ᠂ ᠲᠦᠭᠰᠢᠭᠦᠷᠢᠲᠦ ᠪᠠᠶᠢᠳᠠᠯ ᠢ | ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ︵6︶ ᠬᠡᠷᠡᠭ ᠭᠠᠷᠤᠭᠰᠠᠨ ᠭᠠᠵᠠᠷ ᠤᠨ ᠭᠤᠶᠤᠴᠢᠯᠠᠯ ᠪᠠ ᠠᠶᠤᠯ ᠭᠠᠮᠰᠢᠭ ᠠᠴᠠ ᠠᠪᠤᠷᠠᠬᠤ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ ᠰᠢᠶᠠᠨ ᠤ ᠱᠠᠲᠤᠨ ᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ᠂ ᠡᠳ᠋ | ᠪᠣᠳᠠᠰ᠂ ᠡᠩᠨᠡᠭᠡ᠂ ᠲᠤᠰᠬᠠᠶ ᠮᠡᠷᠭᠡᠵᠢᠯᠲᠡᠨ ᠵᠡᠷᠭᠡ ᠶᠢ ᠤᠷᠢᠳᠠᠪᠠᠷ ᠲᠣᠬᠢᠷᠠᠭᠤᠯᠤᠨ ᠲᠤᠬᠠᠶ ᠶᠢᠨ ᠲᠠᠯᠠᠪᠤᠷ ᠲᠤ | ᠣᠴᠢᠭᠤᠯᠤᠨ ᠠᠶᠤᠯ ᠠᠴᠠ ᠠᠪᠤᠷᠠᠵᠤ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ | ᠵᠣᠬᠢᠴᠠᠭᠤᠯᠤᠨ᠂ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠪᠡᠯᠡᠳᠬᠡᠯ ᠢ ᠰᠠᠶᠢᠲᠤᠷ ᠬᠢᠵᠦ᠂ ᠵᠡᠪᠰᠡᠭᠲᠦ | ᠴᠠᠭᠳᠠᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠲᠠᠢ ᠬᠠᠷᠢᠯᠴᠠᠵᠤ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵7︶ ᠡᠳᠦᠷ ᠪᠦᠷᠢ ᠶᠢᠨ 7 ᠴᠠᠭ᠂ 16 ᠴᠠᠭ ᠲᠤ᠂ ᠡᠯ᠎ᠡ ᠭᠠᠮᠰᠢᠭ ᠭᠠᠷᠤᠭᠰᠠᠨ ᠭᠠᠵᠠᠷ ᠪᠠᠯᠭᠠᠰᠤᠨ ᠤ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠬᠢᠴᠠ ᠪᠠ ᠠᠵᠢᠯ ᠤᠨ ᠬᠥᠳᠡᠯᠦᠯ ᠪᠠᠶᠢᠳᠠᠯ ᠢ ᠴᠤᠭᠯᠠᠭᠤᠯᠵᠤ᠂ | ᠭᠡᠨᠡᠳᠲᠡ ᠶᠢᠨ ᠭᠠᠮᠰᠢᠭ ᠤᠨ ᠪᠠᠶᠢᠳᠠᠯ᠂ ᠲᠦᠭᠰᠢᠭᠦᠷᠢᠲᠦ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ︵8︶ ᠮᠡᠳᠡᠭᠡ ᠵᠠᠩᠭᠢ ᠨᠡᠶᠢᠲᠡᠯᠡᠬᠦ ᠨᠢᠭᠡᠳᠦᠯᠲᠡᠶ ᠲᠠᠪᠴᠠᠩ ᠢ ᠪᠠᠶᠢᠭᠤᠯᠵᠤ᠂ ᠵᠠᠭᠤᠴᠢᠯᠠᠭᠤᠷ ᠢ ᠵᠣᠬᠢᠶᠠᠨ | ᠪᠠᠶᠢᠭᠤᠯᠤᠨ ᠵᠣᠬᠢᠴᠠᠭᠤᠯᠵᠤ ᠪᠠᠶᠢᠭᠠᠳ ᠭᠠᠮᠰᠢᠭ ᠤᠨ ᠲᠤᠬᠠᠶ ᠶᠢᠨ ᠭᠠᠵᠠᠷ ᠪᠣᠯᠤᠨ ᠠᠶᠤᠯ ᠭᠠᠮᠰᠢᠭ ᠠᠴᠠ ᠠᠪᠤᠷᠠᠬᠤ | ᠰᠣᠨᠢᠨ ᠮᠡᠳᠡᠭᠡᠯᠡᠯ ᠢ ᠰᠠᠶᠢᠲᠤᠷ ᠬᠢᠵᠦ᠂ ᠨᠡᠶᠢᠭᠡᠮ ᠨᠡᠶᠢᠲᠡ ᠶᠢᠨ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠶᠢ | ᠴᠢᠩᠭᠠᠳᠬᠠᠬᠤ ᠬᠡᠷᠡᠭᠲᠡᠶ᠃ | ︵9︶ ᠭᠠᠮᠰᠢᠭ ᠠᠴᠠ ᠠᠪᠤᠷᠠᠨ ᠲᠤᠰᠠᠯᠠᠬᠤ ᠪᠡᠯᠡ ᠮᠥᠩᠭᠦ᠂ ᠡᠳ᠋ ᠪᠣᠳᠠᠰ ᠢ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠭᠠᠮᠰᠢᠭ ᠤᠨ ᠪᠠᠶᠢᠳᠠᠯ ᠢ ᠪᠦᠷᠢᠳᠬᠡᠨ ᠦᠨᠡᠯᠡᠨ ᠵᠢᠱᠢᠬᠦ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ᠂ | ᠭᠠᠮᠰᠢᠭ ᠤᠨ ᠳᠠᠷᠠᠭ᠎ᠠ ᠲᠠᠬᠢᠨ ᠪᠠᠶᠢᠭᠤᠯᠬᠤ ᠵᠡᠷᠭᠡ ᠠᠵᠢᠯ ᠤᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ | 4.3.3 Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ | ᠴᠠᠭ ᠠᠭᠤᠷ ᠤᠨ ᠰᠠᠯᠠᠭ᠎ᠠ ᠮᠥᠴᠢᠷ ᠨᠢᠭᠡᠨᠲᠡ ᠰᠡᠷᠡᠮᠵᠢᠯᠡᠭᠦᠯᠦᠯ ᠨᠡᠶᠢᠲᠡᠯᠡᠭᠰᠡᠨ ᠪᠥᠭᠡᠳ ᠨᠢᠭᠡ ᠤᠳᠠᠭᠠᠨ ᠤ | ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ ᠮᠥᠰᠥᠲᠥᠯ ᠤᠨ ᠶᠠᠪᠤᠴᠠ ᠳᠤ ᠳᠣᠤᠷᠠᠬᠢ ᠪᠠᠶᠢᠳᠠᠯ ᠤᠨ ᠨᠢᠭᠡ ᠨᠢ | ᠪᠠᠶᠢᠪᠠᠯ᠂ ᠡᠩ ᠤᠨ ᠳᠤᠤᠷ᠎ᠠ ᠳᠤᠯᠠᠭᠠᠨ ᠪᠣᠷᠣᠭᠠᠨ ᠴᠠᠰᠤ ᠮᠥᠰᠥᠲᠥᠯ ᠤᠨ ᠭᠠᠮᠰᠢᠭ ᠢᠶᠠᠷ ᠦᠵᠡᠵᠦ᠂ Ⅲ ᠲᠠᠰ ᠤᠨ | ᠴᠤᠤᠷᠢᠶ᠎ᠠ ᠶᠢ ᠳᠠᠭᠠᠬᠤ ᠠᠵᠢᠯ ᠢ ᠡᠬᠢᠯᠡᠭᠦᠯᠦᠨ᠎ᠡ᠃ | ︵1︶ ᠭᠠᠮᠰᠢᠭ ᠨᠢ ᠡᠩ ᠤᠨ ᠵᠠᠮ ᠲᠡᠭᠡᠭᠡᠪᠦᠷᠢ ᠶᠢᠨ ᠠᠳᠡᠯ ᠭᠠᠷᠴᠤ᠂ ᠰᠢᠶᠠᠨ ᠤ ᠳᠣᠲᠣᠷᠠᠬᠢ ᠤᠯᠤᠰ ᠪᠠ | ᠮᠤᠵᠢ ᠶᠢᠨ ᠵᠠᠮ ᠤᠨ ᠵᠠᠮ ᠬᠠᠷᠢᠯᠴᠠᠭ᠎ᠠ ᠲᠦᠷ ᠴᠠᠭ ᠲᠠᠰᠤᠯᠳᠠᠵᠤ᠂ ᠲᠡᠷᠭᠡ ᠬᠥᠰᠬᠡ ᠳᠠᠷᠤᠭᠳᠠᠵᠤ ᠪᠠᠶᠢᠬᠤ | ᠮᠥᠷᠲᠡᠭᠡᠨ ᠵᠠᠪᠳᠤᠨ ᠵᠠᠰᠠᠵᠤ᠂ ᠰᠢᠢᠳᠪᠦᠷᠢᠯᠡᠬᠦ ᠴᠠᠭ ᠨᠢ ᠪᠠᠷᠤᠭ 12 ᠴᠠᠭ ᠠᠴᠠ ᠳᠡᠭᠡᠭᠰᠢ ᠪᠠᠶᠢᠬᠤ ᠬᠡᠷᠡᠭᠲᠡᠶ᠃ | ︵2︶ ᠭᠠᠮᠰᠢᠭ ᠠᠴᠠ ᠪᠣᠯᠵᠤ ᠠᠦ᠋ᠲ᠋ᠣ᠋ ᠵᠠᠮ᠂ ᠲᠡᠮᠦᠷ ᠵᠠᠮ᠂ ᠲᠡᠷᠭᠡᠨ ᠥᠷᠲᠡᠭᠡᠨ ᠳᠤ 200 ᠬᠦᠩ ᠠᠴᠠ | ᠳᠡᠭᠡᠭᠰᠢ 500 ᠬᠦᠮᠦᠨ ᠠᠴᠠ ᠳᠣᠭᠤᠭᠰᠢ᠃ | ︵3︶ ᠰᠣᠶᠣᠯ ᠵᠢᠭᠤᠯᠴᠢᠯᠠᠯ ᠵᠡᠷᠭᠡ ᠪᠦᠯᠦᠭᠯᠡᠯ ᠤᠨ ᠴᠢᠨᠠᠷᠲᠠᠶ ᠠᠵᠢᠯᠯᠠᠭ᠎ᠠ ᠨᠢ ᠭᠠᠮᠰᠢᠭ ᠠᠴᠠ ᠪᠣᠯᠵᠣ 12 | ᠴᠠᠭ ᠠᠴᠠ ᠬᠡᠲᠦᠷᠡᠭᠰᠡᠨ ᠪᠤᠶᠤ ᠪᠠᠴᠢᠮ ᠪᠠᠶᠢᠳᠠᠯ ᠢ ᠠᠷᠭᠠᠴᠠᠭᠠᠨ 10 ᠬᠥᠮᠦᠨ ᠠᠴᠠ ᠳᠡᠭᠡᠭᠰᠢ 30 ᠬᠥᠮᠦᠨ ᠠᠴᠠ | ᠳᠣᠷᠣᠭᠰᠢ ᠰᠢᠯᠵᠢᠭᠦᠯᠦᠨ ᠲᠥᠪᠬᠢᠨᠡᠭᠦᠯᠪᠡ᠃ ᠭᠠᠮᠰᠢᠭ ᠠᠴᠠ ᠪᠣᠯᠵᠣ ᠵᠢᠵᠢᠭ ᠬᠡᠯᠪᠡᠷᠢ ᠶᠢᠨ ᠭᠠᠵᠠᠷ ᠤᠨ ᠭᠠᠮᠰᠢᠭ | ᠪᠣᠯᠤᠭᠰᠠᠨ ᠪᠤᠶᠤ ᠭᠠᠮᠰᠢᠭ ᠠᠴᠠ ᠪᠣᠯᠵᠣ ᠨᠤᠷᠠᠭᠰᠠᠨ ᠬᠡᠷ ᠪᠠᠶᠢᠰᠢᠩ 30 ᠲᠠᠰᠤᠯᠭ᠎ᠠ ᠠᠴᠠ ᠳᠡᠭᠡᠭᠰᠢ ᠪᠠᠶᠢᠵᠤ᠂ | 100 ᠲᠠᠰᠤᠯᠭ᠎ᠠ ᠠᠴᠠ ᠳᠣᠷᠣᠭᠰᠢ ᠪᠠᠶᠢᠪᠠ᠃ | ︵4︶ ᠪᠤᠰᠤᠳ ᠬᠦᠷᠢᠶ᠎ᠡ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠳᠤ ᠭᠠᠷᠤᠭᠰᠠᠨ ᠬᠦᠢᠲᠡᠨ ᠪᠠ | ᠪᠣᠷᠣᠭᠠᠨ ᠴᠠᠰᠤ ᠮᠥᠰᠥᠳᠥᠯ ᠤᠨ ᠭᠠᠮᠰᠢᠭ 1 - 2 ᠬᠥᠮᠦᠨ ᠦᠬᠦᠪᠡ᠃ | ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠶᠡᠷᠦᠩᠬᠡᠶ | ᠵᠢᠯᠣᠭᠤᠳᠣᠭᠴᠢ ᠪᠣᠳᠠᠲᠠᠶ ᠪᠠᠷ ᠳᠣᠤᠷᠠᠬᠢ ᠮᠡᠲᠦ ᠠᠵᠢᠯᠯᠠᠭ᠎ᠠ ᠶᠢ ᠠᠪᠴᠤ ᠪᠣᠯᠤᠨ᠎ᠠ᠃ | ︵1︶ ᠲᠣᠬᠢᠷᠠᠭᠤᠯᠤᠨ ᠵᠥᠪᠳᠡᠯᠴᠡᠬᠦ ᠬᠤᠷᠠᠯ ᠬᠤᠷᠠᠯᠳᠤᠭᠤᠯᠵᠤ᠂ ᠭᠠᠮᠰᠢᠭ ᠤᠨ ᠪᠠᠶᠢᠳᠠᠯ ᠢ ᠡᠵᠡᠮᠰᠢᠵᠦ᠂ | ᠭᠠᠮᠰᠢᠭ ᠤᠨ ᠬᠥᠭᠵᠢᠯᠲᠡ ᠶᠢᠨ ᠬᠠᠨᠳᠤᠰᠢ ᠶᠢ ᠰᠤᠳᠤᠯᠤᠨ ᠮᠠᠭᠠᠳᠯᠠᠪᠠ᠃ | ︵2︶ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ | ᠪᠠᠴᠢᠮ ᠪᠠᠶᠢᠳᠠᠯ ᠢ ᠠᠷᠭᠠᠴᠠᠭᠠᠬᠤ ᠬᠠᠮᠲᠤᠷᠠᠭᠰᠠᠨ ᠠᠵᠢᠯ ᠤᠨ ᠳᠤᠭᠤᠶᠢᠯᠠᠩ ᠪᠠᠶᠢᠭᠤᠯᠵᠤ᠂ ᠭᠠᠮᠰᠢᠭᠳᠠᠭᠰᠠᠨ | ᠣᠷᠣᠨ ᠳᠤ ᠬᠦᠷᠴᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃ | ︵3︶ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ | ᠠᠯᠪᠠᠨ ᠭᠡᠷ ᠢ ᠡᠳᠦᠷ ᠪᠦᠷᠢ ᠶᠢᠨ 16 ᠴᠠᠭ ᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠮᠰᠢᠭ ᠢ ᠬᠢᠨᠠᠨ | ᠬᠡᠮᠵᠢᠵᠦ ᠰᠡᠷᠡᠮᠵᠢᠯᠡᠭᠦᠯᠬᠦ᠂ ᠭᠠᠮᠰᠢᠭ ᠤᠨ ᠬᠤᠬᠢᠷᠠᠯ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ | ᠪᠠᠶᠢᠳᠠᠯ ᠢ ᠴᠤᠭᠯᠠᠭᠤᠯᠤᠨ᠎ᠠ᠃ | ︵4︶ ᠬᠡᠷᠡᠭᠴᠡᠭᠡ ᠪᠠᠨ ᠦᠨᠳᠦᠰᠦᠯᠡᠨ ᠬᠡᠰᠡᠭ ᠰᠢᠶᠠᠨ ᠤ ᠱᠠᠲᠤᠨ ᠤ ᠠᠪᠤᠷᠠᠨ ᠲᠤᠰᠠᠯᠠᠬᠤ ᠲᠣᠨᠣᠭᠯᠠᠯ᠂ ᠡᠳ᠋ | ᠪᠣᠳᠠᠰ᠂ ᠡᠩᠨᠡᠭᠡ᠂ ᠲᠤᠰᠬᠠᠢ ᠮᠡᠷᠭᠡᠵᠢᠯᠲᠡᠨ ᠵᠡᠷᠭᠡ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠲᠤᠬᠠᠢ ᠶᠢᠨ | ᠲᠠᠯᠠᠪᠠᠢ ᠶᠢ ᠲᠤᠰᠠᠯᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠤᠰᠤᠳ ᠬᠦᠴᠦᠨ ᠲᠠᠢ | ᠬᠠᠷᠢᠯᠴᠠᠵᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠬᠦᠴᠦᠨ ᠢ ᠰᠠᠶᠢᠲᠤᠷ ᠬᠢᠬᠦ ᠬᠡᠷᠡᠭᠲᠡᠢ᠃ | ︵5︶ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ | ᠠᠯᠪᠠᠨ ᠭᠡᠷ ᠢ ᠡᠳᠦᠷ ᠪᠦᠷᠢ ᠶᠢᠨ 16 ᠴᠠᠭ ᠲᠤ᠂ ᠭᠠᠮᠰᠢᠭ ᠭᠠᠷᠤᠭᠰᠠᠨ ᠭᠠᠵᠠᠷ ᠪᠠᠯᠭᠠᠰᠤᠨ ᠤ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠭᠰᠡᠨ ᠠᠬᠢᠴᠠ ᠪᠠ ᠠᠵᠢᠯ ᠤᠨ ᠬᠥᠳᠡᠯᠦᠯ ᠪᠠᠶᠢᠳᠠᠯ ᠢ ᠴᠤᠭᠯᠠᠭᠤᠯᠵᠤ᠂ ᠭᠡᠨᠡᠳᠲᠡ ᠶᠢᠨ | ᠭᠠᠮᠰᠢᠭ ᠤᠨ ᠪᠠᠶᠢᠳᠠᠯ᠂ ᠲᠦᠭᠰᠢᠭᠦᠷᠢᠲᠦ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | 4.3.4 Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ | ᠴᠠᠭ ᠠᠭᠤᠷ ᠤᠨ ᠰᠠᠯᠠᠭ᠎ᠠ ᠮᠥᠴᠢᠷ ᠨᠢᠭᠡᠨᠲᠡ ᠰᠡᠷᠡᠮᠵᠢᠯᠡᠭᠦᠯᠦᠯ ᠨᠡᠶᠢᠲᠡᠯᠡᠭᠰᠡᠨ ᠪᠥᠭᠡᠳ ᠨᠢᠭᠡ ᠤᠳᠠᠭᠠᠨ ᠤ | ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ ᠮᠥᠰᠥᠲᠦᠯᠭᠡ ᠶᠢᠨ ᠶᠠᠪᠤᠴᠠ ᠠᠴᠠ ᠳᠣᠤᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠨᠢ ᠪᠠᠶᠢᠪᠠᠯ᠂ Ⅳ ᠲᠠᠰ ᠤᠨ ᠲᠠᠭᠠᠬᠤ ᠶᠢ ᠡᠬᠢᠯᠡᠭᠦᠯᠦᠨ᠎ᠡ᠃ | ︵1︶ ᠭᠠᠮᠰᠢᠭ ᠠᠴᠠ ᠪᠣᠯᠤᠭᠰᠠᠨ ᠰᠢᠶᠠᠨ ᠤ ᠳᠣᠲᠣᠷᠠᠬᠢ ᠤᠯᠤᠰ ᠪᠠ ᠮᠤᠵᠢ ᠶᠢᠨ ᠵᠠᠮ ᠤᠨ ᠵᠠᠮ ᠬᠠᠷᠢᠯᠴᠠᠭ᠎ᠠ | ᠬᠠᠷᠰᠢᠯᠠᠭᠳᠠᠵᠤ᠂ ᠲᠡᠷᠭᠡ ᠬᠥᠰᠬᠡ ᠳᠠᠷᠤᠭᠳᠠᠵᠤ ᠪᠠᠶᠢᠬᠤ ᠪᠥᠭᠡᠳ ᠵᠠᠪᠳᠤᠨ ᠵᠠᠰᠠᠬᠤ᠂ ᠰᠢᠢᠳᠪᠦᠷᠢᠯᠡᠬᠦ ᠴᠠᠭ ᠢ | ᠵᠢᠱᠢᠯᠲᠡ ᠪᠠᠷ 6 ᠴᠠᠭ ᠠᠴᠠ ᠳᠡᠭᠡᠭᠰᠢ ᠪᠠᠶᠢᠯᠭᠠᠭᠰᠠᠨ᠃ | ︵2︶ ᠭᠠᠮᠰᠢᠭ ᠠᠴᠠ ᠪᠣᠯᠵᠤ ᠠᠦ᠋ᠲ᠋ᠣ᠋ ᠵᠠᠮ᠂ ᠲᠡᠮᠦᠷ ᠵᠠᠮ᠂ ᠲᠡᠷᠭᠡᠨ ᠥᠷᠲᠡᠭᠡᠨ ᠳᠤ ᠦᠯᠡᠳᠡᠭᠡᠨ ᠠᠪᠤᠭᠰᠠᠨ | ᠬᠦᠮᠦᠨ 50 ᠠᠴᠠ ᠳᠡᠭᠡᠭᠰᠢ 200 ᠬᠦᠮᠦᠨ ᠠᠴᠠ ᠳᠣᠭᠤᠭᠰᠢ᠃ | ︵3︶ ᠰᠣᠶᠣᠯ ᠵᠢᠭᠤᠯᠴᠢᠯᠠᠯ ᠵᠡᠷᠭᠡ ᠪᠦᠯᠦᠭᠯᠡᠯ ᠤᠨ ᠴᠢᠨᠠᠷᠲᠠᠶ ᠠᠵᠢᠯᠯᠠᠭ᠎ᠠ ᠨᠢ ᠭᠠᠮᠰᠢᠭ ᠠᠴᠠ ᠪᠣᠯᠵᠣ 6 | ᠴᠠᠭ ᠠᠴᠠ ᠬᠡᠲᠦᠷᠡᠭᠰᠡᠨ ᠪᠤᠶᠤ ᠪᠠᠴᠢᠮ ᠪᠠᠶᠢᠳᠠᠯ ᠢ ᠠᠷᠭᠠᠴᠠᠭᠠᠨ 3 ᠬᠥᠮᠦᠨ ᠠᠴᠠ ᠳᠡᠭᠡᠭᠰᠢ 10 ᠬᠥᠮᠦᠨ ᠠᠴᠠ | ᠳᠣᠷᠣᠭᠰᠢ ᠰᠢᠯᠵᠢᠭᠦᠯᠦᠨ ᠲᠥᠪᠬᠢᠨᠡᠭᠦᠯᠪᠡ᠃ ᠭᠠᠮᠰᠢᠭ ᠠᠴᠠ ᠪᠤᠯᠵᠤ 10 ᠳᠠᠰᠤᠯᠭ᠎ᠠ ᠨᠤᠷᠠᠭᠰᠠᠨ 30 | ᠳᠠᠰᠤᠯᠭ᠎ᠠ ᠠᠴᠠ ᠲᠤᠷᠤᠭᠰᠢ ᠨᠤᠷᠠᠭᠰᠠᠨ ᠪᠠᠶᠢᠨ᠎ᠠ᠃ | ︵4︶ ᠪᠤᠰᠤᠳ ᠬᠦᠷᠢᠶ᠎ᠡ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠳᠤ ᠭᠠᠷᠤᠭᠰᠠᠨ ᠳᠣᠤᠷ᠎ᠠ | ᠳᠤᠯᠠᠭᠠᠨ ᠪᠣᠷᠣᠭᠠᠨ ᠴᠠᠰᠤ ᠮᠥᠰᠥᠳᠥᠯ ᠤᠨ ᠭᠠᠮᠰᠢᠭ ᠨᠢ ᠬᠡᠳᠦ᠋ᠢᠪᠡᠷ ᠬᠥᠮᠦᠨ ᠦᠬᠦᠭᠰᠡᠨ ᠦᠭᠡᠶ ᠪᠣᠯᠪᠠᠴᠤ ᠲᠤᠰ | ᠪᠡᠶ᠎ᠡ ᠨᠢ ᠨᠡᠯᠢᠶᠡᠳ ᠰᠡᠷᠭᠡᠭ ᠪᠠᠶᠢᠵᠤ᠂ ᠡᠰᠡᠬᠦᠯ᠎ᠡ ᠬᠡᠷᠡᠭ ᠤᠨ ᠪᠠᠶᠢᠳᠠᠯ ᠤᠨ ᠬᠥᠭᠵᠢᠯᠲᠡ ᠨᠢ ᠥᠷᠭᠡᠳᠬᠡᠬᠦ | ᠬᠠᠨᠳᠤᠰᠢ ᠲᠠᠢ ᠪᠤᠶᠤ ᠭᠤᠶᠤᠴᠢᠯᠠᠬᠤ ᠪᠣᠯᠤᠨ᠎ᠠ᠃ | ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠳᠡᠳ᠋ | ᠶᠡᠷᠦᠩᠬᠡᠶ ᠵᠢᠯᠣᠭᠤᠳᠣᠭᠴᠢ᠂ ᠠᠯᠪᠠᠨ ᠭᠡᠷ ᠤᠨ ᠡᠷᠬᠢᠯᠡᠭᠴᠢ ᠳᠣᠤᠷᠠᠬᠢ ᠮᠡᠲᠦ ᠠᠵᠢᠯᠯᠠᠭ᠎ᠠ ᠶᠢ ᠠᠪᠴᠤ ᠪᠣᠯᠤᠨ᠎ᠠ᠃ | ︵1︶ ᠲᠣᠬᠢᠷᠠᠭᠤᠯᠤᠨ ᠵᠥᠪᠳᠡᠯᠴᠡᠬᠦ ᠬᠤᠷᠠᠯ ᠬᠤᠷᠠᠯᠳᠤᠭᠤᠯᠵᠤ᠂ ᠭᠠᠮᠰᠢᠭ ᠤᠨ ᠪᠠᠶᠢᠳᠠᠯ ᠢ ᠡᠵᠡᠮᠰᠢᠵᠦ᠂ | ᠭᠠᠮᠰᠢᠭ ᠤᠨ ᠬᠥᠭᠵᠢᠯᠲᠡ ᠶᠢᠨ ᠬᠠᠨᠳᠤᠰᠢ ᠶᠢ ᠰᠤᠳᠤᠯᠤᠨ ᠮᠠᠭᠠᠳᠯᠠᠪᠠ᠃ | ︵2︶ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ | ᠠᠯᠪᠠᠨ ᠭᠡᠷ ᠢ ᠡᠳᠦᠷ ᠪᠦᠷᠢ ᠶᠢᠨ 16 ᠴᠠᠭ ᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠮᠰᠢᠭ ᠢ ᠬᠢᠨᠠᠨ | ᠬᠡᠮᠵᠢᠵᠦ ᠰᠡᠷᠡᠮᠵᠢᠯᠡᠭᠦᠯᠬᠦ᠂ ᠭᠠᠮᠰᠢᠭ ᠤᠨ ᠬᠤᠬᠢᠷᠠᠯ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ | ᠪᠠᠶᠢᠳᠠᠯ ᠢ ᠴᠤᠭᠯᠠᠭᠤᠯᠤᠨ᠎ᠠ᠃ | ︵3︶ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ | ᠠᠯᠪᠠᠨ ᠭᠡᠷ ᠢ ᠡᠳᠦᠷ ᠪᠦᠷᠢ ᠶᠢᠨ 16 ᠴᠠᠭ ᠲᠤ᠂ ᠭᠠᠮᠰᠢᠭ ᠭᠠᠷᠤᠭᠰᠠᠨ ᠭᠠᠵᠠᠷ ᠪᠠᠯᠭᠠᠰᠤᠨ ᠤ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠬᠢᠴᠠ ᠪᠣᠯᠤᠨ ᠠᠵᠢᠯ ᠤᠨ ᠬᠥᠳᠡᠯᠦᠯ ᠪᠠᠶᠢᠳᠠᠯ ᠢ ᠴᠤᠭᠯᠠᠭᠤᠯᠬᠤ ᠬᠡᠷᠡᠭᠲᠡᠶ᠃ | ᠭᠡᠨᠡᠳᠲᠡ ᠶᠢᠨ ᠭᠠᠮᠰᠢᠭ ᠤᠨ ᠪᠠᠶᠢᠳᠠᠯ᠂ ᠠᠶᠤᠯ ᠤᠨ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠵᠦ᠃ | ︵4︶ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠠᠪᠤᠷᠠᠨ ᠲᠤᠰᠠᠯᠠᠬᠤ ᠬᠦᠴᠦᠨ ᠢ ᠤᠷᠢᠳᠴᠢᠯᠠᠨ | ᠲᠣᠬᠢᠷᠠᠭᠤᠯᠵᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠤᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃ | 4.4 ᠮᠡᠳᠡᠭᠡ ᠵᠠᠩᠭᠢ ᠨᠡᠶᠢᠲᠡᠯᠡᠬᠦ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠡᠬᠢᠯᠡᠭᠦᠯᠬᠦ ᠳᠤ᠂ ᠭᠤᠤᠯ ᠪᠣᠯᠬᠤ ᠵᠠᠭᠤᠴᠢᠯᠠᠭᠤᠷ ᠢᠶᠠᠷ | ᠳᠠᠮᠵᠢᠭᠤᠯᠤᠨ ᠨᠡᠶᠢᠭᠡᠮ ᠳᠤ ᠭᠠᠮᠰᠢᠭ ᠤᠨ ᠠᠩᠬ᠎ᠠ ᠠᠯᠬᠤᠮ ᠤᠨ ᠬᠢᠨᠠᠨ ᠬᠠᠷᠭᠤᠭᠤᠯᠤᠭᠰᠠᠨ ᠪᠠᠶᠢᠳᠠᠯ᠂ ᠵᠠᠰᠠᠭ ᠤᠨ | ᠣᠷᠳᠣᠨ ᠤ ᠠᠷᠭᠠᠴᠠᠬᠤ ᠠᠷᠭ᠎ᠠ ᠬᠡᠮᠵᠢᠶ᠎ᠡ ᠪᠣᠯᠤᠨ ᠣᠯᠠᠨ ᠨᠡᠶᠢᠲᠡ ᠶᠢᠨ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠡᠷᠬᠡ | ᠰᠦᠷᠲᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ᠂ ᠰᠢᠢᠳᠪᠦᠷᠢᠯᠡᠭᠰᠡᠨ ᠠᠬᠢᠴᠠ ᠶᠢᠨ | ᠪᠠᠶᠢᠳᠠᠯ ᠢᠶᠠᠨ ᠦᠨᠳᠦᠰᠦᠯᠡᠨ ᠬᠥᠳᠡᠯᠦᠩᠭᠦᠶ ᠮᠡᠳᠡᠭᠡ ᠵᠠᠩᠭᠢ ᠨᠡᠶᠢᠲᠡᠯᠡᠬᠦ ᠶᠢ ᠬᠡᠷᠡᠭᠵᠢᠭᠦᠯᠬᠦ ᠬᠡᠷᠡᠭᠲᠡᠶ᠃ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠣᠷᠣᠯᠴᠠᠭᠰᠠᠨ ᠬᠤᠯᠪᠣᠭᠳᠠᠯ ᠪᠦᠬᠦᠢ ᠨᠢᠭᠡᠴᠡ ᠪᠣᠯᠤᠨ | ᠬᠤᠪᠢ ᠬᠥᠮᠦᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠦᠲᠦᠭᠡᠯ ᠤᠨ ᠪᠠᠶᠢᠳᠠᠯ ᠪᠣᠯᠤᠨ ᠬᠡᠷᠡᠭ ᠶᠠᠪᠤᠳᠠᠯ ᠤᠨ | ᠬᠥᠭᠵᠢᠯᠲᠡ ᠶᠢᠨ ᠮᠡᠳᠡᠭᠡ ᠵᠠᠩᠭᠢ ᠶᠢ ᠳᠤᠷ᠎ᠠ ᠪᠠᠷ ᠢᠶᠠᠨ ᠭᠠᠳᠠᠭᠰᠢ ᠨᠡᠶᠢᠲᠡᠯᠡᠵᠦ ᠪᠣᠯᠬᠤ ᠦᠭᠡᠶ᠃ ᠶᠠᠮᠠᠷᠪᠠ ᠨᠢᠭᠡᠴᠡ | ᠪᠣᠯᠤᠨ ᠬᠤᠪᠢ ᠬᠥᠮᠦᠨ ᠭᠡᠳ ᠭᠠᠶ ᠭᠠᠮᠰᠢᠭ ᠤᠨ ᠬᠥᠭᠵᠢᠯᠲᠡ ᠪᠤᠶᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠠᠵᠢᠯ ᠤᠨ ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠵᠤ᠂ ᠤᠯᠠᠮᠵᠢᠯᠠᠨ ᠲᠠᠷᠬᠠᠭᠠᠵᠤ ᠪᠣᠯᠬᠤ ᠦᠭᠡᠶ᠃ | 4.5 ᠳᠠᠭᠠᠵᠤ ᠬᠤᠪᠢᠷᠠᠭᠤᠯᠬᠤ ᠪᠠ ᠵᠣᠭᠰᠣᠭᠠᠬᠤ | ᠭᠠᠮᠰᠢᠭ ᠤᠨ ᠨᠥᠯᠥᠭᠡ ᠥᠷᠭᠡᠳᠬᠦ ᠪᠤᠶᠤ ᠬᠥᠩᠭᠡᠷᠡᠭᠦᠯᠬᠦ ᠦᠶ᠎ᠡ ᠳᠤ᠂ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠤᠨ ᠲᠣᠭᠲᠠᠭᠠᠯ ᠢ ᠦᠨᠳᠦᠰᠦᠯᠡᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ | ᠳᠡᠰ ᠢ ᠳᠡᠭᠡᠭᠰᠢᠯᠡᠭᠦᠯᠬᠦ ᠪᠤᠶᠤ ᠪᠠᠭᠤᠷᠠᠭᠤᠯᠤᠨ᠎ᠠ︔ ᠭᠠᠮᠰᠢᠭ ᠢ ᠪᠦᠲᠦᠮᠵᠢᠲᠡᠶ ᠰᠢᠢᠳᠪᠦᠷᠢᠯᠡᠨ᠎ᠡ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠤᠤᠯ ᠤᠨ ᠵᠣᠬᠢᠴᠠᠩᠭᠤᠶ ᠪᠠᠴᠢᠮ ᠪᠠᠶᠢᠳᠠᠯ ᠢ | ᠠᠷᠭᠠᠴᠠᠬᠤ ᠶᠢ ᠡᠬᠢᠯᠡᠭᠦᠯᠦᠭᠰᠡᠨ ᠤᠳᠤᠷᠢᠳᠤᠯᠭ᠎ᠠ ᠪᠤᠶᠤ ᠰᠠᠯᠠᠭ᠎ᠠ ᠮᠥᠴᠢᠷ ᠠᠴᠠ ᠪᠠᠴᠢᠮ ᠪᠠᠶᠢᠳᠠᠯ ᠢ ᠠᠷᠭᠠᠴᠠᠬᠤ ᠶᠢ | ᠳᠠᠭᠠᠬᠤ ᠠᠵᠢᠯ ᠳᠠᠭᠤᠰᠤᠭᠰᠠᠨ ᠢ ᠨᠡᠶᠢᠲᠡᠯᠡᠨ᠎ᠡ᠃ ᠬᠤᠪᠢᠷᠠᠭᠠᠬᠤ᠂ ᠳᠠᠭᠤᠰᠬᠠᠬᠤ ᠭᠠᠷ ᠤᠨ ᠦᠰᠦᠭ ᠵᠢᠷᠤᠵᠤ | ᠶᠠᠪᠤᠭᠤᠯᠬᠤ ᠪᠠ ᠨᠡᠶᠢᠲᠡᠯᠡᠬᠦ ᠶᠠᠪᠤᠴᠠ ᠨᠢ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠴᠣᠪᠣᠷᠠᠯ ᠲᠠᠢ ᠨᠢᠭᠡᠳᠦᠯᠲᠡᠶ | ᠪᠠᠶᠢᠬᠤ ᠬᠡᠷᠡᠭᠲᠡᠶ᠃ | ᠳᠠᠭᠠᠵᠤ ᠬᠢᠬᠦ ᠶᠢ ᠵᠣᠭᠰᠣᠭᠠᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ ᠨᠢᠭᠡᠴᠡ | ᠪᠠᠶᠢᠳᠠᠯ ᠢᠶᠠᠨ ᠦᠵᠡᠵᠦ ᠪᠠᠶᠢᠭᠠᠳ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠪᠠ ᠰᠡᠭᠦᠯᠴᠢ ᠶᠢᠨ | ᠬᠤᠭᠤᠴᠠᠭᠠᠨ ᠤ ᠡᠭᠦᠰᠦᠮᠡᠯ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | 5. ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠠᠵᠢᠯ | 5.1 ᠬᠤᠢᠨᠠᠬᠢ ᠠᠵᠢᠯ ᠬᠡᠷᠡᠭ ᠢ ᠰᠢᠢᠳᠪᠦᠷᠢᠯᠡᠬᠦ | ᠬᠡᠷᠡᠭ ᠭᠠᠷᠤᠭᠰᠠᠨ ᠭᠠᠵᠠᠷ ᠤᠨ ᠵᠠᠰᠠᠭ ᠤᠨ ᠣᠷᠳᠣᠨ ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ | ᠮᠥᠰᠥᠳᠥᠯ ᠤᠨ ᠭᠠᠮᠰᠢᠭ ᠤᠨ ᠪᠠᠶᠢᠳᠠᠯ ᠢ ᠦᠨᠳᠦᠰᠦᠯᠡᠨ᠂ ᠠᠪᠤᠷᠠᠨ ᠲᠤᠰᠠᠯᠠᠬᠤ᠂ ᠨᠥᠬᠦᠪᠥᠷᠢ ᠥᠭᠬᠦ᠂ | ᠲᠣᠬᠤᠨᠢᠭᠤᠯᠬᠤ᠂ ᠲᠥᠪᠬᠢᠨᠡᠭᠦᠯᠬᠦ ᠵᠡᠷᠭᠡ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠠᠵᠢᠯ ᠤᠨ ᠲᠥᠰᠦᠯ | ᠲᠣᠭᠲᠠᠭᠠᠵᠤ᠂ ᠭᠠᠮᠰᠢᠭ ᠤᠨ ᠳᠤᠮᠳᠠᠬᠢ ᠦᠬᠦᠵᠦ ᠰᠢᠷᠬᠠᠲᠤᠭᠰᠠᠳ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠠᠵᠢᠯᠲᠠᠨ ᠵᠢᠴᠢ ᠪᠠᠴᠢᠮ ᠰᠢᠯᠵᠢᠭᠦᠯᠦᠨ ᠲᠥᠪᠯᠡᠷᠡᠭᠦᠯᠦᠭᠰᠡᠨ᠂ ᠲᠠᠲᠠᠪᠤᠷᠢᠯᠠᠨ ᠬᠡᠷᠡᠭᠯᠡᠭᠰᠡᠨ ᠬᠤᠯᠪᠣᠭᠳᠠᠯ ᠪᠦᠬᠦᠢ | ᠨᠢᠭᠡᠴᠡ ᠵᠢᠴᠢ ᠬᠤᠪᠢ ᠬᠥᠮᠦᠨ ᠤ ᠡᠳ᠋ ᠪᠠᠷᠠᠭ᠎ᠠ ᠳᠤ ᠲᠣᠭᠲᠠᠭᠠᠯ ᠶᠣᠰᠣᠭᠠᠷ ᠠᠰᠠᠷᠠᠮᠵᠢ ᠣᠯᠭᠤᠬᠤ ᠪᠤᠶᠤ | ᠨᠥᠬᠦᠪᠥᠷᠢ ᠥᠭᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ | ᠵᠠᠰᠠᠬᠤ ᠪᠠ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | 5.2 ᠪᠠᠶᠢᠴᠠᠭᠠᠵᠦ ᠦᠨᠡᠯᠡᠨ ᠵᠢᠱᠢᠬᠦ | ᠳᠣᠤᠷ᠎ᠠ ᠳᠤᠯᠠᠭᠠᠨ ᠪᠠ ᠪᠣᠷᠣᠭᠠᠨ ᠴᠠᠰᠤ ᠮᠥᠰᠥᠳᠥᠯ ᠤᠨ ᠭᠠᠮᠰᠢᠭ ᠠᠴᠠ ᠠᠪᠤᠷᠠᠨ ᠲᠤᠰᠠᠯᠠᠵᠤ | ᠳᠠᠭᠤᠰᠤᠭᠰᠠᠨ ᠤ ᠳᠠᠷᠠᠭ᠎ᠠ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠭᠠᠮᠰᠢᠭ ᠤᠨ ᠡᠭᠦᠰᠦᠭᠰᠡᠨ ᠥᠩᠭᠡᠷᠡᠯᠲᠡ ᠪᠣᠯᠤᠨ ᠰᠢᠯᠲᠠᠭᠠᠨ ᠳᠤ ᠪᠠᠶᠢᠴᠠᠭᠠᠯᠲᠠ | ᠬᠢᠵᠦ᠂ ᠤᠴᠠᠷᠠᠭᠤᠯᠤᠭᠰᠠᠨ ᠬᠤᠬᠢᠷᠠᠯ ᠳᠤ ᠦᠨᠡᠯᠡᠨ ᠵᠢᠱᠢᠯᠲᠡ ᠬᠢᠬᠦ ᠬᠡᠷᠡᠭᠲᠡᠶ᠃ ᠨᠡᠯᠢᠶᠡᠳ ᠶᠡᠭᠡ ᠭᠠᠮᠰᠢᠭ ᠢ | ᠰᠢᠶᠠᠨ ᠤ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠠᠶᠢᠴᠠᠭᠠᠨ ᠦᠨᠡᠯᠡᠬᠦ ᠶᠢᠨ ᠬᠠᠮᠲᠤ ᠰᠢᠶᠠᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ᠎ᠡ᠃ ᠬᠦᠨᠳᠦ ᠶᠡᠭᠡ ᠭᠠᠢ ᠭᠠᠮᠰᠢᠭ ᠢ ᠪᠠᠶᠢᠴᠠᠭᠠᠨ | ᠦᠨᠡᠯᠡᠬᠦ ᠠᠵᠢᠯ ᠢ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠣᠨᠴᠣᠭᠤᠶ | ᠬᠦᠨᠳᠦ ᠶᠡᠭᠡ ᠭᠠᠮᠰᠢᠭ ᠤᠨ ᠪᠠᠶᠢᠴᠠᠭᠠᠨ ᠦᠨᠡᠯᠡᠨ ᠵᠢᠱᠢᠬᠦ ᠶᠠᠪᠤᠳᠠᠯ ᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ | 5.3 ᠰᠡᠷᠬᠦᠭᠡᠨ ᠳᠠᠬᠢᠵᠤ ᠪᠦᠳᠦᠭᠡᠨ ᠪᠠᠶᠢᠭᠤᠯᠬᠤ | ᠡᠯ᠎ᠡ ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠨᠢ ᠲᠣᠰ ᠬᠠᠷᠢᠶ᠎ᠠ ᠣᠷᠣᠨ ᠤ ᠪᠠᠨ | ᠭᠠᠮᠰᠢᠭ ᠤᠨ ᠪᠠᠶᠢᠳᠠᠯ ᠢ ᠬᠤᠷᠢᠶᠠᠩᠭᠤᠶᠢᠯᠠᠬᠤ ᠶᠢ ᠬᠠᠷᠢᠭᠤᠴᠠᠵᠤ᠂ ᠰᠢᠶᠠᠨ ᠤ ᠬᠠᠮᠢᠶ᠎ᠠ ᠪᠥᠬᠦᠶ ᠰᠠᠯᠠᠭ᠎ᠠ | ᠮᠥᠴᠢᠷ ᠠᠴᠠ ᠠᠵᠢᠯ ᠲᠥᠷᠥᠯ ᠤᠨ ᠶᠣᠰᠣᠭᠠᠷ ᠰᠢᠰᠲ᠋ᠧᠮᠵᠢᠭᠦᠯᠦᠨ ᠪᠠᠶᠢᠴᠠᠭᠠᠵᠤ᠂ ᠴᠤᠭᠯᠠᠭᠤᠯᠵᠤ᠂ ᠬᠠᠷᠭᠤᠭᠤᠯᠤᠨ | ᠪᠠᠶᠢᠴᠠᠭᠠᠵᠤ᠂ ᠡᠮᠬᠢᠳᠬᠡᠭᠰᠡᠨ ᠤ ᠳᠠᠷᠠᠭ᠎ᠠ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠠᠴᠠ ᠬᠠᠷᠢᠭᠤᠴᠠᠨ ᠰᠢᠶᠠᠨ ᠤ ᠵᠢᠯᠣᠭᠤᠳᠬᠤ ᠭᠠᠵᠠᠷ ᠲᠤ ᠨᠢᠭᠡᠳᠦᠯᠲᠡᠶ ᠬᠤᠷᠢᠶᠠᠩᠭᠤᠶᠢᠯᠠᠨ ᠰᠢᠶᠠᠨ ᠤ | ᠵᠢᠯᠣᠭᠤᠳᠬᠤ ᠭᠠᠵᠠᠷ ᠲᠤ ᠮᠡᠳᠡᠭᠦᠯᠬᠦ ᠶᠢᠨ ᠬᠠᠮᠲᠤ ᠲᠠᠰ ᠳᠠᠷᠠᠭᠠᠯᠠᠯ ᠤᠨ ᠶᠣᠰᠣᠭᠠᠷ ᠬᠤᠲᠠ ᠶᠢᠨ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠡᠯᠡ | ᠮᠥᠩᠭᠦ ᠶᠢ ᠴᠠᠭ ᠲᠤᠬᠠᠶ ᠳᠤᠨᠢ ᠲᠣᠬᠢᠷᠠᠭᠤᠯᠬᠤ ᠪᠠ ᠪᠠᠭᠤᠯᠭᠠᠵᠤ᠂ ᠭᠠᠮᠰᠢᠭ ᠠᠴᠠ ᠠᠪᠤᠷᠠᠬᠤ ᠠᠵᠢᠯ ᠤᠨ | ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠭᠠᠮᠰᠢᠭᠳᠠᠭᠰᠠᠨ ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠭᠠᠮᠰᠢᠭ ᠤᠨ ᠪᠣᠳᠠᠲᠤ ᠪᠠᠶᠢᠳᠠᠯ | ᠪᠣᠯᠤᠨ ᠳᠠᠬᠢᠨ ᠪᠦᠲᠦᠭᠡᠨ ᠪᠠᠶᠢᠭᠤᠯᠬᠤ ᠬᠡᠷᠡᠭᠴᠡᠭᠡ ᠪᠠᠨ ᠦᠨᠳᠦᠰᠦᠯᠡᠨ᠂ ᠲᠤᠬᠠᠶ ᠶᠢᠨ ᠭᠠᠵᠠᠷ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠲᠠᠢ ᠤᠶᠠᠯᠳᠤᠭᠤᠯᠵᠤ᠂ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ | ᠪᠦᠲᠦᠭᠡᠨ ᠪᠠᠶᠢᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ᠂ | ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠪᠦᠬᠦ ᠲᠠᠯ᠎ᠠ ᠪᠠᠷ ᠰᠡᠷᠭᠦᠭᠡᠬᠦ | ᠬᠡᠷᠡᠭᠲᠡᠶ᠃ | | 6. ᠪᠠᠲᠤᠯᠠᠬᠤ ᠠᠷᠭ᠎ᠠ ᠬᠡᠮᠵᠢᠶ᠎ᠡ | 6.1 ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠲᠤᠯᠠᠭ᠎ᠠ | ᠡᠯ᠎ᠡ ᠪᠠᠯᠭᠠᠰᠤ ᠪᠣᠯᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ | ᠪᠦᠷᠢᠯᠳᠦᠬᠦᠨ ᠨᠢᠭᠡᠴᠡ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠤᠬᠠᠭᠤᠯᠭ᠎ᠠ | ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠨᠡᠶᠢᠳᠡᠮ | ᠪᠠᠶᠢᠴᠠᠭᠠᠯᠲᠠ ᠶᠢ ᠪᠠᠶᠢᠩᠭᠤᠵᠢᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠭᠠᠮᠰᠢᠭ ᠤᠨ ᠮᠡᠳᠡᠭᠡ | ᠵᠠᠩᠭᠢ ᠶᠢᠨ ᠮᠡᠳᠡᠭᠦᠯᠦᠯᠲᠡ ᠶᠢ ᠴᠢᠩᠭᠠᠳᠬᠠᠵᠤ᠂ ᠬᠥᠮᠦᠨ ᠢᠶᠠᠷ ᠰᠡᠷᠭᠡᠶᠢᠯᠡᠬᠦ ᠪᠠ ᠮᠡᠷᠭᠡᠵᠢᠯ ᠢᠶᠠᠷ ᠰᠡᠷᠭᠡᠶᠢᠯᠡᠬᠦ ᠶᠢ | ᠪᠦᠲᠦᠮᠵᠢᠲᠡᠢ ᠤᠶᠠᠯᠳᠤᠭᠤᠯᠬᠤ ᠬᠡᠷᠡᠭᠲᠡᠢ᠃ ᠴᠠᠭ ᠠᠭᠤᠷ᠂ ᠲᠠᠷᠢᠶᠠᠯᠠᠩ ᠮᠠᠯ ᠠᠵᠤ ᠠᠬᠤᠶ᠂ ᠤᠰᠤᠨ ᠤ ᠶᠠᠪᠤᠳᠠᠯ᠂ | ᠵᠠᠮ ᠬᠠᠷᠢᠯᠴᠠᠭ᠎ᠠ᠂ ᠴᠠᠬᠢᠯᠭᠠᠨ ᠬᠠᠩᠭᠠᠬᠤ᠂ ᠪᠠᠶᠢᠭᠠᠯᠢ ᠶᠢᠨ ᠡᠬᠢ ᠪᠠᠶᠠᠯᠢᠭ᠂ ᠰᠣᠶᠣᠯ ᠵᠢᠭᠤᠯᠴᠢᠯᠠᠯ ᠵᠡᠷᠭᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠨᠦᠭᠦᠳ ᠳᠣᠤᠷ᠎ᠠ ᠳᠤᠯᠠᠭᠠᠨ ᠪᠣᠷᠣᠭᠠᠨ ᠴᠠᠰᠤ ᠮᠥᠰᠥᠲᠦᠯᠭᠡ ᠶᠢᠨ | ᠭᠠᠮᠰᠢᠭ ᠢ ᠬᠢᠨᠠᠨ ᠬᠡᠮᠵᠢᠬᠦ ᠲᠣᠤᠷ ᠰᠦᠯᠵᠢᠶ᠎ᠡ ᠶᠢ ᠪᠠᠶᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠺᠣᠮᠢᠰ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠰᠠᠭᠠᠳ ᠦᠭᠡᠶ ᠨᠡᠪᠲᠡᠷᠡᠬᠦ | ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠷᠭ᠎ᠠ ᠵᠠᠮ ᠢ ᠪᠠᠶᠢᠭᠤᠯᠬᠤ ᠬᠡᠷᠡᠭᠲᠡᠶ᠃ ᠷᠠᠳᠢᠣ᠋ ᠨᠡᠪᠲᠡᠷᠡᠭᠦᠯᠭᠡ᠂ | ᠲᠧᠯᠸᠢᠰ ᠵᠡᠷᠭᠡ ᠵᠠᠭᠤᠴᠢᠯᠠᠭᠤᠷ ᠪᠠ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠰᠡᠷᠡᠮᠵᠢᠯᠡᠭᠦᠯᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢ ᠨᠡᠶᠢᠲᠡᠯᠡᠬᠦ ᠪᠠᠲᠤᠯᠠᠭ᠎ᠠ ᠶᠢ ᠴᠢᠩᠭᠠᠳᠬᠠᠵᠤ | ᠂ ᠣᠨᠴᠠ ᠲᠣᠭᠲᠠᠭᠰᠠᠨ ᠬᠥᠮᠦᠰ᠂ ᠣᠨᠴᠠ ᠲᠣᠭᠲᠠᠭᠰᠠᠨ ᠣᠷᠣᠨ ᠳᠤ ᠪᠠᠴᠢᠮ ᠪᠠᠶᠢᠳᠠᠯ ᠢ ᠠᠷᠭᠠᠴᠠᠬᠤ ᠮᠡᠳᠡᠭᠡ | ᠵᠠᠩᠭᠢ ᠶᠢ ᠨᠡᠶᠢᠲᠡᠯᠡᠬᠦ ᠵᠢᠴᠢ ᠪᠦᠬᠦᠨ ᠢ ᠬᠠᠮᠤᠷᠤᠨ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢ ᠨᠡᠶᠢᠲᠡᠯᠡᠬᠦ | ᠬᠠᠮᠢᠶ᠎ᠠ ᠪᠦᠬᠦᠢ ᠮᠡᠷᠭᠡᠵᠢᠯ ᠢ ᠰᠤᠳᠤᠯᠤᠨ ᠬᠡᠷᠡᠭᠯᠡᠵᠦ᠂ ᠮᠡᠳᠡᠭᠡ ᠵᠠᠩᠭᠢ ᠶᠢ ᠴᠠᠭ ᠲᠤᠬᠠᠶ ᠳᠤᠨᠢ ᠬᠡᠷᠡᠭᠴᠡᠭᠡ ᠶᠣᠰᠣᠭᠠᠷ | ᠬᠦᠷᠭᠡᠬᠦ ᠶᠢ ᠪᠡᠶᠡᠯᠡᠭᠦᠯᠦᠨ᠎ᠡ᠃ | 6.2 ᠵᠠᠮ ᠬᠠᠷᠢᠯᠴᠠᠭ᠎ᠠ ᠳᠡᠭᠡᠭᠡᠪᠦᠷᠢ ᠶᠢᠨ ᠪᠠᠳᠣᠯᠠᠭ᠎ᠠ | ᠠᠶᠠᠨᠴᠢᠳ ᠤᠨ ᠲᠡᠭᠡᠭᠡᠪᠦᠷᠢ ᠶᠢᠨ ᠲᠡᠷᠭᠡᠨ ᠥᠷᠲᠡᠭᠡ᠂ ᠲᠡᠮᠦᠷ ᠵᠠᠮ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠬᠦᠢᠲᠡᠨ ᠪᠠ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠰᠠᠭᠠᠲᠠᠭᠰᠠᠨ ᠬᠥᠮᠦᠰ ᠢ ᠬᠥᠲᠥᠯᠥᠨ ᠵᠢᠯᠣᠭᠤᠳᠬᠤ᠂ ᠲᠥᠪᠬᠢᠨᠡᠭᠦᠯᠬᠦ ᠲᠣᠭᠲᠠᠴᠠ ᠶᠢ ᠲᠣᠭᠲᠠᠭᠠᠬᠤ | ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠨᠢᠭᠡᠴᠡ ᠶᠢ | ᠵᠢᠯᠣᠭᠤᠳᠤᠨ ᠵᠣᠬᠢᠴᠠᠭᠤᠯᠵᠤ ᠪᠠᠶᠢᠭᠠᠳ ᠬᠥᠮᠦᠰ ᠢ ᠰᠢᠯᠵᠢᠭᠦᠯᠦᠨ ᠲᠡᠭᠡᠭᠡᠪᠦᠷᠢᠯᠡᠬᠦ ᠳᠤ ᠬᠡᠷᠡᠭᠰᠡᠬᠦ ᠲᠡᠷᠭᠡ | ᠬᠥᠰᠬᠡ ᠶᠢᠨ ᠪᠠᠲᠤᠯᠠᠭ᠎ᠠ ᠶᠢ ᠰᠠᠶᠢᠲᠤᠷ ᠬᠢᠵᠦ᠂ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠵᠠᠮ ᠲᠡᠭᠡᠭᠡᠪᠦᠷᠢ ᠶᠢᠨ ᠵᠠᠮ ᠢ ᠴᠠᠭ ᠲᠤᠬᠠᠶ ᠳᠤᠨᠢ ᠵᠠᠪᠳᠤᠨ | ᠨᠡᠪᠲᠡᠷᠡᠭᠦᠯᠬᠦ ᠬᠡᠷᠡᠭᠲᠡᠶ᠃ | 6.3 ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠲᠤᠯᠠᠭ᠎ᠠ | ᠡᠯ᠎ᠡ ᠪᠠᠯᠭᠠᠰᠤ ᠪᠣᠯᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠣᠤᠷ᠎ᠠ ᠳᠤᠯᠠᠭᠠᠨ ᠪᠣᠷᠣᠭᠠᠨ | ᠴᠠᠰᠤ ᠮᠥᠰᠥᠲᠦᠯᠭᠡ ᠶᠢᠨ ᠭᠠᠮᠰᠢᠭ ᠤᠨ ᠲᠤᠰᠬᠠᠶ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠤᠷ᠎ᠠ ᠴᠢᠳᠠᠪᠤᠷᠢ ᠶᠢᠨ ᠪᠣᠳᠠᠲᠠᠶ ᠪᠣᠯᠪᠠᠰᠤᠷᠠᠯ ᠪᠠ ᠭᠠᠮᠰᠢᠭ ᠢ ᠰᠡᠷᠭᠡᠶᠢᠯᠡᠵᠦ ᠰᠡᠷᠭᠡᠶᠢᠯᠡᠨ | ᠬᠠᠮᠠᠭᠠᠯᠠᠬᠤ ᠪᠣᠯᠪᠠᠰᠤᠷᠠᠭᠤᠯᠤᠯ ᠢ ᠥᠷᠨᠢᠭᠦᠯᠬᠦ ᠬᠡᠷᠡᠭᠲᠡᠶ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠳᠣᠤᠷ᠎ᠠ ᠳᠤᠯᠠᠭᠠᠨ ᠪᠣᠷᠣᠭᠠᠨ ᠴᠠᠰᠤ ᠮᠥᠰᠥᠳᠥᠯ ᠤᠨ | ᠭᠠᠮᠰᠢᠭ ᠠᠴᠠ ᠠᠪᠤᠷᠠᠬᠤ ᠬᠠᠷᠢᠯᠴᠠᠨ ᠠᠪᠤᠷᠠᠬᠤ ᠪᠣᠯᠪᠠᠰᠤᠷᠠᠭᠤᠯᠤᠯ ᠢ ᠴᠢᠩᠭᠠᠳᠬᠠᠨ᠂ ᠲᠤᠰᠬᠠᠶ ᠲᠤᠰᠢᠶᠠᠯ ᠤᠨ ᠪᠠ | ᠲᠤᠰᠢᠶᠠᠯ ᠬᠠᠪᠰᠤᠷᠭᠠᠭᠰᠠᠨ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠤᠨ ᠭᠠᠮᠰᠢᠭ ᠢ ᠤᠷᠢᠳᠠᠪᠠᠷ ᠰᠢᠢᠳᠪᠦᠷᠢᠯᠡᠬᠦ | ᠠᠵᠢᠯ ᠢ ᠰᠠᠶᠢᠲᠤᠷ ᠬᠢᠬᠦ ᠬᠡᠷᠡᠭᠲᠡᠶ᠃ ᠵᠡᠪᠰᠡᠭᠲᠦ ᠴᠠᠭᠳᠠᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ | ᠵᠡᠷᠭᠡ ᠪᠠᠴᠢᠮ ᠪᠠᠶᠢᠳᠠᠯ ᠢ ᠠᠷᠭᠠᠴᠠᠬᠤ ᠬᠦᠴᠦᠨ ᠢ ᠴᠢᠭᠯᠡᠭᠦᠯᠬᠦ ᠴᠢᠨᠠᠷᠲᠠᠶ ᠪᠠᠷ ᠥᠷᠨᠢᠭᠦᠯᠬᠦ ᠬᠡᠷᠡᠭᠲᠡᠶ᠃ | 6.4 ᠲᠤᠨᠤᠭ ᠳᠥᠬᠦᠭᠡᠷᠦᠮᠵᠢ ᠡᠳ᠋ ᠪᠠᠷᠠᠭ᠎ᠠ ᠶᠢᠨ ᠪᠠᠳᠣᠯᠠᠭ᠎ᠠ | ᠳᠣᠣᠷ᠎ᠠ ᠳᠤᠯᠠᠭᠠᠨ ᠪᠠ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠤᠨ ᠣᠨᠴᠠᠯᠢᠭ ᠢ ᠦᠨᠳᠦᠰᠦᠯᠡᠨ᠂ ᠡᠯ᠎ᠡ | ᠪᠠᠯᠭᠠᠰᠤ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠡᠷᠡᠭᠯᠡᠬᠦ ᠳᠤ ᠲᠣᠬᠢᠷᠠᠬᠤ ᠮᠥᠰᠥ ᠴᠠᠰᠤ᠂ | ᠵᠠᠮ ᠤᠨ ᠰᠠᠭᠠᠳ ᠲᠣᠳᠬᠠᠷ ᠢ ᠠᠷᠢᠯᠭᠠᠬᠤ᠂ ᠴᠠᠬᠢᠯᠭᠠᠨ ᠬᠦᠴᠦᠨ ᠤ ᠴᠢᠮᠡᠭᠡ ᠬᠤᠯᠪᠣᠭ᠎ᠠ᠂ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠨ ᠠᠵᠢᠭᠯᠠᠬᠤ ᠵᠡᠷᠭᠡ ᠲᠣᠨᠤᠭ ᠲᠥᠬᠦᠭᠡᠷᠦᠮᠵᠢ ᠶᠢᠨ ᠡᠳ᠋ ᠪᠣᠳᠠᠰ ᠢ ᠨᠥᠭᠡᠴᠡᠯᠡᠬᠦ ᠶᠢᠨ | ᠬᠠᠮᠲᠤ ᠠᠵᠢᠯᠯᠠᠭᠴᠢ᠂ ᠮᠡᠷᠭᠡᠵᠢᠯᠲᠡᠨ ᠤ ᠡᠩᠨᠡᠭᠡ ᠶᠢ ᠢᠵᠢ ᠪᠦᠷᠢᠳᠦᠭᠦᠯᠦᠨ ᠪᠠᠶᠢᠭᠤᠯᠵᠤ᠂ ᠭᠠᠮᠰᠢᠭ ᠢ ᠤᠷᠢᠳᠴᠢᠯᠠᠨ | ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠤᠭᠤᠴᠠᠭᠠᠨ ᠳᠤ᠂ ᠲᠣᠨᠤᠭ ᠲᠥᠬᠦᠭᠡᠷᠦᠮᠵᠢ | ᠡᠳ᠋ ᠪᠣᠳᠠᠰ ᠢ ᠲᠦᠷᠭᠡᠨ ᠬᠦᠷᠭᠡᠬᠦ ᠶᠢᠨ ᠬᠠᠮᠲᠤ ᠬᠡᠪ ᠤᠨ ᠶᠣᠰᠣᠭᠠᠷ ᠬᠡᠷᠡᠭᠯᠡᠬᠦ ᠶᠢ ᠪᠠᠲᠤᠯᠠᠬᠤ ᠬᠡᠷᠡᠭᠲᠡᠶ᠃ | 6.5 ᠪᠠᠴᠢᠮ ᠪᠠᠢᠳᠡᠯ ᠢ ᠠᠷᠭᠠᠴᠠᠬᠤ ᠪᠡᠯᠡ ᠮᠦᠡᠭᠬᠦ ᠶᠢᠨ ᠪᠠᠳᠣᠯᠠᠭ᠎ᠠ | ᠰᠢᠶᠠᠨ ᠤ ᠵᠠᠰᠠᠭ ᠤᠨ ᠣᠷᠳᠣᠨ ᠭᠠᠮᠰᠢᠭ ᠠᠴᠠ ᠠᠪᠤᠷᠠᠨ ᠲᠤᠰᠠᠯᠠᠵᠤ ᠠᠪᠤᠷᠠᠨ ᠲᠤᠰᠠᠯᠠᠬᠤ ᠬᠡᠷᠡᠭᠴᠡᠭᠡ | ᠱᠠᠭᠠᠷᠳᠠᠯᠭ᠎ᠠ ᠲᠠᠢ ᠵᠣᠬᠢᠴᠠᠭᠰᠠᠨ ᠪᠡᠯᠡ ᠮᠥᠩᠭᠦ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠠᠪᠤᠷᠠᠨ | ᠲᠤᠰᠠᠯᠠᠬᠤ ᠪᠡᠯᠡ ᠮᠥᠩᠭᠦ ᠪᠠ ᠠᠵᠢᠯ ᠤᠨ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ | ᠣᠷᠣᠭᠤᠯᠬᠤ ᠬᠡᠷᠡᠭᠲᠡᠶ᠃ ᠭᠠᠮᠰᠢᠭ ᠭᠠᠷᠤᠮᠠᠭᠴᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠴᠠᠭ ᠲᠤᠬᠠᠶ ᠳᠤᠨᠢ | ᠪᠡᠯᠡ ᠮᠥᠩᠭᠦ ᠶᠢ ᠲᠣᠬᠢᠷᠠᠭᠤᠯᠤᠨ ᠪᠠᠭᠤᠯᠭᠠᠵᠤ᠂ ᠭᠠᠮᠰᠢᠭ ᠠᠴᠠ ᠠᠪᠤᠷᠠᠬᠤ ᠠᠵᠢᠯ ᠤᠨ ᠤᠷᠤᠭᠰᠢᠲᠠᠶ | ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ | 6.6 ᠨᠡᠶᠢᠭᠡᠮ ᠤᠨ ᠳᠠᠶᠢᠴᠢᠯᠠᠯᠲᠠ ᠶᠢᠨ ᠪᠠᠲᠤᠯᠠᠭ᠎ᠠ | ᠬᠡᠷᠡᠭ ᠭᠠᠷᠤᠭᠰᠠᠨ ᠭᠠᠵᠠᠷ ᠪᠠᠯᠭᠠᠰᠤ ᠨᠤᠭᠤᠳ ᠭᠠᠮᠰᠢᠭ ᠤᠨ ᠰᠢᠨᠵᠢ ᠴᠢᠨᠠᠷ᠂ ᠬᠥᠨᠥᠭᠡᠯ ᠤᠨ ᠬᠡᠮᠵᠢᠶ᠎ᠡ ᠪᠣᠯᠤᠨ | ᠬᠡᠪᠴᠢᠶ᠎ᠡ ᠶᠢ ᠦᠨᠳᠦᠰᠦᠯᠡᠨ᠂ ᠨᠠᠮ ᠤᠨ ᠭᠡᠰᠢᠭᠦᠨ ᠺᠠᠳ᠋ᠷ ᠪᠣᠯᠤᠨ ᠥᠷᠭᠡᠨ ᠣᠯᠠᠨ ᠠᠷᠠᠳ ᠲᠦᠮᠡᠨ ᠢ ᠳᠠᠶᠢᠴᠢᠯᠠᠨ | ᠵᠣᠬᠢᠶᠠᠨ ᠪᠠᠶᠢᠭᠤᠯᠵᠤ᠂ ᠬᠤᠷᠠᠭᠰᠠᠨ ᠴᠠᠰᠤ ᠶᠢ ᠠᠷᠢᠯᠭᠠᠬᠤ᠂ ᠮᠥᠰᠥ ᠬᠥᠯᠳᠡᠬᠦ ᠵᠡᠷᠭᠡ ᠠᠵᠢᠯ ᠳᠤ ᠣᠷᠣᠯᠴᠠᠭᠤᠯᠵᠤ | ᠂ ᠨᠡᠶᠢᠭᠡᠮ ᠤᠨ ᠬᠦᠴᠦᠨ ᠢ ᠳᠠᠶᠢᠴᠢᠯᠠᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠲᠤᠯᠠᠬᠤ | ᠠᠵᠢᠯ ᠳᠤ ᠢᠳᠡᠪᠬᠢᠲᠡᠶ ᠣᠷᠣᠯᠴᠠᠭᠤᠯᠵᠤ᠂ ᠪᠠᠴᠢᠮ ᠪᠠᠶᠢᠳᠠᠯ ᠤᠨ ᠳᠣᠤᠷ᠎ᠠ ᠲᠡᠷᠭᠡ ᠬᠥᠰᠬᠡ᠂ ᠡᠳ᠋ ᠪᠣᠳᠠᠰ᠂ | ᠬᠥᠮᠦᠰ ᠢ ᠬᠠᠤᠯᠢ ᠶᠣᠰᠣᠭᠠᠷ ᠲᠠᠲᠠᠪᠤᠷᠢᠯᠠᠨ ᠬᠡᠷᠡᠭᠯᠡᠬᠦ ᠪᠠ ᠰᠢᠯᠵᠢᠭᠦᠯᠦᠨ ᠬᠡᠷᠡᠭᠯᠡᠬᠦ ᠶᠢᠨ ᠬᠠᠮᠲᠤ ᠨᠥᠬᠦᠪᠥᠷᠢ ᠥᠭᠬᠦ | ᠬᠡᠷᠡᠭᠲᠡᠶ᠃ | 6.7 ᠪᠣᠯᠪᠠᠰᠤᠷᠠᠯ ᠤᠬᠠᠭᠤᠯᠭ᠎ᠠ ᠬᠥᠮᠦᠵᠢᠯ ᠤᠨ ᠰᠣᠷᠢᠯᠲᠠ | ᠡᠯ᠎ᠡ ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠣᠷᠣᠨ᠂ ᠡᠯ᠎ᠡ ᠰᠠᠯᠠᠭ᠎ᠠ ᠮᠥᠴᠢᠷ ᠨᠢᠭᠡᠴᠡ ᠲᠣᠰ ᠱᠠᠲᠤ | ᠂ ᠲᠣᠰ ᠰᠢᠰᠲ᠋ᠧᠮ᠂ ᠲᠣᠰ ᠠᠵᠢᠯ ᠲᠥᠷᠥᠯ᠂ ᠲᠣᠰ ᠬᠦᠷᠢᠶᠡᠨ ᠳᠠᠬᠢ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠬᠠᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠬᠠᠷᠢᠶ᠎ᠠ ᠨᠢᠭᠡᠴᠡ᠂ | ᠠᠵᠢᠯᠲᠠᠨ ᠢ ᠬᠥᠲᠥᠯᠦᠨ ᠵᠢᠯᠣᠭᠤᠳᠴᠤ ᠪᠠᠶᠢᠭᠠᠳ ᠠᠭᠤᠷ ᠠᠮᠢᠰᠬᠤᠯ ᠤᠨ ᠬᠤᠪᠢᠷᠠᠯᠲᠠ ᠶᠢᠨ ᠠᠬᠤᠶ ᠪᠠᠶᠢᠳᠠᠯ | ᠳᠣᠤᠷᠠᠬᠢ ᠲᠦᠢᠯ ᠤᠨ ᠴᠠᠭ ᠠᠭᠤᠷ ᠤᠨ ᠭᠠᠮᠰᠢᠭ ᠵᠢᠴᠢ ᠡᠭᠦᠰᠦᠮᠡᠯ ᠭᠠᠮᠰᠢᠭ᠂ ᠡᠭᠦᠰᠦᠮᠡᠯ ᠭᠠᠮᠰᠢᠭ᠂ ᠬᠤᠯᠪᠣᠭᠳᠠᠯ | ᠪᠥᠬᠦᠶ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠡᠵᠡᠮᠰᠢᠭᠦᠯᠵᠦ᠂ ᠭᠠᠮᠰᠢᠭ ᠢ ᠰᠡᠷᠭᠡᠶᠢᠯᠡᠬᠦ ᠪᠠ ᠠᠷᠭᠠᠴᠠᠬᠤ ᠠᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠶ᠃ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠬᠤ᠂ ᠵᠠᠮ ᠬᠠᠷᠢᠯᠴᠠᠭ᠎ᠠ᠂ ᠳᠣᠲᠣᠭᠠᠳᠤ ᠶᠢ | ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠳᠣᠤᠷ᠎ᠠ | ᠳᠤᠯᠠᠭᠠᠨ ᠪᠠ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠪᠤᠶᠤ ᠰᠠᠯᠠᠭ᠎ᠠ ᠮᠥᠴᠢᠷ ᠤᠨ ᠬᠠᠮᠲᠤᠷᠠᠨ | ᠪᠣᠯᠪᠠᠰᠤᠷᠠᠭᠤᠯᠬᠤ ᠬᠠᠮᠲᠤᠷᠠᠭᠰᠠᠨ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠡᠯ᠎ᠡ ᠪᠠᠯᠭᠠᠰᠤ ᠪᠣᠯᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠨᠡᠶᠢᠭᠡᠮ ᠨᠡᠶᠢᠲᠡ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢ ᠴᠢᠬᠤᠯᠠᠴᠢᠯᠠᠨ ᠴᠢᠩᠭᠠᠳᠬᠠᠵᠤ᠂ ᠨᠡᠶᠢᠭᠡᠮ ᠨᠡᠶᠢᠲᠡ ᠶᠢᠨ ᠣᠯᠵᠤ | ᠠᠪᠬᠤ᠂ ᠭᠠᠮᠰᠢᠭ ᠢ ᠰᠡᠷᠡᠮᠵᠢᠯᠡᠭᠦᠯᠬᠦ ᠦᠵᠡᠯ ᠤᠬᠠᠮᠰᠠᠷ ᠪᠣᠯᠤᠨ ᠴᠢᠳᠠᠪᠤᠷᠢ ᠶᠢ ᠨᠡᠮᠡᠭᠳᠡᠭᠦᠯᠵᠦ᠂ ᠠᠶᠤᠯ ᠠᠴᠠ | ᠵᠠᠶᠢᠯᠠᠵᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | 7. ᠳᠠᠭᠠᠯᠳᠤᠭᠤᠯᠤᠭᠰᠠᠨ ᠲᠦᠷᠢᠮ | 7.1 ᠪᠡᠯᠡᠳᠭᠡᠯ ᠳᠥᠰᠥᠯ ᠤᠨ ᠬᠠᠮᠢᠶᠡᠷᠦᠯᠳᠡ | ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠲᠤᠰ ᠪᠡᠯᠡᠳᠬᠡᠯ ᠲᠥᠰᠦᠯ ᠢ ᠲᠣᠭᠲᠠᠭᠠᠵᠤ᠂ ᠰᠢᠶᠠᠨ ᠤ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠳᠠᠷᠤᠮᠠᠯᠯᠠᠨ ᠶᠠᠪᠤᠭᠤᠯᠬᠤ ᠶᠢᠨ ᠬᠠᠮᠲᠤ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ ᠬᠡᠷᠡᠭᠲᠡᠶ᠃ ᠲᠣᠰ ᠪᠡᠯᠡᠳᠬᠡᠯ ᠲᠥᠰᠦᠯ ᠪᠣᠯ | ᠰᠢᠶᠠᠨ ᠤ ᠵᠠᠰᠠᠭ ᠤᠨ ᠣᠷᠳᠣᠨ ᠤ ᠴᠠᠰᠤ ᠬᠥᠯᠳᠡᠬᠦ ᠶᠢ ᠰᠡᠷᠭᠡᠶᠢᠯᠡᠬᠦ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ | ᠪᠠᠶᠢᠭᠤᠯᠬᠤ ᠪᠠ ᠵᠢᠯᠣᠭᠤᠳᠬᠤ ᠲᠤᠰᠬᠠᠶ ᠵᠦᠢᠯ ᠤᠨ ᠪᠡᠯᠡᠳᠬᠡᠯ ᠲᠥᠰᠦᠯ ᠪᠣᠯᠤᠨ᠎ᠠ᠂ ᠡᠯ᠎ᠡ ᠪᠦᠷᠢᠯᠳᠦᠬᠦᠨ | ᠨᠢᠭᠡᠴᠡ ᠨᠦᠭᠦᠳ ︽ᠭᠤᠷᠪᠠ ᠶᠢ ᠲᠣᠭᠲᠠᠭᠠᠬᠤ︾ ᠡᠭᠦᠷᠭᠡ ᠬᠠᠷᠢᠭᠤᠴᠠᠯᠭ᠎ᠠ ᠪᠣᠯᠤᠨ ᠲᠣᠰ ᠪᠡᠯᠡᠳᠬᠡᠯ ᠲᠥᠰᠦᠯ ᠤᠨ | ᠱᠠᠭᠠᠷᠳᠠᠯᠭ᠎ᠠ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠵᠣᠬᠢᠴᠠᠩᠭᠤᠶ ᠪᠡᠯᠡᠳᠬᠡᠯ ᠲᠥᠰᠦᠯ ᠪᠤᠶᠤ | ᠠᠵᠢᠯ ᠤᠨ ᠲᠥᠰᠦᠯ ᠲᠣᠭᠲᠠᠭᠠᠬᠤ ᠶᠢᠨ ᠬᠠᠮᠲᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃ | 7.2 ᠲᠠᠩᠰᠠ ᠡᠪᠬᠡᠮᠡᠯ ᠢ ᠴᠤᠭᠯᠠᠭᠤᠯᠤᠨ ᠬᠠᠮᠢᠶᠠᠷᠬᠤ | ᠳᠣᠤᠷ᠎ᠠ ᠳᠤᠯᠠᠭᠠᠨ ᠪᠠ ᠪᠣᠷᠣᠭᠠᠨ ᠴᠠᠰᠤ ᠮᠥᠰᠥᠳᠥᠯ ᠤᠨ ᠭᠠᠮᠰᠢᠭ ᠢ ᠰᠡᠷᠭᠡᠶᠢᠯᠡᠨ ᠠᠷᠭᠠᠴᠠᠬᠤ ᠶᠠᠪᠤᠴᠠ ᠳᠤ | ᠪᠤᠶ ᠪᠣᠯᠤᠭᠰᠠᠨ ᠬᠠᠳᠠᠭᠠᠯᠠᠬᠤ ᠦᠨ᠎ᠡ ᠥᠷᠲᠡᠭ ᠲᠠᠢ ᠲᠡᠦᠬᠡ ᠶᠢᠨ ᠲᠡᠮᠳᠡᠭᠯᠡᠯ ᠨᠢ ᠬᠦᠨᠳᠦ ᠣᠨᠴᠠ ᠶᠡᠭᠡ ᠬᠡᠷᠡᠭ ᠤᠨ | ᠳᠠᠩᠰᠠ ᠡᠪᠬᠡᠮᠡᠯ ᠳᠤ ᠲᠣᠭᠠᠴᠢᠭᠳᠠᠵᠤ᠂ ᠳᠣᠤᠷ᠎ᠠ ᠳᠤᠯᠠᠭᠠᠨ ᠪᠠ ᠪᠣᠷᠣᠭᠠᠨ ᠴᠠᠰᠤ ᠮᠥᠰᠥᠳᠥᠯ ᠤᠨ ᠭᠠᠮᠰᠢᠭ ᠢ | ᠰᠡᠷᠭᠡᠶᠢᠯᠡᠨ ᠠᠷᠭᠠᠴᠠᠬᠤ ᠠᠵᠢᠯ ᠳᠠᠭᠤᠰᠤᠭᠰᠠᠨ ᠤ ᠳᠠᠷᠠᠭ᠎ᠠ᠂ ᠳᠠᠩᠰᠠ ᠡᠪᠬᠡᠮᠡᠯ ᠢ ᠴᠤᠭᠯᠠᠭᠤᠯᠬᠤ᠂ ᠬᠠᠳᠠᠭᠠᠯᠠᠬᠤ | ᠠᠵᠢᠯ ᠢ ᠰᠠᠶᠢᠲᠤᠷ ᠬᠢᠬᠦ ᠬᠡᠷᠡᠭᠲᠡᠶ᠃ ᠰᠢᠶᠠᠨ ᠤ ᠲᠠᠩᠰᠠ ᠡᠪᠬᠡᠮᠡᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠰᠢᠶᠠᠨ ᠤ ᠨᠠᠮ ᠤᠨ ᠬᠤᠷᠢᠶ᠎ᠠ ᠪᠠ ᠰᠢᠶᠠᠨ ᠤ ᠵᠠᠰᠠᠭ ᠤᠨ ᠣᠷᠳᠣᠨ ᠢ ᠬᠠᠮᠵᠢᠨ ᠡᠯ᠎ᠡ ᠪᠠᠯᠭᠠᠰᠤᠨ ᠤ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠳᠤ ᠣᠷᠣᠯᠴᠠᠭᠰᠠᠨ ᠰᠠᠯᠠᠭ᠎ᠠ ᠮᠥᠴᠢᠷ ᠨᠢᠭᠡᠴᠡ ᠶᠢ | ᠰᠢᠮᠳᠠᠭᠤᠯᠵᠤ ᠪᠠᠶᠢᠭᠠᠳ ᠬᠦᠨᠳᠦ ᠣᠨᠴᠠ ᠶᠡᠭᠡ ᠬᠡᠷᠡᠭ ᠢ ᠠᠷᠭᠠᠴᠠᠨ ᠰᠢᠢᠳᠪᠦᠷᠢᠯᠡᠬᠦ ᠠᠵᠢᠯ ᠤᠨ ᠡᠳᠦᠷ ᠤᠨ | ᠲᠡᠮᠳᠡᠭᠯᠡᠯ ᠢ ᠪᠠᠶᠢᠭᠤᠯᠤᠨ ᠲᠡᠭᠦᠯᠳᠡᠷᠵᠢᠭᠦᠯᠵᠦ᠂ ᠬᠦᠨᠳᠦ ᠣᠨᠴᠠ ᠶᠡᠭᠡ ᠬᠡᠷᠡᠭ ᠤᠨ ᠡᠯ᠎ᠡ ᠵᠦᠢᠯ ᠤᠨ ᠠᠷᠭᠠᠴᠠᠨ | ᠰᠢᠢᠳᠪᠦᠷᠢᠯᠡᠬᠦ ᠠᠵᠢᠯ ᠤᠨ ᠪᠠᠶᠢᠳᠠᠯ ᠢ ᠦᠨᠡᠨ ᠬᠦ ᠪᠥᠬᠦ ᠲᠠᠯ᠎ᠠ ᠪᠠᠷ ᠲᠡᠮᠳᠡᠭᠯᠡᠬᠦ ᠬᠡᠷᠡᠭᠲᠡᠶ᠃ ᠬᠦᠨᠳᠦ ᠣᠨᠴᠠ ᠶᠡᠭᠡ | ᠬᠡᠷᠡᠭ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠤ ᠣᠷᠣᠯᠴᠠᠬᠤ ᠰᠠᠯᠠᠭ᠎ᠠ ᠮᠥᠴᠢᠷ ᠨᠢᠭᠡᠴᠡ ᠨᠦᠭᠦᠳ ᠬᠦᠨᠳᠦ | ᠶᠡᠭᠡ ᠬᠡᠷᠡᠭ ᠶᠠᠪᠤᠳᠠᠯ ᠤᠨ ᠲᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠬᠠᠳᠠᠭᠠᠯᠠᠨ ᠬᠠᠮᠢᠶᠠᠷᠬᠤ ᠠᠵᠢᠯ ᠢ | ᠬᠢᠨᠠᠮᠠᠭᠠᠶ ᠰᠠᠶᠢᠲᠤᠷ ᠬᠢᠵᠦ᠂ ᠲᠤᠰᠬᠠᠶ ᠲᠠᠩᠰᠠ ᠡᠪᠬᠡᠮᠡᠯ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ᠂ | ᠬᠦᠨᠳᠦ ᠶᠡᠭᠡ ᠬᠡᠷᠡᠭ ᠶᠠᠪᠤᠳᠠᠯ ᠤᠨ ᠲᠠᠩᠰᠠ ᠡᠪᠬᠡᠮᠡᠯ ᠤᠨ ᠡᠯ᠎ᠡ ᠬᠦᠴᠦᠨ ᠵᠦᠢᠯ ᠤᠨ ᠪᠦᠷᠢᠨ ᠪᠦᠲᠦᠨ᠂ ᠡᠯ᠎ᠡ | ᠭᠤᠭᠴᠤᠭ᠎ᠠ ᠳᠤ ᠲᠡᠮᠳᠡᠭᠯᠡᠯ ᠲᠠᠢ᠂ ᠪᠥᠬᠦ ᠶᠠᠪᠤᠴᠠ ᠳᠤ ᠡᠭᠡᠭᠦᠯᠦᠨ ᠨᠡᠬᠡᠮᠵᠢᠯᠡᠵᠦ ᠪᠣᠯᠬᠤ ᠶᠢ ᠦᠨᠡᠨᠬᠦ ᠪᠠᠲᠤᠯᠠᠬᠤ ᠶᠢᠨ | ᠬᠠᠮᠲᠤ᠂ ᠲᠣᠭᠲᠠᠭᠠᠯ ᠶᠣᠰᠣᠭᠠᠷ ᠲᠠᠩᠰᠠ ᠡᠪᠬᠡᠮᠡᠯ ᠤᠨ ᠲᠣᠪᠴᠢᠶ᠎ᠠ ᠳᠤ ᠬᠠᠮᠢᠶ᠎ᠠ ᠪᠥᠬᠦᠶ ᠲᠠᠩᠰᠠ ᠡᠪᠬᠡᠮᠡᠯ ᠢ ᠴᠠᠭ | ᠲᠤᠬᠠᠶ ᠳᠤᠨᠢ ᠰᠢᠯᠵᠢᠭᠦᠯᠦᠨ ᠲᠤᠰᠢᠶᠠᠬᠤ ᠬᠡᠷᠡᠭᠲᠡᠶ᠃ | 7.3 ᠬᠠᠷᠢᠭᠤᠴᠠᠯᠭ᠎ᠠ ᠬᠢᠭᠡᠳ ᠱᠠᠩᠨᠠᠯ ᠵᠠᠯᠬᠠᠭᠠᠬᠤ | ᠡᠯ᠎ᠡ ᠪᠠᠯᠭᠠᠰᠤ ᠪᠠ ᠡᠯ᠎ᠡ ᠰᠠᠯᠠᠭ᠎ᠠ ᠮᠥᠴᠢᠷ ᠤᠳ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠭᠠᠮᠰᠢᠭ ᠢ | ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠮᠡᠳᠡᠭᠦᠯᠬᠦ᠂ | ᠵᠢᠯᠣᠭᠤᠳᠤᠨ ᠵᠣᠬᠢᠴᠠᠭᠤᠯᠬᠤ᠂ ᠠᠶᠤᠯ ᠠᠴᠠ ᠠᠪᠤᠷᠠᠨ ᠲᠤᠰᠠᠯᠠᠬᠤ᠂ ᠭᠠᠮᠰᠢᠭ ᠠᠴᠠ ᠠᠪᠤᠷᠠᠨ ᠲᠤᠰᠠᠯᠠᠬᠤ ᠵᠡᠷᠭᠡ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠭᠦᠷᠭᠡ ᠶᠢ ᠢᠳᠡᠪᠬᠢᠲᠡᠶ ᠪᠠᠷ ᠡᠭᠦᠷᠭᠡᠯᠡᠬᠦ | ᠬᠡᠷᠡᠭᠲᠡᠶ᠃ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠳᠤᠮᠳᠠ ᠲᠣᠪᠤᠶᠢᠮ᠎ᠠ ᠬᠤᠪᠢ ᠨᠡᠮᠡᠷᠢ | ᠦᠵᠡᠭᠦᠯᠦᠭᠰᠡᠨ ᠲᠡᠷᠢᠭᠦᠨ ᠤ ᠬᠠᠮᠲᠤ ᠪᠠ ᠬᠤᠪᠢ ᠬᠥᠮᠦᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠥᠬᠢᠭᠦᠯᠦᠨ ᠱᠠᠩᠨᠠᠬᠤ ᠬᠡᠷᠡᠭᠲᠡᠶ᠃ | ᠤᠳᠠᠭᠠᠰᠢᠷᠠᠭᠤᠯᠤᠨ ᠮᠡᠳᠡᠭᠦᠯᠦᠭᠰᠡᠨ᠂ ᠬᠤᠳᠠᠯ ᠢᠶᠠᠷ ᠮᠡᠳᠡᠭᠦᠯᠦᠭᠰᠡᠨ᠂ ᠳᠠᠷᠤᠭᠠᠳ ᠮᠡᠳᠡᠭᠦᠯᠦᠭᠰᠡᠨ ᠪᠠ | ᠣᠷᠬᠢᠭᠳᠠᠭᠤᠯᠤᠨ ᠮᠡᠳᠡᠭᠦᠯᠦᠭᠰᠡᠨ ᠭᠡᠨᠡᠳᠲᠡ ᠶᠢᠨ ᠬᠡᠷᠡᠭ ᠤᠨ ᠴᠢᠬᠤᠯᠠ ᠪᠠᠶᠢᠳᠠᠯ ᠢ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠨᠢ ᠰᠤᠯᠠ ᠪᠤᠶᠤ ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠪᠤᠰᠤᠳ | ᠦᠢᠯᠡ ᠠᠵᠢᠯᠯᠠᠭ᠎ᠠ ᠲᠠᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠳᠬᠡᠯ ᠥᠭᠬᠦ ᠬᠡᠷᠡᠭᠲᠡᠶ | ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠠᠷᠠᠳ ᠢᠷᠭᠡᠳ ᠡᠯ᠎ᠡ ᠱᠠᠲᠤᠨ ᠤ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠪᠠᠴᠢᠮ ᠪᠠᠶᠢᠳᠠᠯ ᠢ | ᠠᠷᠭᠠᠴᠠᠬᠤ ᠳᠠᠬᠢ ᠠᠪᠤᠷᠠᠨ ᠲᠤᠰᠠᠯᠠᠬᠤ ᠠᠵᠢᠯ ᠳᠤ ᠣᠷᠣᠯᠴᠠᠬᠤ ᠪᠤᠶᠤ ᠨᠡᠶᠢᠭᠡᠮ ᠤᠨ ᠡᠮᠬᠢ ᠳᠢᠭᠯᠢᠮ ᠢ ᠬᠠᠪᠰᠤᠷᠤᠨ | ᠬᠠᠮᠠᠭᠠᠯᠠᠵᠤ ᠪᠠᠶᠢᠭ᠎ᠠ ᠬᠤᠭᠤᠴᠠᠭᠠᠨ ᠳᠤ᠂ ᠲᠡᠭᠦᠨ ᠤ ᠲᠤᠰ ᠨᠢᠭᠡᠴᠡ ᠶᠢᠨ ᠢᠶᠠᠨ ᠴᠠᠯᠢᠩ ᠤᠨ ᠣᠯᠭᠤᠮᠵᠢ ᠪᠣᠯᠤᠨ | ᠠᠰᠠᠷᠠᠮᠵᠢ ᠨᠢ ᠬᠤᠪᠢᠷᠠᠬᠤ ᠦᠭᠡᠶ ᠪᠥᠭᠡᠳ ᠬᠥᠬᠢᠭᠦᠯᠦᠨ ᠱᠠᠩᠨᠠᠬᠤ᠂ ᠠᠰᠠᠷᠠᠨ ᠬᠠᠷᠠᠭᠠᠯᠵᠠᠬᠤ᠂ ᠲᠠᠲᠠᠪᠤᠷᠢᠯᠠᠨ | ᠬᠡᠷᠡᠭᠯᠡᠬᠦ ᠨᠥᠬᠦᠪᠥᠷᠢ ᠵᠡᠷᠭᠡ ᠬᠠᠤᠯᠢ ᠪᠠᠷ ᠲᠣᠭᠲᠠᠭᠠᠭᠰᠠᠨ ᠡᠷᠬᠡ ᠲᠠᠢ᠃ | 7.4 ᠬᠢᠨᠠᠯᠲᠠ ᠲᠠᠯᠪᠢᠵᠤ ᠪᠠᠶᠢᠴᠠᠭᠠᠬᠤ | ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠤᠷ᠎ᠠ᠂ ᠰᠢᠶᠠᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠡ ᠲᠠᠢ | ᠬᠠᠮᠲᠤᠷᠠᠨ ᠲᠣᠰ ᠪᠡᠯᠡᠳᠬᠡᠯ ᠲᠥᠰᠦᠯ ᠢ ᠬᠡᠷᠡᠭᠵᠢᠭᠦᠯᠬᠦ ᠪᠥᠬᠦ ᠶᠠᠪᠤᠴᠠ ᠳᠤ ᠬᠢᠨᠠᠯᠲᠠ ᠲᠠᠯᠪᠢᠵᠤ ᠪᠠᠶᠢᠴᠠᠭᠠᠯᠲᠠ | ᠬᠢᠵᠦ᠂ ᠡᠯ᠎ᠡ ᠨᠢᠭᠡᠴᠡ ᠶᠢ ᠵᠢᠯᠣᠭᠤᠳᠤᠨ ᠳᠣᠤᠷ᠎ᠠ ᠳᠤᠯᠠᠭᠠᠨ ᠪᠠ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ | ᠰᠡᠷᠭᠡᠶᠢᠯᠡᠬᠦ ᠪᠠ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠰᠢᠶᠠᠨ ᠤ ᠵᠠᠰᠠᠭ ᠤᠨ ᠣᠷᠳᠣᠨ ᠤ | ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠭᠤᠤᠯᠳᠠᠯᠭ᠎ᠠ ᠲᠠᠢ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠨᠦᠭᠦᠳ ᠳᠣᠤᠷ᠎ᠠ ᠳᠤᠯᠠᠭᠠᠨ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠢ ᠲᠡᠭᠦᠯᠳᠡᠷᠵᠢᠭᠦᠯᠵᠦ᠂ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠶ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ | ᠠᠵᠢᠯ ᠲᠥᠷᠥᠯ ᠤᠨ ᠳᠣᠲᠣᠷᠠᠬᠢ ᠡᠯ᠎ᠡ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢ ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ ᠳᠣᠤᠷ᠎ᠠ ᠳᠤᠯᠠᠭᠠᠨ ᠪᠣᠷᠣᠭᠠᠨ ᠴᠠᠰᠤ ᠮᠥᠰᠥᠳᠥᠯ ᠤᠨ | ᠭᠠᠮᠰᠢᠭ ᠢ ᠰᠡᠷᠭᠡᠶᠢᠯᠡᠨ ᠠᠷᠭᠠᠴᠠᠬᠤ ᠠᠵᠢᠯ ᠥᠷᠨᠢᠭᠦᠯᠬᠦ ᠬᠡᠷᠡᠭᠲᠡᠶ᠃ | 7.5 ᠪᠡᠯᠡᠳᠭᠡᠯ ᠲᠦᠰᠦᠯ ᠤᠨ ᠲᠠᠶᠢᠯᠪᠤᠷᠢᠯᠠᠯᠲᠠ ᠪᠠ ᠬᠡᠷᠡᠭᠵᠢᠭᠦᠯᠦᠯᠲᠡ | ᠲᠣᠰ ᠪᠡᠯᠡᠳᠬᠡᠯ ᠲᠥᠰᠦᠯ ᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ | ᠬᠠᠷᠢᠭᠤᠴᠠᠨ ᠲᠠᠶᠢᠯᠪᠤᠷᠢᠯᠠᠨ᠎ᠠ᠃ | ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | |