ᠵᠢᠨᠱᠠᠨ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠪᠠᠷ ᠰᠤᠷᠤᠯᠴᠠᠵᠤ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2025/1/8
    1 ᠰᠠᠷ᠎ᠠ ᠶᠢᠨ 6 ᠤ ᠡᠳᠦᠷ᠂ ᠵᠢᠨᠱᠠᠨ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠪᠠᠷ ᠰᠤᠷᠤᠯᠴᠠᠵᠤ ᠰᠤᠳᠤᠯᠤᠨ ᠶᠠᠷᠢᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠳᠤᠷᠢᠳᠬᠤ ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢᠨ ᠪᠠᠶᠢᠩᠭᠤ ᠶᠢᠨ ᠴᠢᠨᠠᠷ᠂ ᠤᠬᠠᠮᠰᠠᠷᠲᠤ ᠴᠢᠨᠠᠷ ᠢ ᠭᠦᠨᠵᠡᠭᠡᠢ ᠴᠢᠩᠭᠠᠳᠬᠠᠵᠤ ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠪᠡ᠃ ᠵᠢᠨᠱᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᡁᠢ ᠶᠥᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠪᠠᠯᠭᠠᠰᠤᠨ ᠤ ᠤᠳᠤᠷᠢᠳᠬᠤ ᠪᠠᠭ ᠬᠤᠷᠠᠯ ᠳᠤ ᠣᠷᠣᠯᠴᠠᠵᠤ᠂ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠺᠠᠳ᠋ᠷ ᠯᠢᠦ ᠭᠦᠸᠧ ᠯᠢᠶᠠᠩ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶ᠎ᠠ ᠶᠢ ᠲᠥᠪᠯᠡᠷᠡᠭᠦᠯᠦᠨ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠳᠤ ᠬᠤᠷᠠᠯ ᠬᠤᠷᠠᠯᠳᠤᠭᠤᠯᠵᠤ᠂ 2025 ᠣᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠬᠤ ᠳᠠᠭᠠᠨ ᠲᠠᠯᠪᠢᠭᠰᠠᠨ ᠶᠠᠷᠢᠶ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠥᠪᠯᠡᠷᠡᠭᠦᠯᠦᠨ ᠰᠤᠷᠤᠯᠴᠠᠪᠠ᠃ ᠵᠢᠨᠱᠠᠨ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠯᠦ ᠰᠢᠶᠣᠤ ᠮᠢᠩ ᠲᠤᠰᠬᠠᠢ ᠰᠡᠳᠦᠪᠲᠦ ᠪᠢᠴᠢᠯ ᠨᠠᠮ ᠤᠨ ᠬᠢᠴᠢᠶᠡᠯ ᠣᠷᠣᠪᠠ ︽ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠦᠵᠡᠯ ᠰᠠᠨᠠᠭᠠᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠦᠶ᠎ᠡ︾ ᠭᠡᠪᠡ᠃ ᠬᠡᠰᠡᠭ ᠤᠳᠤᠷᠢᠳᠬᠤ ᠪᠠᠭ ᠤᠨ ᠪᠦᠷᠢᠯᠳᠦᠬᠦᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠳᠤ ᠴᠢᠭᠯᠡᠭᠦᠯᠦᠨ ᠰᠤᠷᠤᠯᠴᠠᠭᠰᠠᠨ ᠣᠯᠤᠯᠲᠠ ᠲᠥᠷᠥᠭᠳᠡᠯ ᠤᠨ ᠲᠤᠬᠠᠢ ᠰᠤᠳᠤᠯᠤᠨ ᠶᠠᠷᠢᠯᠴᠠᠵᠤ ᠬᠠᠷᠢᠭᠤ ᠮᠡᠳᠡᠭᠦᠯᠦᠯᠲᠡ ᠬᠢᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠨᠠᠮ ᠤᠨ ᠲᠡᠷᠢᠭᠦᠨ ᠤ ᠴᠢᠨᠠᠷ ᠪᠠ ᠠᠷᠢᠭᠤᠨ ᠴᠢᠬᠡᠴᠢ ᠴᠢᠨᠠᠷ ᠪᠣᠯ ᠠᠷᠢᠭᠤᠨ ᠴᠢᠬᠡᠴᠢ ᠪᠠᠶᠢᠬᠤ ᠰᠤᠷᠲᠠᠯ ᠳᠤ ᠲᠦᠰᠢᠭᠯᠡᠨ ᠪᠠᠷᠢᠮᠲᠠᠯᠠᠬᠤ ᠬᠡᠷᠡᠭᠳᠡᠢ᠂ ᠲᠡᠷᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠳᠦᠮᠠᠨ ᠤ ᠰᠡᠳᠬᠢᠯ ᠳᠣᠲᠣᠷᠠᠬᠢ ᠳᠦᠷᠢ ᠳᠦᠷᠬᠦ ᠲᠠᠢ ᠬᠤᠯᠪᠣᠭᠳᠠᠵᠤ᠂ ᠨᠠᠮ ᠤᠨ ᠳᠦᠷᠤ ᠪᠠᠷᠢᠬᠤ ᠰᠠᠭᠤᠷᠢ ᠲᠣᠭᠲᠠᠭᠤᠨ ᠪᠣᠯᠬᠤ ᠡᠰᠡᠬᠦ ᠲᠠᠢ ᠬᠤᠯᠪᠣᠭᠳᠠᠵᠤ ᠪᠠᠶᠢᠳᠠᠭ᠃ ᠲᠡᠦᠬᠡ ᠶᠢᠨ ᠬᠠᠷᠠᠭᠠᠰᠤ ᠠᠴᠠ ᠠᠪᠴᠤ ᠦᠵᠡᠪᠡᠯ᠂ ᠲᠥᠷᠥ ᠬᠦᠷᠦᠨ ᠤ ᠮᠠᠨᠳᠤᠯ ᠪᠠᠭᠤᠷᠠᠯ ᠨᠢ ᠶᠡᠷᠦ ᠨᠢ ᠲᠦᠰᠢᠮᠡᠳ ᠢ ᠵᠠᠰᠠᠬᠤ ᠬᠠᠩᠰᠢ ᠲᠠᠢ ᠨᠢᠭᠲᠠ ᠬᠤᠯᠪᠣᠯᠳᠤᠵᠤ ᠪᠠᠶᠢᠳᠠᠭ ᠡᠰᠡᠬᠦ᠂ ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠤᠯᠤᠰ ᠤᠨ ᠠᠷᠠᠳ ᠲᠦᠮᠡᠨ ᠢ ᠳᠠᠭᠠᠭᠤᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠡᠷᠬᠡᠪᠰᠢ ᠰᠤᠷᠲᠠᠯ ᠴᠢᠬᠡᠴᠢ ᠣᠪᠣᠷ ᠲᠥᠪ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠡᠳᠦᠷ ᠲᠤᠲᠤᠮ ᠤᠨ ᠠᠵᠢᠯ ᠤᠨ ᠳᠤᠮᠳᠠ᠂ ᠵᠢᠨᠱᠠᠨ ᠪᠠᠯᠭᠠᠰᠤᠨ ᠤ ᠰᠢᠢᠳᠪᠦᠷᠢᠲᠦ ᠪᠣᠳᠣᠯᠭ᠎ᠠ ᠨᠢᠭᠡᠪᠦᠷᠢ᠂ ᠲᠥᠷᠥᠯ ᠵᠦᠢᠯ ᠨᠢᠭᠡᠪᠦᠷᠢ ᠶᠢ ᠬᠡᠷᠡᠭᠵᠢᠭᠦᠯᠬᠦ ᠳᠤ ᠴᠥᠮ ᠠᠷᠢᠭᠤᠨ ᠴᠢᠬᠡᠴᠢ ᠵᠠᠷᠴᠢᠮ ᠢ ᠪᠠᠷᠢᠮᠲᠠᠯᠠᠬᠤ ᠴᠢᠬᠤᠯᠠᠲᠠᠢ᠂ ᠢᠩᠭᠢᠪᠡᠯ ᠰᠠᠶ᠋ᠢ ᠡᠷᠬᠡ ᠶᠢᠨ ᠦᠨᠡᠨ ᠬᠦ ᠣᠯᠠᠨ ᠲᠦᠮᠡᠨ ᠳᠤ ᠠᠰᠠᠷᠠᠮᠵᠢ ᠣᠯᠭᠤᠬᠤ ᠶᠢ ᠪᠠᠲᠤᠯᠠᠵᠤ᠂ ᠬᠥᠭᠵᠢᠯᠲᠡ ᠶᠢᠨ ᠦᠷ᠎ᠡ ᠪᠦᠲᠦᠭᠡᠯ ᠤᠨ ᠰᠢᠯᠭᠠᠯᠲᠠ ᠶᠢ ᠳᠠᠭᠠᠭᠠᠵᠤ ᠴᠢᠳᠠᠬᠤ ᠪᠣᠯᠭᠠᠵᠤ᠂ ᠣᠯᠠᠨ ᠲᠦᠮᠡᠨ ᠢ ᠵᠢᠨᠱᠠᠨ ᠪᠠᠯᠭᠠᠰᠤᠨ ᠤ ᠠᠵᠢᠯ ᠢ ᠦᠨᠡᠨ ᠰᠡᠳᠬᠢᠯ ᠠᠴᠠ ᠪᠠᠨ ᠬᠦᠷᠢᠶᠡᠯᠡᠵᠦ ᠴᠢᠳᠠᠨ᠎ᠠ᠃ ᠬᠤᠶᠠᠷ ᠲᠤ ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ᠂ ᠥᠴᠦᠬᠡᠨ ᠴᠦ ᠰᠤᠯᠠᠷᠠᠬᠤ ᠪᠠ ᠭᠤᠷᠢᠳᠠᠬᠤ ᠪᠣᠳᠣᠯ ᠪᠠᠶᠢᠵᠤ ᠪᠣᠯᠬᠤ ᠦᠭᠡᠢ᠃ ᠤᠬᠠᠮᠰᠠᠷ ᠠᠴᠠ ᠪᠠᠨ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠲᠡᠷᠢᠭᠦᠨ ᠤ ᠣᠨᠣᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠳᠤ ᠦᠢᠯᠡᠴᠢᠯᠡᠬᠦ ᠶᠢ ᠠᠯᠢᠪᠠ ᠠᠵᠢᠯ ᠤᠨ ᠵᠣᠷᠢᠯᠲᠠ ᠪᠠ ᠲᠤᠰᠤᠯᠲᠠ ᠪᠣᠯᠭᠠᠬᠤ ᠬᠡᠷᠡᠭᠲᠡᠢ᠃ ᠠᠵᠢᠯ ᠤᠨ ᠳᠤᠮᠳᠠ᠂ ᠤᠳᠤᠷᠢᠳᠬᠤ ᠺᠠᠳ᠋ᠷᠴᠤᠳ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠡᠰᠡᠬᠦᠯ᠎ᠡ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠴᠦ ᠭᠡᠰᠡᠨ ᠴᠥᠮ ᠳᠡᠰ ᠳᠠᠷᠠᠭᠠᠯᠠᠯ ᠶᠣᠰᠣᠭᠠᠷ᠂ ᠳᠦᠷᠢᠮ ᠶᠣᠰᠣᠭᠠᠷ ᠠᠵᠢᠯᠯᠠᠵᠤ᠂ ᠢᠯᠡ ᠲᠣᠳᠣ᠂ ᠢᠯᠡ ᠲᠣᠳᠣ᠂ ᠰᠠᠨᠠᠭᠠᠴᠢᠯᠠᠭ᠎ᠠ ᠠᠴᠠ ᠪᠠᠨ ᠣᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠢ᠃ ᠭᠤᠷᠪᠠ ᠳᠤ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠪᠦᠬᠦ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠰᠠᠶᠢᠲᠤᠷ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠲᠤᠬᠠᠶᠢᠯᠠᠭᠰᠠᠨ ᠠᠵᠢᠯ ᠢᠶᠠᠨ ᠰᠠᠶᠢᠲᠤᠷ ᠠᠳᠬᠤᠬᠤ ᠪᠠᠷ ᠪᠠᠷᠠᠬᠤ ᠦᠭᠡᠢ ᠪᠠᠰᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠢᠯᠡᠷᠡᠭᠰᠡᠨ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ ᠰᠠᠨᠠᠭᠤᠯᠵᠤ᠂ ᠡᠷᠲᠡ ᠵᠠᠯᠠᠷᠠᠭᠤᠯᠬᠤ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠡᠳᠦᠷ ᠲᠤᠲᠤᠮ ᠤᠨ ᠬᠠᠮᠢᠶᠠᠷᠤᠯᠲᠠ ᠳᠤ ᠠᠭᠤᠰᠤᠯᠴᠠᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠨᠠᠮ ᠤᠨ ᠭᠡᠰᠢᠭᠦᠨ ᠺᠠᠳ᠋ᠷ ᠨᠢᠭᠡᠪᠦᠷᠢ ᠳᠤ ᠴᠥᠮ ᠮᠥᠷᠥᠨ ᠳᠡᠭᠡᠷᠡᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠷᠢᠭᠤᠴᠠᠯᠭ᠎ᠠ ᠶᠢ ᠮᠡᠳᠡᠷᠡᠭᠦᠯᠵᠦ᠂ ᠪᠦᠬᠦ ᠪᠠᠯᠭᠠᠰᠤ ᠪᠠᠷ ᠢᠶᠠᠨ ᠬᠠᠮᠲᠤᠪᠠᠷ ᠣᠷᠣᠯᠴᠠᠵᠤ ᠂ ᠬᠠᠮᠲᠤᠪᠠᠷ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠬᠡᠪᠡ᠃ 
 
ᠢᠷᠡᠯᠲᠡ᠄ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号