ᠡᠨᠡ ᠵᠢᠯ ᠠᠴᠠ ᠨᠠᠰᠢ᠂ ᠰᠢ ᠳ᠋ᠧᠦ ᠫᠦ᠋ ᠪᠠᠯᠭᠠᠰᠤ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ | ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠶᠢᠨ ᠬᠠᠪᠰᠤᠷᠤᠯᠭ᠎ᠠ ᠵᠢᠯᠣᠭᠤᠳᠣᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠢᠮᠠᠭᠲᠠ ᠬᠠᠷᠢᠭᠤᠴᠠᠯᠭ᠎ᠠ ᠲᠠᠢ᠂ ᠬᠠᠶᠢᠷ᠎ᠠ ᠰᠡᠳᠬᠢᠯᠭᠡ ᠲᠠᠢ᠂ ᠢᠷᠠᠭᠤ ᠠᠯᠳᠠᠷ ᠲᠠᠢ ᠪᠠᠶᠢᠵᠤ᠂ | ᠦᠢᠯᠡᠴᠢᠯᠡᠭᠡ ᠶᠢ ᠪᠠᠲᠤᠯᠠᠬᠤ ᠪᠠᠨ ᠴᠡᠷᠢᠭ ᠠᠴᠠ ᠬᠠᠯᠠᠭᠳᠠᠭᠰᠠᠳ ᠤᠨ ᠦᠢᠯᠡᠰ ᠲᠤ ᠨᠡᠩ ᠭᠦᠨᠵᠡᠭᠡᠢ ᠨᠡᠩ ᠨᠠᠷᠢᠯᠢᠭ | ᠨᠡᠩ ᠰᠠᠶᠢᠲᠤᠷ ᠬᠢᠬᠦ ᠪᠠᠷ ᠴᠢᠷᠮᠠᠶᠢᠪᠠ᠃ | ᠰᠢᠨ᠎ᠡ ᠪᠠᠶᠢᠳᠠᠯ ᠳᠣᠣᠷ᠎ᠠ᠂ ᠬᠤᠶᠠᠷ ᠢ ᠬᠦᠷᠢᠶᠡᠯᠡᠬᠦ ᠠᠵᠢᠯ ᠢ ᠴᠢᠩᠭᠠᠳᠬᠠᠬᠤ ᠠᠴᠠ ᠪᠢᠰᠢ ᠰᠤᠯᠠᠷᠠᠭᠤᠯᠵᠤ | ᠪᠣᠯᠬᠤ ᠦᠭᠡᠢ᠃ ᠰᠢ ᠳ᠋ᠧᠦ ᠫᠦ᠋ ᠪᠠᠯᠭᠠᠰᠤ ᠢᠮᠠᠭᠲᠠ ᠬᠤᠶᠠᠷ ᠢ ᠬᠦᠷᠢᠶᠡᠯᠡᠬᠦ ᠠᠵᠢᠯ ᠢ ︽ᠤᠯᠤᠰ ᠲᠥᠷᠥ ᠶᠢᠨ | ᠢᠨᠵᠧᠨᠧᠷᠢᠩ︾ ᠪᠣᠯᠭᠠᠵᠤ᠂ ᠰᠢᠨ᠎ᠡ ᠴᠠᠭ ᠦᠶ᠎ᠡ ᠶᠢᠨ ᠴᠡᠷᠢᠭ ᠢᠶᠠᠨ ᠬᠦᠷᠢᠶᠡᠯᠡᠨ ᠴᠡᠷᠢᠭ ᠢᠶᠠᠨ ᠬᠦᠴᠦᠷᠬᠡᠭᠵᠢᠭᠦᠯᠬᠦ | ︽ᠠᠷᠤ ᠲᠠᠯ᠎ᠠ ᠶᠢᠨ ᠦᠢᠯᠡᠴᠢᠯᠡᠭᠡᠨ ᠤ ᠬᠡᠯᠲᠡᠰ︾ ︽ᠦᠢᠯᠡᠴᠢᠯᠡᠭᠡᠨ ᠤ ᠠᠩᠭᠢ︾ ᠪᠣᠯᠵᠤ᠂ ᠬᠤᠶᠠᠷ ᠢ ᠬᠦᠷᠢᠶᠡᠯᠡᠬᠦ | ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠳᠤ ᠣᠷᠣᠭᠤᠯᠵᠤ᠂ | ᠰᠢᠰᠲ᠋ᠧᠮ ᠲᠠᠢ ᠲᠥᠯᠥᠪᠵᠢᠭᠦᠯᠵᠦ᠂ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠴᠡᠷᠢᠭ ᠤᠨ ᠠᠯᠪᠠ ᠠᠴᠠ | ᠬᠠᠯᠠᠭᠳᠠᠭᠰᠠᠳ ᠤᠨ 4 ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ 15 ᠨᠡᠷᠡᠰ ᠰᠢᠯᠢᠳᠡᠭ ᠠᠵᠢᠯᠲᠠᠨ ᠢ | ᠰᠣᠩᠭᠤᠨ ᠲᠣᠬᠢᠷᠠᠭᠤᠯᠵᠤ᠂ ᠠᠵᠢᠯ ᠤᠨ ᠲᠣᠭᠲᠠᠴᠠ ᠪᠠ ᠬᠢᠨᠠᠨ ᠰᠢᠯᠭᠠᠬᠤ ᠰᠢᠰᠲ᠋ᠧᠮ ᠢ ᠪᠠᠶᠢᠭᠤᠯᠤᠨ | ᠪᠦᠷᠢᠨᠰᠢᠭᠦᠯᠵᠦ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ | ᠪᠠᠭ ᠢ ᠬᠢᠨᠠᠨ ᠰᠢᠯᠭᠠᠬᠤ ᠪᠠ ᠣᠨ ᠤ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠯᠲᠠ ᠳᠤ ᠣᠷᠣᠭᠤᠯᠵᠤ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠢᠰᠲ᠋ᠧᠮ ᠤᠨ ᠤᠯᠤᠰ ᠲᠥᠷᠥ ᠶᠢᠨ ᠡᠭᠦᠷᠭᠡᠯᠡᠯ ᠢ | ᠢᠯᠡᠷᠡᠭᠦᠯᠪᠡ︔ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠦᠢᠯᠡᠴᠢᠯᠡᠭᠡᠨ ᠤ | ᠳᠤᠭᠤᠶᠢᠯᠠᠩ ᠢ 7 ᠪᠠᠶᠢᠭᠤᠯᠵᠤ᠂ ᠨᠠᠮ ᠤᠨ ᠬᠤᠷᠢᠶ᠎ᠡ ᠠᠴᠠ 2 ᠤᠳᠠᠭ᠎ᠠ ᠬᠤᠶᠠᠷ ᠢ ᠬᠦᠷᠢᠶᠡᠯᠡᠬᠦ ᠠᠵᠢᠯ ᠢ | ᠰᠤᠳᠤᠯᠤᠨ ᠪᠠᠶᠢᠷᠢᠯᠠᠭᠤᠯᠵᠤ᠂ ᠨᠠᠮ ᠤᠨ ᠬᠤᠷᠢᠶ᠎ᠡ ᠠᠴᠠ ᠴᠡᠷᠢᠭ ᠤᠨ ᠶᠠᠪᠤᠳᠠᠯ ᠢ ᠵᠥᠪᠯᠡᠬᠦ ᠬᠤᠷᠠᠯ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠶᠠᠷᠢᠯᠴᠠᠬᠤ ᠬᠤᠷᠠᠯ᠂ ᠡᠷᠭᠢᠨ ᠦᠵᠡᠵᠦ ᠲᠣᠬᠤᠨᠢᠭᠤᠯᠬᠤ ᠵᠡᠷᠭᠡ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠨᠠᠮ ᠤᠨ ᠪᠠᠶᠢᠭᠤᠯᠤᠯᠲᠠ ᠪᠠᠷ ᠬᠤᠶᠠᠷ ᠢ ᠬᠦᠷᠢᠶᠡᠯᠡᠬᠦ ᠠᠵᠢᠯ ᠢ ᠬᠥᠲᠥᠯᠥᠨ | ᠳᠠᠭᠠᠭᠤᠯᠬᠤ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠪᠠ᠃ | ᠰᠢ ᠳ᠋ᠧᠦ ᠫᠦ᠋ ᠪᠠᠯᠭᠠᠰᠤ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠮᠠᠭᠠᠯᠠᠭᠴᠢ︾ ᠪᠠᠷ ︽ᠰᠢᠨ᠎ᠡ | ᠬᠦᠴᠦᠨ ᠢ ᠬᠥᠭᠵᠢᠭᠦᠯᠬᠦ︾ ᠲᠡᠰᠢ ᠬᠤᠪᠢᠷᠠᠭᠤᠯᠬᠤ ᠶᠢ ᠪᠠᠷᠢᠮᠲᠠᠯᠠᠵᠤ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠥᠮᠦᠨ ᠤ ᠬᠦᠴᠦᠨ ᠴᠢᠳᠠᠪᠤᠷᠢᠲᠠᠨ ᠤ ᠡᠬᠢ ᠪᠠᠶᠠᠯᠢᠭ ᠲᠥᠪᠯᠡᠷᠡᠭᠰᠡᠨ ︽ᠥᠨᠳᠦᠷᠯᠢᠭ︾ ᠢ | ᠬᠦᠴᠦᠯᠡᠨ ᠪᠣᠢ ᠪᠣᠯᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠂ ᠲᠡᠷᠢᠭᠦᠨ ᠤ | ᠨᠡᠶᠢᠲᠡᠯᠢᠭ ᠵᠢᠱᠢᠶ᠎ᠡ ᠶᠢ ᠰᠣᠩᠭᠤᠨ ᠪᠣᠢ ᠪᠣᠯᠭᠠᠬᠤ ᠶᠢ ᠴᠢᠩᠭᠠᠳᠬᠠᠵᠤ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ | ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠳᠤ | ᠢᠳᠡᠪᠬᠢᠲᠡᠢ ᠣᠷᠣᠯᠴᠠᠬᠤ ᠶᠢ ᠬᠥᠲᠥᠯᠥᠨ ᠵᠢᠯᠣᠭᠤᠳᠴᠤ ᠵᠣᠷᠢᠭᠵᠢᠭᠤᠯᠤᠨ᠎ᠠ᠃ ᠮᠠᠨ ᠤ ᠪᠠᠯᠭᠠᠰᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶᠡᠨ ᠳᠤ ᠴᠥᠮ ᠲᠡᠳᠡᠨ ᠤ ᠪᠠᠷ᠎ᠠ ᠬᠠᠷᠠᠭᠳᠠᠪᠠ᠄ 7.19 ᠣᠨᠴᠠ ᠶᠡᠭᠡ | ᠦᠶᠡᠷ ᠤᠨ ᠭᠠᠮᠰᠢᠭ᠂ ᠸᠠᠩ ᠷᠦ᠋ ᠳ᠋ᠢ ᠭᠠᠯ ᠤᠨ ᠠᠶᠤᠯ ᠨᠢᠭᠡᠳᠦᠭᠡᠷ ᠹᠷᠣᠨᠲ ᠲᠤ ᠣᠷᠣᠯᠴᠠᠭᠰᠠᠨ ᠯᠢ ᠶᠥᠩ ᠱᠧᠩ᠂ | ᠤᠯᠤᠰ ᠤᠨ ᠤᠷᠢᠶᠠᠯᠠᠭ᠎ᠠ ᠪᠠᠷ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ᠂ ᠬᠦᠴᠢᠷᠳᠡᠯᠲᠡᠢ ᠣᠯᠠᠨ | ᠲᠦᠮᠡᠨ ᠳᠤ ᠵᠣᠭᠤᠰ ᠮᠥᠩᠭᠦ ᠡᠳ᠋ ᠪᠣᠳᠠᠰ ᠬᠠᠨᠳᠢᠪᠯᠠᠬᠤ ᠶᠢ ᠤᠷᠢᠶᠠᠯᠠᠭᠰᠠᠨ ᠯᠢᠦ ᠢᠦᠢ ᠲᠢᠩ ᠢ ᠳᠠᠭᠠᠵᠤ᠂ ᠣᠯᠠᠨ | ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠠᠶᠤᠯ ᠭᠠᠮᠰᠢᠭ ᠠᠴᠠ | ᠠᠪᠤᠷᠠᠬᠤ᠂ ᠨᠡᠶᠢᠭᠡᠮ ᠤᠨ ᠵᠠᠰᠠᠯᠲᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠵᠡᠷᠭᠡ ᠡᠭᠦᠷᠭᠡ ᠶᠢᠨ ᠳᠤᠮᠳᠠ | ᠥᠪᠡᠷᠮᠢᠴᠡ ᠦᠨ᠎ᠡ ᠥᠷᠲᠡᠭ ᠢ ᠢᠯᠡᠷᠡᠭᠦᠯᠵᠡᠢ᠃ | ᠣᠶᠢᠷ᠎ᠠ ᠶᠢᠨ ᠵᠢᠯ ᠳᠤ᠂ ᠰᠢ ᠳ᠋ᠧᠦ ᠫᠦ᠋ ᠪᠠᠯᠭᠠᠰᠤᠨ ᠤ ᠨᠠᠮ ᠤᠨ ᠬᠤᠷᠢᠶ᠎ᠡ ᠵᠠᠰᠠᠭ ᠤᠨ ᠣᠷᠳᠣᠨ | ᠦᠢᠯᠡᠴᠢᠯᠡᠭᠡᠨ ᠤ ᠪᠠᠲᠤᠯᠠᠭ᠎ᠠ ᠶᠢ ᠳᠡᠰ ᠳᠡᠪᠰᠢᠭᠦᠯᠬᠦ ᠶᠢ ᠠᠬᠢᠭᠤᠯᠬᠤ ᠲᠠᠯ᠎ᠠ ᠪᠠᠷ ᠪᠣᠳᠠᠲᠠᠢ ᠠᠷᠭ᠎ᠠ ᠭᠠᠷᠭᠠᠵᠤ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠬᠢᠭᠡᠳ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ᠂ ᠡᠷᠦᠬᠡ ᠶᠢᠨ ᠴᠡᠷᠢᠭ ᠤᠨ ᠠᠵᠢᠯᠯᠠᠭ᠎ᠠ ᠶᠢᠨ ᠲᠥᠪ ᠢ ᠠᠭᠤᠰᠤᠯᠴᠠᠭᠤᠯᠤᠨ | ᠪᠣᠢ ᠪᠣᠯᠭᠠᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠠᠭᠤᠰᠤᠯᠴᠠᠭᠤᠯᠤᠨ ᠬᠠᠮᠲᠤ ᠪᠠᠷ ᠪᠠᠶᠢᠭᠤᠯᠬᠤ᠂ | ᠬᠠᠮᠵᠢᠯᠴᠠᠨ ᠬᠥᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ᠂ ︽ᠶᠠᠮᠤᠨ ᠥᠷᠲᠡᠭᠡ ᠶᠢᠨ ᠲᠥᠪ ᠢ | ᠠᠭᠤᠰᠤᠯᠴᠠᠭᠤᠯᠬᠤ︾ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠬᠤ᠂ ᠦᠢᠯᠡᠴᠢᠯᠡᠭᠡ ᠶᠢ ᠰᠠᠶᠢᠲᠤᠷ ᠪᠠᠲᠤᠯᠠᠬᠤ | ᠂ ᠬᠠᠷᠠᠭᠠᠯᠵᠠᠨ ᠰᠠᠶᠢᠲᠤᠷ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ᠂ ᠠᠷᠠᠳ ᠣᠯᠠᠨ ᠤ ᠬᠠᠨᠤᠮᠵᠢ ᠶᠢᠨ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ︔ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠲᠠᠯ᠎ᠠ ᠪᠠᠷ ᠪᠣᠳᠠᠲᠤ ᠠᠮᠵᠢᠯᠲᠠ ᠶᠢ ᠡᠭᠦᠳᠪᠡ᠃ 4 ᠦᠢᠯᠡᠴᠢᠯᠡᠭᠡᠨ ᠤ ᠥᠷᠲᠡᠭᠡ ᠶᠢᠨ ᠳᠠᠷᠤᠭ᠎ᠠ ᠶᠢ | ᠵᠣᠬᠢᠶᠠᠨ ᠪᠠᠶᠢᠭᠤᠯᠤᠨ 2024 ᠣᠨ ᠤ ᠪᠤᠭᠤᠲᠤ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠥᠷᠲᠡᠭᠡ ᠶᠢᠨ ᠦᠢᠯᠡᠴᠢᠯᠡᠭᠡᠨ ᠤ ᠪᠣᠯᠪᠠᠰᠤᠷᠠᠯ ᠳᠤ ᠣᠷᠣᠯᠴᠠᠭᠤᠯᠵᠤ᠂ ᠲᠣᠰᠬᠤᠨ ᠤ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠪᠠᠭᠤᠯᠭᠠᠵᠤ᠂ | ᠬᠠᠷᠢᠴᠠᠭ᠎ᠠ ᠶᠢ ᠰᠢᠯᠵᠢᠭᠦᠯᠦᠨ ᠬᠦᠯᠢᠶᠡᠨ ᠠᠪᠬᠤ᠂ ᠬᠠᠷᠢᠯᠴᠠᠵᠤ ᠬᠦᠯᠢᠶᠡᠨ ᠠᠪᠬᠤ᠂ ᠬᠦᠴᠢᠷᠳᠡᠯ ᠢ ᠠᠪᠤᠷᠠᠨ | ᠲᠤᠰᠠᠯᠠᠬᠤ ᠵᠡᠷᠭᠡ 9 ᠵᠦᠢᠯ ᠤᠨ ᠪᠣᠳᠠᠲᠠᠢ ᠦᠢᠯᠡᠴᠢᠯᠡᠭᠡᠨ ᠤ ᠵᠦᠢᠯᠡᠰ ᠢ ᠲᠣᠳᠣᠷᠬᠠᠶᠢᠯᠠᠵᠤ᠂ ᠴᠡᠷᠢᠭ ᠠᠴᠠ | ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ ᠬᠥᠲᠥᠯᠥᠨ ᠳᠠᠭᠠᠭᠤᠯᠬᠤ᠂ ᠠᠵᠢᠯ | ᠣᠯᠭᠤᠵᠤ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ᠂ ᠡᠷᠭᠢᠨ ᠦᠵᠡᠵᠦ ᠲᠣᠬᠤᠨᠢᠭᠤᠯᠬᠤ᠂ ᠠᠰᠠᠷᠠᠨ | ᠬᠠᠷᠠᠭᠠᠯᠵᠠᠵᠤ ᠬᠠᠪᠰᠤᠷᠤᠨ ᠲᠡᠳᠬᠦᠬᠦ᠂ ᠡᠷᠬᠡ ᠠᠰᠢᠭ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠢᠯ ᠤᠨ ᠡᠬᠢᠨ ᠳᠤ ᠲᠥᠰᠦᠯ ᠲᠠᠢ᠂ ᠵᠢᠯ ᠤᠨ ᠡᠴᠦᠰ ᠲᠤ | ᠪᠠᠶᠢᠴᠠᠭᠠᠯᠲᠠ ᠲᠠᠢ ᠪᠠᠶᠢᠬᠤ ᠬᠡᠷᠡᠭᠲᠡᠢ᠃ ᠬᠠᠪᠰᠤᠷᠤᠨ ᠲᠡᠳᠬᠦᠵᠦ ᠲᠤᠰᠠᠯᠠᠬᠤ ᠲᠠᠯ᠎ᠠ ᠪᠠᠷ ᠪᠣᠳᠠᠲᠤ ᠦᠷ᠎ᠡ | ᠪᠦᠲᠦᠮᠵᠢ ᠣᠯᠬᠤ ᠬᠡᠷᠡᠭᠲᠡᠢ᠃ ᠠᠰᠠᠷᠠᠨ ᠬᠠᠷᠠᠭᠠᠯᠵᠠᠬᠤ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ | ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠰᠠᠷᠠᠨ ᠬᠠᠷᠠᠭᠠᠯᠵᠠᠬᠤ | ᠪᠡᠯᠡ ᠮᠥᠩᠭᠦ ᠶᠢ ᠴᠠᠭ ᠲᠤᠬᠠᠢ ᠳᠤᠨᠢ ᠭᠦᠢᠴᠡᠳ ᠣᠯᠭᠤᠵᠤ᠂ ᠮᠠᠨ ᠤ ᠪᠠᠯᠭᠠᠰᠤᠨ ᠳᠤ ᠣᠳᠣ 315 ᠴᠡᠷᠢᠭ ᠠᠴᠠ | ᠬᠠᠯᠠᠭᠳᠠᠭᠰᠠᠳ᠂ 2 ᠠᠬᠠᠮᠠᠳ ᠴᠡᠷᠢᠭ ᠠᠴᠠ ᠬᠠᠯᠠᠭᠳᠠᠭᠰᠠᠳ᠂ 3 ᠵᠡᠮᠳᠡᠭ ᠴᠡᠷᠢᠭ᠂ 5 ᠨᠡᠷᠡᠰ ᠡᠪᠡᠳᠴᠢᠨ ᠲᠠᠢ | ᠴᠡᠷᠢᠭ ᠠᠴᠠ ᠬᠠᠯᠠᠭᠳᠠᠭᠰᠠᠳ ᠲᠤ ᠨᠡᠶᠢᠲᠡ 80 ᠭᠠᠷᠤᠢ ᠲᠦᠮᠡᠨ ᠲᠥᠭᠦᠷᠢᠭ ᠤᠨ ᠯᠧᠢ ᠯᠧᠢ ᠶᠢᠨ ᠬᠠᠷᠠᠭᠠᠯᠵᠠᠯ ᠤᠨ | ᠮᠥᠩᠭᠦ ᠣᠯᠭᠤᠵᠤ᠂ 19 ᠡᠷᠦᠬᠡ ᠶᠢᠨ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠵᠤ᠂ 7 | ᠡᠷᠦᠬᠡ ᠶᠢᠨ ᠴᠡᠷᠢᠭ ᠠᠴᠠ ᠬᠠᠯᠠᠭᠳᠠᠭᠰᠠᠳ ᠲᠤ ᠴᠡᠷᠢᠭ ᠠᠴᠠ ᠬᠠᠯᠠᠭᠳᠠᠭᠰᠠᠳ ᠤᠨ ᠬᠦᠴᠢᠷᠳᠡᠯ ᠤᠨ ᠲᠤᠰᠠᠯᠠᠮᠵᠢ | ᠭᠤᠶᠤᠴᠢᠯᠠᠵᠤ᠂ 1 ᠡᠷᠦᠬᠡ ᠶᠢᠨ ᠴᠡᠷᠢᠭ ᠠᠴᠠ ᠬᠠᠯᠠᠭᠳᠠᠭᠰᠠᠳ ᠲᠤ ᠣᠨᠴᠠ ᠬᠦᠴᠢᠷᠳᠡᠯ ᠤᠨ ᠲᠤᠰᠠᠯᠠᠮᠵᠢ | ᠭᠤᠶᠤᠴᠢᠯᠠᠵᠠᠢ᠃ | ᠰᠢ ᠳ᠋ᠧᠦ ᠫᠦ᠋ ᠪᠠᠯᠭᠠᠰᠤ ᠬᠤᠶᠠᠷ ᠢ ᠬᠦᠷᠢᠶᠡᠯᠡᠬᠦ ᠬᠡᠯᠪᠡᠷᠢ ᠶᠢᠨ ᠠᠴᠢᠶᠠᠯᠠᠪᠤᠷᠢ ᠶᠢ ᠲᠠᠰᠤᠷᠠᠯᠲᠠ ᠦᠭᠡᠢ | ᠪᠠᠶᠠᠯᠢᠭᠵᠢᠭᠤᠯᠤᠨ ᠥᠷᠭᠡᠳᠬᠡᠵᠦ᠂ ᠴᠡᠷᠢᠭ ᠢ ᠬᠦᠨᠳᠦᠳᠬᠡᠨ ᠴᠡᠷᠢᠭ ᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ | ᠬᠦᠴᠦᠯᠡᠨ ᠭᠦᠨ ᠵᠤᠵᠠᠭᠠᠨ ᠪᠣᠯᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠮᠡᠷᠭᠡᠵᠢᠯ ᠢ | ᠬᠦᠨᠳᠦᠳᠬᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠦᠬᠦ ᠮᠤᠵᠢ ᠶᠢᠨ ᠳᠡᠭᠡᠳᠦ ᠳᠣᠣᠷᠠᠳᠤ ᠱᠠᠲᠤᠨ ᠳᠤ | ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠪᠠ᠃ ᠴᠡᠷᠢᠭ ᠠᠴᠠ ᠬᠠᠯᠠᠭᠳᠠᠭᠰᠠᠳ ᠤᠨ ᠤᠬᠠᠭᠤᠯᠭ᠎ᠠ | ᠰᠣᠯᠢᠯᠴᠠᠭ᠎ᠠ ᠬᠢᠵᠦ ᠣᠶᠤᠨ ᠤᠬᠠᠭᠠᠨ ᠬᠦᠴᠦᠨ ᠢᠶᠠᠨ ᠲᠥᠪᠯᠡᠷᠡᠭᠦᠯᠬᠦ ᠲᠠᠪᠴᠠᠩ ᠢ ᠪᠠᠶᠢᠭᠤᠯᠵᠤ᠂ ᠴᠡᠷᠢᠭ ᠢᠶᠠᠨ | ᠬᠦᠷᠢᠶᠡᠯᠡᠬᠦ ᠲᠥᠷᠥ ᠶᠢᠨ ᠪᠣᠳᠣᠯᠭ᠎ᠠ᠂ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠡᠯ᠎ᠡ ᠲᠥᠷᠥᠯ ᠤᠨ | ᠮᠡᠳᠡᠭᠡ ᠵᠠᠩᠭᠢ ᠶᠢ 50 ᠭᠠᠷᠤᠢ ᠵᠤᠷᠪᠤᠰ ᠨᠡᠶᠢᠲᠡᠯᠡᠵᠦ᠂ ︽ᠴᠡᠷᠢᠭ ᠠᠴᠠ ᠬᠠᠯᠠᠭᠳᠠᠭᠰᠠᠳ ᠤᠨ ᠶᠠᠷᠢᠯᠴᠠᠬᠤ ᠬᠤᠷᠠᠯ︾ | ︽ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ︾ ᠵᠡᠷᠭᠡ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠥᠩᠭᠡ ᠭᠢᠯᠪᠠᠭ᠎ᠠ ᠨᠢ ᠪᠠᠭᠤᠷᠠᠭᠰᠠᠨ ᠦᠭᠡᠢ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠢᠳᠡᠪᠬᠢ ᠬᠦᠴᠦᠨ ᠢ ᠪᠠᠳᠠᠷᠠᠭᠤᠯᠵᠤ᠂ | ᠣᠯᠠᠨ ᠨᠡᠶᠢᠲᠡ ᠶᠢᠨ ᠳ᠋ᠤᠭᠠᠷ᠂ ᠤᠬᠠᠭᠤᠯᠭ᠎ᠠ ᠶᠢᠨ ᠪᠤᠯᠤᠩ᠂ ᠬᠥᠨᠳᠡᠯᠡᠨ ᠪᠢᠴᠢᠭᠡᠰᠦ ᠵᠡᠷᠭᠡ ᠠᠴᠢᠶᠠᠯᠠᠪᠤᠷᠢ ᠶᠢ | ᠠᠰᠢᠭᠯᠠᠨ ᠴᠡᠷᠢᠭ ᠠᠴᠠ ᠬᠠᠯᠠᠭᠳᠠᠭᠰᠠᠳ ᠤᠨ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠢᠳᠡᠪᠬᠢᠲᠡᠢ | ᠤᠬᠠᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠬᠡᠷᠡᠭᠯᠡᠵᠦ᠂ ᠪᠦᠬᠦ ᠪᠠᠯᠭᠠᠰᠤᠨ ᠳᠤ ᠴᠡᠷᠢᠭ ᠠᠴᠠ | ᠬᠠᠯᠠᠭᠳᠠᠭᠰᠠᠳ ᠢ ᠬᠦᠨᠳᠦᠳᠬᠡᠬᠦ᠂ ᠲᠡᠷᠢᠭᠦᠨ ᠤ ᠦᠯᠢᠭᠡᠷ ᠳᠠᠭᠤᠷᠢᠶᠠᠯ ᠠᠴᠠ ᠰᠤᠷᠤᠯᠴᠠᠬᠤ᠂ ᠬᠥᠮᠦᠨ ᠪᠦᠬᠦᠨ | ᠨᠤᠲᠤᠭ ᠤᠰᠤᠨ ᠤ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠭᠦᠨ ᠵᠤᠵᠠᠭᠠᠨ | ᠠᠭᠤᠷ ᠠᠮᠢᠰᠬᠤᠯ ᠢ ᠪᠣᠢ ᠪᠣᠯᠭᠠᠵᠤ᠂ ᠴᠡᠷᠢᠭ ᠠᠴᠠ ᠬᠠᠯᠠᠭᠳᠠᠭᠰᠠᠳ ᠲᠤ ᠨᠡᠩ ᠣᠯᠠᠨ ᠢᠷᠠᠭᠤ ᠠᠯᠳᠠᠷ ᠤᠨ | ᠲᠥᠷᠥᠭᠳᠡᠯ ᠪᠠ ᠠᠮᠵᠢᠯᠲᠠ ᠣᠯᠭᠤᠬᠤ ᠪᠠᠷ ᠴᠢᠷᠮᠠᠶᠢᠪᠠ᠃ | ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠠᠶᠠᠨ ᠵᠠᠮ ᠳᠠᠭᠠᠨ ᠲᠣᠮᠣ ᠠᠯᠬᠤᠭ᠎ᠠ ᠪᠠᠷ | ᠤᠷᠤᠭᠰᠢᠯᠠᠨ᠎ᠠ᠃ ᠰᠢ ᠳ᠋ᠧᠦ ᠫᠦ᠋ ᠪᠠᠯᠭᠠᠰᠤ ᠥᠩᠭᠡᠷᠡᠭᠰᠡᠨ ᠲᠠᠢ ᠪᠠᠨ ᠠᠳᠠᠯᠢ ᠪᠠᠷ ᠬᠤᠶᠠᠷ ᠢ ᠬᠦᠷᠢᠶᠡᠯᠡᠬᠦ ᠢᠷᠠᠭᠤ | ᠠᠯᠳᠠᠷᠲᠤ ᠤᠯᠠᠮᠵᠢᠯᠠᠯ ᠢᠶᠠᠨ ᠶᠡᠬᠡᠪᠡᠷ ᠪᠠᠳᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ | ᠦᠷᠭᠦᠯᠵᠢᠯᠡᠨ ᠪᠠᠬᠢᠵᠢᠭᠦᠯᠵᠦ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠬᠤᠶᠠᠷ ᠢ ᠬᠦᠷᠢᠶᠡᠯᠡᠬᠦ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠴᠡᠷᠢᠭ ᠪᠠᠶᠢᠭᠤᠯᠤᠭᠳᠠᠭᠰᠠᠨ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃ | |