ᠥᠷᠭᠡᠨ ᠠᠭᠤᠳᠠᠮ ᠬᠥᠳᠡᠭᠡ ᠲᠣᠰᠬᠤᠨ ᠤ ᠡᠬᠡ ᠭᠠᠵᠠᠷ ᠳᠡᠭᠡᠷ᠎ᠡ᠂ ᠰᠢᠶᠠ ᠱᠢ ᠬᠤᠤ ᠪᠠᠯᠭᠠᠰᠤᠨ ᠤ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠶᠠᠭ ᠨᠢᠭᠡᠨ ᠭᠢᠯᠠᠯᠵᠠᠭᠰᠠᠨ ᠣᠳᠣ ᠰᠢᠭ ᠪᠠᠶᠢᠵᠤ᠂ ᠬᠥᠳᠡᠭᠡ | ᠲᠣᠰᠬᠤᠨ ᠤ ᠥᠩ ᠰᠢᠮᠡᠯᠢᠭ ᠬᠡᠭᠡᠷ᠎ᠡ ᠲᠠᠯ᠎ᠠ ᠳᠤ ᠦᠨᠳᠦᠰᠦᠯᠡᠵᠦ᠂ ︽ᠠᠷᠠᠳ ᠤᠨ ᠬᠦᠴᠦᠨ᠂ ᠠᠷᠠᠳ ᠤᠨ | ᠠᠮᠢᠳᠤᠷᠠᠯ᠂ ᠠᠷᠠᠳ ᠤᠨ ᠰᠡᠳᠬᠢᠯ︾ ᠭᠡᠬᠦ ᠭᠤᠷᠪᠠᠨ ᠠᠷᠠᠳ ᠤᠨ ᠢᠷᠠᠭᠤ ᠬᠠᠭᠤᠳᠠᠰᠤ ᠶᠢ ᠪᠦᠬᠦ | ᠬᠦᠴᠦᠨ ᠢᠶᠠᠷ ᠢᠶᠠᠨ ᠬᠠᠩᠭᠢᠨᠠᠭᠤᠯᠵᠤ᠂ ᠪᠣᠳᠠᠲᠠᠢ ᠠᠵᠢᠯᠯᠠᠬᠤ ᠪᠠᠷ ᠪᠢᠷ ᠪᠣᠯᠭᠠᠵᠤ᠂ ᠨᠠᠮ ᠪᠠ ᠣᠯᠠᠨ ᠲᠦᠮᠡᠨ ᠤ | ᠰᠡᠳᠬᠢᠯ ᠵᠢᠷᠦᠬᠡ ᠪᠠᠨ ᠬᠤᠯᠪᠣᠵᠤ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠰᠦᠷ ᠵᠢᠪᠬᠤᠯᠠᠩᠲᠤ ᠬᠥᠳᠡᠭᠡ | ᠲᠣᠰᠬᠤᠨ ᠤ ᠵᠢᠷᠤᠭ ᠢ ᠵᠢᠷᠤᠭᠯᠠᠪᠠ᠃ | ᠡᠪᠡᠳᠴᠢᠨ ᠡᠮᠭᠡᠭ ᠠᠴᠠ ᠪᠣᠯᠵᠤ ᠬᠦᠴᠢᠷᠳᠡᠯ ᠳᠤ ᠲᠤᠯᠭᠠᠷᠠᠭᠰᠠᠨ ᠴᠡᠷᠢᠭ ᠤᠨ ᠠᠯᠪᠠᠨ ᠠᠴᠠ | ᠬᠠᠯᠠᠭᠳᠠᠭᠰᠠᠳ ᠲᠤ ᠠᠩᠬᠠᠷᠤᠯ ᠢᠶᠠᠨ ᠲᠥᠪᠯᠡᠷᠡᠭᠦᠯᠵᠦ᠂ ᠰᠢᠶᠠ ᠱᠢ ᠬᠤᠤ ᠪᠠᠯᠭᠠᠰᠤ ᠰᠡᠳᠬᠢᠯ ᠢ ᠳᠤᠯᠠᠭᠠᠴᠠᠭᠤᠯᠤᠨ | ᠬᠠᠪᠰᠤᠷᠤᠨ ᠲᠡᠳᠬᠦᠬᠦ ᠠᠵᠢᠯᠯᠠᠭ᠎ᠠ ᠪᠠᠨ ᠡᠬᠢᠯᠡᠭᠦᠯᠪᠡ᠃ ᠳᠡᠰ ᠳᠠᠷᠠᠭᠠᠯᠠᠯ ᠨᠢ ᠵᠢᠷᠤᠮᠵᠢᠭᠰᠠᠨ᠂ ᠡᠷᠬᠡ ᠲᠡᠭᠰᠢ ᠲᠥᠪ | ᠭᠤᠣᠯᠴᠢ ᠪᠠᠶᠢᠬᠤ ᠵᠠᠷᠴᠢᠮ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠵᠢᠯᠲᠠᠳ ᠠᠶᠢᠯ ᠡᠷᠦᠬᠡ ᠪᠠᠷ ᠶᠠᠪᠤᠵᠤ | ᠂ ᠬᠦᠴᠢᠷᠳᠡᠯᠲᠡᠢ ᠴᠡᠷᠢᠭ ᠤᠨ ᠠᠯᠪᠠ ᠠᠴᠠ ᠬᠠᠯᠠᠭᠳᠠᠭᠰᠠᠳ ᠨᠢᠭᠡᠪᠦᠷᠢ ᠶᠢᠨ ᠪᠣᠳᠠᠲᠠᠢ ᠪᠠᠶᠢᠳᠠᠯ ᠢ ᠭᠦᠨᠵᠡᠭᠡᠢ | ᠣᠶᠢᠯᠠᠭᠠᠵᠤ᠂ ᠲᠡᠳᠡᠨ ᠤ ᠬᠡᠷᠡᠭᠴᠡᠭᠡ ᠱᠠᠭᠠᠷᠳᠠᠯᠭ᠎ᠠ ᠶᠢ ᠨᠠᠷᠢᠨ ᠲᠡᠮᠳᠡᠭᠯᠡᠪᠡ᠃ ᠬᠦᠨᠳᠦ ᠡᠪᠡᠳᠴᠢᠨ ᠳᠤ | ᠨᠡᠷᠪᠡᠭᠳᠡᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠴᠠᠭ ᠲᠤᠬᠠᠢ ᠳᠤᠨᠢ ᠬᠠᠮᠵᠢᠯᠴᠠᠨ ᠡᠮ ᠡᠮᠨᠡᠯᠭᠡ ᠶᠢᠨ | ᠠᠪᠤᠷᠠᠨ ᠲᠤᠰᠠᠯᠠᠯᠲᠠ ᠭᠤᠶᠤᠴᠢᠯᠠᠬᠤ ᠪᠠᠷ ᠪᠠᠷᠠᠬᠤ ᠦᠭᠡᠢ᠂ ᠡᠮ ᠡᠮᠨᠡᠯᠭᠡ ᠶᠢᠨ ᠵᠠᠷᠤᠳᠠᠯ ᠠᠴᠠ ᠪᠣᠯᠤᠭᠰᠠᠨ | ᠳᠠᠷᠤᠯᠲᠠ ᠶᠢ ᠬᠥᠩᠭᠡᠷᠡᠭᠦᠯᠬᠦ ᠪᠠᠷ ᠪᠠᠷᠠᠬᠤ ᠦᠭᠡᠢ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠰᠠᠶᠢᠨ ᠳᠤᠷ᠎ᠠ ᠶᠢᠨ | ᠠᠵᠢᠯᠯᠠᠭᠴᠢ ᠶᠢ ᠭᠡᠷ ᠲᠤᠨᠢ ᠣᠴᠢᠭᠤᠯᠵᠤ ᠬᠠᠷᠠᠭᠠᠯᠵᠠᠨ ᠠᠰᠠᠷᠠᠭᠤᠯᠪᠠ︔ ᠭᠠᠮᠰᠢᠭ ᠠᠴᠠ ᠪᠣᠯᠤᠭᠰᠠᠨ ᠭᠡᠷ | ᠪᠠᠶᠢᠰᠢᠩ ᠳᠤ ᠡᠪᠳᠡᠭᠳᠡᠭᠰᠡᠨ ᠠᠬᠠᠮᠠᠳ ᠴᠡᠷᠢᠭ ᠤᠨ ᠭᠡᠷ ᠪᠦᠯᠢ ᠶᠢᠨ ᠡᠮᠦᠨ᠎ᠡ ᠦᠳᠲᠡᠷ ᠲᠦᠷᠭᠡᠨ ᠢᠶᠠᠷ | ᠬᠦᠴᠦᠨ ᠢᠶᠠᠨ ᠵᠣᠬᠢᠶᠠᠨ ᠪᠠᠶᠢᠭᠤᠯᠵᠤ ᠰᠡᠯᠪᠢᠨ ᠵᠠᠰᠠᠵᠤ ᠳᠠᠬᠢᠨ ᠪᠠᠶᠢᠭᠤᠯᠵᠤ᠂ ᠲᠡᠳᠡᠨ ᠢ ᠭᠡᠷ ᠣᠷᠣᠨ ᠢᠶᠠᠨ ᠠᠯᠢ | ᠲᠦᠷᠭᠡᠨ ᠢᠶᠠᠷ ᠳᠠᠬᠢᠨ ᠳᠤᠯᠠᠭᠠᠴᠠᠭᠤᠯᠪᠠ᠃ ᠡᠨᠡ ᠬᠦ ᠨᠠᠷᠢᠯᠢᠭ ᠣᠨᠣᠴᠠᠲᠠᠢ ᠪᠦᠲᠦᠮᠵᠢᠲᠡᠢ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠨᠢ ᠶᠠᠭ ᠡᠪᠦᠯ ᠤᠨ ᠡᠳᠦᠷ ᠤᠨ ᠳᠤᠯᠠᠭᠠᠨ ᠰᠢᠭ᠋ ᠪᠠᠶᠢᠵᠤ᠂ ᠲᠤᠰᠠᠯᠠᠮᠵᠢ ᠬᠦᠷᠲᠡᠭᠰᠡᠨ ᠴᠡᠷᠢᠭ ᠠᠴᠠ | ᠬᠠᠯᠠᠭᠳᠠᠭᠰᠠᠳ ᠨᠢᠭᠡᠪᠦᠷᠢ ᠳᠤ ᠴᠥᠮ ᠨᠠᠮ ᠪᠠ ᠵᠠᠰᠠᠭ ᠤᠨ ᠣᠷᠳᠣᠨ ᠤ ᠭᠦᠨ ᠵᠤᠵᠠᠭᠠᠨ ᠬᠠᠶᠢᠷ᠎ᠠ ᠬᠠᠯᠠᠮᠵᠢ ᠶᠢ | ᠦᠨᠡᠨ ᠬᠦ ᠮᠡᠳᠡᠷᠡᠭᠦᠯᠪᠡ᠃ | ᠡᠮ ᠡᠮᠨᠡᠯᠭᠡ ᠶᠢᠨ ᠳᠠᠭᠠᠳᠬᠠᠯ ᠪᠣᠯ ᠠᠷᠠᠳ ᠤᠨ ᠠᠮᠢᠳᠤᠷᠠᠯ ᠤᠨ ᠰᠠᠭᠤᠷᠢ ᠮᠥᠨ᠂ ᠣᠯᠠᠨ ᠲᠦᠮᠡᠨ ᠳᠤ | ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠡᠳ᠋ᠯᠡᠭᠦᠯᠬᠦ ᠶᠢᠨ ᠲᠥᠯᠥᠭᠡ᠂ ᠴᠢᠭᠢᠭᠯᠢᠭ ᠰᠤᠪᠠᠭ ᠪᠠᠯᠭᠠᠰᠤ | ᠢᠳᠡᠪᠬᠢᠲᠡᠢ ᠠᠵᠢᠯᠯᠠᠪᠠ᠃ ᠨᠢᠭᠡ ᠲᠠᠯ᠎ᠠ ᠪᠠᠷ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠭᠤᠯᠤᠯ ᠤᠨ ᠬᠤᠷᠠᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠤᠰᠬᠠᠢ | ᠮᠡᠷᠭᠡᠵᠢᠯ ᠤᠨ ᠠᠵᠢᠯᠲᠠᠨ ︽ᠲᠠᠶᠢᠯᠪᠤᠷᠢᠯᠠᠭᠴᠢ︾ ᠪᠣᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ᠂ ᠰᠦᠢᠳᠬᠡᠯ ᠲᠤᠰᠢᠶᠠᠬᠤ ᠪᠠᠷᠢᠮᠵᠢᠶ᠎ᠠ᠂ ᠳᠠᠩᠰᠠ ᠲᠠᠶᠢᠯᠬᠤ | ᠶᠠᠪᠤᠴᠠ ᠵᠢᠴᠢ ᠬᠠᠷᠢᠴᠠᠯ ᠵᠡᠷᠭᠡ ᠲᠤᠰᠬᠠᠢ ᠮᠡᠷᠭᠡᠵᠢᠯ ᠤᠨ ᠮᠡᠳᠡᠯᠭᠡ ᠶᠢ ᠲᠤᠬᠠᠢ ᠶᠢᠨ ᠭᠠᠵᠠᠷ ᠤᠨ ᠠᠮᠢᠳᠤᠯᠢᠭ | ᠪᠣᠳᠠᠲᠠᠢ ᠪᠣᠳᠠᠲᠠᠢ ᠬᠡᠷᠡᠭ ᠤᠨ ᠵᠢᠱᠢᠶ᠎ᠡ ᠳᠤ ᠠᠭᠤᠰᠤᠯᠴᠠᠭᠤᠯᠵᠤ᠂ ᠨᠠᠷᠢᠨ ᠪᠤᠳᠤᠯᠢᠶᠠᠨᠲᠠᠢ ᠲᠥᠷᠥ ᠶᠢᠨ | ᠪᠣᠳᠣᠯᠭ᠎ᠠ ᠶᠢᠨ ᠴᠠᠭ ᠦᠶ᠎ᠡ ᠳᠤ ᠳᠥᠭᠦᠮ ᠣᠶᠢᠯᠠᠭᠠᠮᠵᠢᠲᠠᠢ ᠪᠣᠯᠵᠤ᠂ ᠣᠯᠠᠨ ᠲᠦᠮᠡᠨ ᠤ ᠣᠶᠢᠯᠠᠭᠠᠬᠤ ᠬᠡᠮᠵᠢᠶ᠎ᠡ | ᠶᠡᠭᠡ ᠪᠠᠷ ᠳᠡᠭᠡᠭᠰᠢᠯᠡᠪᠡ᠃ ᠨᠥᠭᠦᠭᠡ ᠲᠠᠯ᠎ᠠ ᠪᠠᠷ᠂ ᠰᠦᠢᠳᠬᠡᠯ ᠲᠤᠰᠢᠶᠠᠬᠤ ︽ᠡᠴᠦᠰ ᠤᠨ ᠨᠢᠭᠡ | ᠺᠢᠯᠣᠮᠧᠲᠷ︾ ᠢ ᠨᠡᠪᠲᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠪᠠᠩᠬᠢ᠂ ᠭᠠᠶᠢᠯᠢ ᠶᠢᠨ ᠶᠠᠪᠤᠳᠠᠯ | ᠵᠡᠷᠭᠡ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠣᠯᠠᠨ ᠡᠰᠢᠴᠢᠯᠡᠭᠰᠡᠨ ᠰᠦᠢᠳᠬᠡᠯ ᠲᠤᠰᠢᠶᠠᠬᠤ ᠠᠷᠭ᠎ᠠ | ᠵᠠᠮ ᠤᠨ ᠰᠢᠨ᠎ᠡ ᠶᠢ ᠡᠭᠦᠳᠦᠨ᠎ᠡ᠃ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ | ᠰᠦᠢᠳᠬᠡᠯ ᠲᠤᠰᠢᠶᠠᠬᠤ ᠵᠢᠵᠢᠭ ᠫᠷᠤᠭ᠍ᠷᠠᠮ᠂ ᠮᠥᠩᠬᠡ ᠰᠤᠪᠠᠭ ᠤᠨ APP ᠵᠡᠷᠭᠡ ᠰᠦᠯᠵᠢᠶᠡᠨ ᠳᠡᠭᠡᠷ᠎ᠡ ᠰᠦᠢᠳᠬᠡᠯ | ᠲᠤᠰᠢᠶᠠᠬᠤ ᠠᠷᠭ᠎ᠠ ᠮᠠᠶ᠋ᠢᠭ ᠢ ᠳᠡᠯᠭᠡᠨ ᠦᠵᠡᠭᠦᠯᠵᠦ᠂ ᠣᠯᠠᠨ ᠲᠦᠮᠡᠨ ᠢ ᠭᠡᠷ ᠠᠴᠠ ᠪᠠᠨ ᠭᠠᠷᠬᠤ ᠦᠭᠡᠢ ᠪᠣᠯᠭᠠᠵᠤ᠂ | ᠬᠤᠷᠤᠭᠤᠨ ᠦᠵᠦᠭᠦᠷ ᠢ ᠨᠢ ᠬᠥᠩᠭᠡᠪᠴᠢᠯᠡᠪᠡᠯ ᠳᠠᠷᠤᠢ ᠠᠮᠠᠷᠬᠠᠨ ᠰᠦᠢᠳᠬᠡᠯ ᠲᠤᠰᠢᠶᠠᠬᠤ ᠶᠢ ᠪᠡᠶᠡᠯᠡᠭᠦᠯᠵᠦ᠂ | ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠳᠤ ︽ᠵᠠᠢ ᠦᠭᠡᠢ︾ ︽ᠭᠦᠶᠦᠬᠦ ᠦᠭᠡᠢ︾ ᠪᠠᠶᠢᠬᠤ ᠶᠢ | ᠦᠨᠡᠨ ᠬᠦ ᠪᠡᠶᠡᠯᠡᠭᠦᠯᠦᠨ᠎ᠡ᠃ | ᠲᠡᠮᠦᠷ ᠳᠠᠪᠲᠠᠬᠤ ᠳᠤ ᠪᠠᠰᠠ ᠥᠪᠡᠷ ᠤᠨ ᠪᠡᠶ᠎ᠡ ᠬᠠᠲᠠᠭᠤ ᠪᠠᠶᠢᠬᠤ ᠬᠡᠷᠡᠭᠲᠡᠢ᠂ ᠰᠢᠶᠠ ᠱᠢ ᠬᠤᠤ ᠪᠠᠯᠭᠠᠰᠤᠨ ᠤ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠡᠨᠡ ᠬᠦ ᠶᠣᠰᠣ ᠶᠢ ᠭᠦᠨᠵᠡᠭᠡᠢ ᠡᠵᠡᠮᠰᠢᠵᠦ᠂ ︽ | ᠦᠢᠯᠡᠴᠢᠯᠡᠭᠡᠨ ᠤ ᠡᠩᠨᠡᠭᠡ ᠶᠢᠨ ᠰᠡᠯᠡᠮ᠎ᠡ︾ ᠶᠢ ᠨᠠᠷᠢᠨ ᠨᠢᠮᠪᠠᠢ ᠱᠦᠷᠭᠦᠭᠡᠬᠦ ᠬᠡᠷᠡᠭᠲᠡᠢ᠃ ᠲᠣᠭᠲᠠᠮᠠᠯ | ᠬᠤᠭᠤᠴᠠᠭ᠎ᠠ ᠲᠠᠢ ᠪᠠᠷ ᠠᠵᠢᠯᠲᠠᠳ ᠢ ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠳᠤ | ᠣᠷᠣᠯᠴᠠᠭᠤᠯᠵᠤ᠂ ᠲᠤᠰᠬᠠᠢ ᠮᠡᠷᠭᠡᠵᠢᠯᠲᠡᠨ ᠤ ᠴᠢᠳᠠᠪᠤᠷᠢᠲᠠᠨ ᠢ ᠤᠷᠢᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠂ ᠨᠡᠪᠲᠡᠷᠡᠯᠴᠡᠬᠦ ᠤᠷ᠎ᠠ ᠮᠡᠷᠭᠡᠵᠢᠯ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠣᠯᠠᠨ ᠲᠠᠯ᠎ᠠ ᠶᠢᠨ | ᠮᠡᠳᠡᠯᠭᠡ ᠶᠢ ᠬᠠᠮᠤᠷᠤᠭᠤᠯᠪᠠ︔ ᠳᠣᠲᠣᠭᠠᠳᠤ ᠶᠢᠨ ᠲᠤᠷᠰᠢᠯᠭ᠎ᠠ ᠪᠠᠨ ᠰᠣᠯᠢᠯᠴᠠᠬᠤ ᠠᠵᠢᠯᠯᠠᠭ᠎ᠠ ᠥᠷᠨᠢᠭᠦᠯᠵᠦ᠂ | ᠣᠯᠠᠨ ᠢᠶᠠᠷ ᠢᠶᠠᠨ ᠨᠢᠭᠡ ᠲᠠᠩᠬᠢᠮ ᠳᠤ ᠲᠣᠭᠤᠷᠢᠨ ᠰᠠᠭᠤᠯᠴᠠᠵᠤ᠂ ᠦᠢᠯᠡᠴᠢᠯᠡᠭᠡᠨ ᠤ ᠳᠤᠮᠳᠠᠬᠢ ᠪᠠᠭ᠎ᠠ ᠰᠠᠭ᠎ᠠ | ᠣᠯᠤᠯᠲᠠ᠂ ᠲᠦᠪᠡᠭᠲᠡᠢ ᠬᠦᠴᠢᠷ ᠠᠰᠠᠭᠤᠳᠠᠯ ᠪᠣᠯᠤᠨ ᠤᠷᠠᠨ ᠢᠶᠠᠷ ᠬᠠᠤᠯᠢ ᠶᠢ ᠲᠠᠶᠢᠯᠪᠤᠷᠢᠯᠠᠪᠠ᠃ ᠡᠳᠦᠭᠡ᠂ | ᠨᠠᠮ ᠤᠨ ᠣᠯᠠᠨ ᠲᠦᠮᠡᠨ ᠤ ᠦᠢᠯᠡᠴᠢᠯᠡᠭᠡᠨ ᠤ ᠲᠥᠪ ᠨᠢᠭᠡᠨᠲᠡ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠦᠴᠦᠷᠬᠡᠭ ᠶᠡᠭᠡ ︽ᠬᠥᠳᠡᠯᠭᠡᠬᠦ ᠬᠦᠴᠦᠨ ᠤ ᠡᠬᠢ ᠰᠤᠷᠪᠤᠯᠵᠢ︾᠂ ᠲᠣᠰᠬᠤᠨ ᠤ ᠠᠷᠠᠳ ᠤᠨ | ᠰᠡᠳᠬᠢᠯ ᠵᠢᠷᠦᠬᠡᠨ ᠳᠠᠬᠢ ︽ᠸᠧᠨ ᠰᠢᠨ ᠭᠡᠷ︾ ᠪᠣᠯᠵᠤ᠂ ᠡᠨᠡᠬᠦ ᠭᠠᠵᠠᠷ ᠰᠢᠷᠣᠢ ᠳᠤ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠷᠢᠯᠡᠵᠦ᠂ ᠬᠥᠳᠡᠭᠡ ᠲᠣᠰᠬᠤᠨ ᠤ ᠰᠠᠶᠢᠨ ᠰᠠᠶᠢᠬᠠᠨ ᠢᠷᠡᠭᠡᠳᠦᠢ | ᠵᠦᠭ ᠶᠡᠭᠡ ᠠᠯᠬᠤᠮ ᠢᠶᠠᠷ ᠤᠷᠤᠭᠰᠢᠯᠠᠬᠤ ᠳᠤ ᠬᠦᠴᠦᠨ ᠨᠡᠮᠡᠷᠢᠯᠡᠵᠡᠢ᠃ | ᠢᠷᠡᠭᠡᠳᠦᠢ ᠪᠠᠨ ᠪᠠᠷᠠᠯᠠᠬᠤᠶ᠎ᠠ᠂ ᠰᠢᠶᠠ ᠱᠢ ᠬᠤᠤ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠢ ᠪᠠᠷ ᠤᠷᠤᠭᠰᠢᠯᠠᠵᠤ᠂ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠶᠢ ᠭᠦᠨᠵᠡᠭᠡᠢ ᠬᠠᠶᠢᠨ ᠰᠦᠪᠡᠭᠴᠢᠯᠡᠵᠦ᠂ ᠦᠢᠯᠡᠴᠢᠯᠡᠭᠡᠨ ᠤ ᠬᠡᠯᠪᠡᠷᠢ ᠪᠠ ᠠᠭᠤᠯᠭ᠎ᠠ ᠶᠢᠨ ᠲᠠᠯ᠎ᠠ ᠪᠠᠷ | ᠦᠷᠭᠦᠯᠵᠢᠯᠡᠨ ᠰᠢᠨ᠎ᠡ ᠶᠢ ᠡᠭᠦᠳᠴᠦ᠂ ᠠᠷᠠᠳ ᠲᠦᠮᠡᠨ ᠳᠤ ᠦᠢᠯᠡᠴᠢᠯᠡᠬᠦ ︽ᠲᠣᠪᠶᠤᠭ︾ ᠢ ᠲᠠᠰᠤᠷᠠᠯᠲᠠ ᠥᠬᠡᠶ | ᠪᠠᠶᠠᠯᠢᠭᠵᠢᠭᠤᠯᠵᠤ᠂ ᠰᠢᠶᠠ ᠱᠢ ᠬᠤᠤ ᠪᠠᠯᠭᠠᠰᠤᠨ ᠤ ᠡᠶ᠎ᠡ ᠵᠣᠬᠢᠴᠠᠩᠭᠤᠢ ᠰᠠᠶᠢᠨ ᠰᠠᠶᠢᠬᠠᠨ ᠳᠤ ᠥᠩᠭᠡ | ᠪᠤᠳᠤᠭ ᠲᠠᠢ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠠᠮ ᠪᠠ ᠣᠯᠠᠨ ᠲᠦᠮᠡᠨ ᠤ ᠭᠠᠷ ᠬᠤᠯᠪᠣᠨ ᠬᠠᠮᠲᠤ ᠪᠠᠷ | ᠤᠷᠤᠭᠰᠢᠯᠠᠬᠤ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | |