ᠨᠡᠶᠢᠲᠡ ᠶᠢᠨ ᠮᠠᠰᠢᠨ ᠲᠡᠷᠭᠡ ᠲᠣᠭᠲᠠᠭᠠᠵᠤ ᠮᠠᠷᠭᠠᠰᠢ ​ᠬᠤᠸᠠᠷ ᠫᠤᠤᠵᠢᠩ ᠤᠨ ᠪᠠᠶᠠᠷ ᠲᠤ ᠰᠢᠭᠤᠳ ᠬᠦᠷᠦᠶ᠎ᠡ︕
ᠨᠡᠶᠢᠲᠡᠯᠡᠭᠰᠡᠨ ᠴᠠᠭ᠄
2025/2/1
    ᠭᠦᠶᠡᠩ ᠰᠢᠶᠠᠨ 2 ᠰᠠᠷ᠎ᠠ ᠶᠢᠨ 2 ᠤ ᠡᠳᠦᠷ ︵ᠴᠠᠭᠠᠨ ᠰᠠᠷ᠎ᠠ ᠶᠢᠨ 5︶ ᠣᠷᠣᠢ ᠶᠢᠨ 19: 30 ᠤ ᠣᠷᠣᠢ  ᠵᠢᠨᠱᠠᠨ ᠪᠠᠯᠭᠠᠰᠤᠨ ᠤ ᠮᠦ ᠯᠠᠨ ᠠᠭᠤᠳᠠᠮ ᠲᠠᠯᠠᠪᠠᠢ ᠳᠤ  41。 ᠭᠦᠶᠡᠩ ᠤᠨ ᠮᠣᠭᠠᠢ ᠵᠢᠯ ᠤᠨ ︽ᠴᠢ︾ ᠹᠦ ᠬᠤᠸᠠᠷ ᠫᠤᠤᠵᠢᠩ ᠤᠨ ᠲᠣᠭᠯᠠᠯᠲᠠ ᠭᠠᠷᠭᠠᠬᠤ ᠪᠣᠯᠤᠨ᠎ᠠ᠃ ᠬᠤᠲᠠ ᠶᠢᠨ ᠠᠷᠠᠳ ᠤᠨ ᠭᠦᠶᠡᠩ ᠬᠤᠸᠠᠷ ᠫᠤᠤᠵᠢᠩ ᠤᠨ ᠲᠣᠭᠯᠠᠯᠲᠠ ᠶᠢ ᠦᠵᠡᠬᠦ ᠳᠤ ᠳᠥᠭᠦᠮ ᠦᠵᠡᠭᠦᠯᠬᠦ ᠶᠢᠨ ᠲᠥᠯᠥᠭᠡ᠂ ᠪᠤᠭᠤᠲᠤ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠦᠯᠦᠭᠯᠡᠯ ᠤᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︽ᠭᠦᠶᠡᠩ ᠬᠤᠸᠠᠷ ᠴᠡᠴᠡᠭ ᠤᠨ ᠨᠠᠶᠢᠷ ᠵᠠᠬᠢᠶᠠᠯᠠᠨ ᠦᠢᠯᠡᠳᠬᠦ ᠨᠡᠶᠢᠲᠡ ᠶᠢᠨ ᠵᠠᠮ ︾ ᠭᠠᠷᠭᠠᠵᠤ᠂ ᠬᠠᠯᠠᠭᠤᠨ ᠳᠣᠲᠣᠨᠣ᠂ ᠳᠥᠭᠦᠮ ᠲᠦᠳᠡ᠂ ᠪᠣᠬᠢᠷᠲᠤᠯ ᠦᠭᠡᠢ᠂ ᠰᠠᠭᠠᠳ ᠦᠭᠡᠢ ᠶᠠᠪᠤᠵᠤ ᠰᠠᠭᠤᠬᠤ ᠥᠩᠭᠡᠷᠡᠯᠲᠡ ᠬᠠᠩᠭᠠᠬᠤ ᠪᠣᠯᠤᠨ᠎ᠠ᠃ ᠬᠤᠷᠳᠤᠨ ᠢᠷᠡᠵᠦ ᠶᠠᠭᠠᠬᠢᠵᠤ ᠰᠠᠭᠤᠬᠤ ᠶᠢ ᠦᠵᠡ︕    ᠨᠢᠭᠡ᠂ ᠴᠠᠭ ᠬᠤᠭᠤᠴᠠᠭ᠎ᠠ ᠪᠠ ᠲᠡᠷᠭᠡᠨ ᠤ ᠲᠣᠬᠢᠷᠠᠭᠤᠯᠤᠯᠲᠠ    2 ᠳ᠋ᠤᠭᠠᠷ ᠰᠠᠷ᠎ᠠ ᠶᠢᠨ 2 ᠤᠨ ᠡᠳᠦᠷ᠂ 15᠄ 00 - 17᠄ 00 ᠠᠶᠠᠨᠴᠢᠳ ᠤᠨ ᠤᠷᠤᠰᠬᠠᠯ ᠤᠨ ᠪᠠᠶᠢᠳᠠᠯ ᠢ ᠦᠨᠳᠦᠰᠦᠯᠡᠨ ᠬᠥᠨᠳᠡᠯᠡᠨ ᠲᠣᠭᠤᠷᠢᠭ ︵ᠳ᠋ᠦᠩ ᠾᠧ︶ ᠠᠴᠠ ᠭᠦᠶᠡᠩ ᠬᠦᠷᠬᠦ ᠴᠢᠭᠯᠡᠯ ᠤᠨ C2 ︵C1︶ ᠵᠠᠮ ᠤᠨ ᠡᠵᠡᠩᠨᠡᠯᠲᠡ ᠶᠢᠨ ᠠᠩᠭᠢ ᠶᠢ ᠴᠠᠭ ᠲᠤᠬᠠᠶ ᠳᠤᠨᠢ ᠨᠢᠭᠤᠴᠠᠯᠠᠪᠠ᠃    2 ᠳ᠋ᠤᠭᠠᠷ ᠰᠠᠷ᠎ᠠ ᠶᠢᠨ 2 ᠤᠨ ᠡᠳᠦᠷ᠂ 20᠄ 40 ᠪᠠᠷ ᠭᠦᠶᠡᠩ ᠠᠴᠠ ᠬᠥᠨᠳᠡᠯᠡᠨ ᠲᠣᠭᠤᠷᠢᠭ ︵ᠳ᠋ᠦᠩ ᠾᠧ︶ ᠬᠦᠷᠬᠦ ᠴᠢᠭᠯᠡᠯ ᠳᠠᠬᠢ ︽ᠭᠦᠶᠡᠩ ᠤᠨ ᠲᠠᠮᠠᠬᠢᠨ ᠨᠠᠶᠢᠷ ᠤᠨ ᠲᠣᠭᠲᠠᠭᠰᠠᠨ ᠨᠡᠶᠢᠲᠡ ᠶᠢᠨ ᠮᠠᠰᠢᠨ ᠲᠡᠷᠭᠡ︾ ᠶᠢ ᠨᠡᠪᠲᠡᠷᠡᠭᠦᠯᠵᠦ᠂ 6 ᠡᠭᠡᠯᠵᠢ ᠤᠳᠠᠭ᠎ᠠ ᠲᠦᠷ ᠲᠣᠬᠢᠷᠠᠭᠤᠯᠬᠤ ᠪᠠᠷ ᠲᠣᠭᠲᠠᠵᠠᠢ᠂ ᠡᠭᠦᠨ ᠳᠤ ᠨᠢᠭᠡ ᠡᠭᠡᠯᠵᠢ ᠤᠳᠠᠭ᠎ᠠ ᠨᠢ ᠳ᠋ᠦᠩ ᠾᠧ ︵ᠲᠡᠷᠡ ᠦᠶ᠎ᠡ ᠳᠤ ᠠᠶᠠᠨᠴᠢᠳ ᠤᠨ ᠤᠷᠤᠰᠬᠠᠯ ᠤᠨ ᠬᠡᠷᠡᠭᠴᠡᠭᠡ ᠶᠢ ᠦᠨᠳᠦᠰᠦᠯᠡᠨ ᠲᠡᠷᠭᠡ ᠬᠥᠰᠬᠡ ᠶᠢ ᠴᠠᠭ ᠲᠤᠬᠠᠶ ᠳᠤ ᠨᠢ ᠨᠡᠮᠡᠭᠳᠡᠭᠦᠯᠦᠨ᠎ᠡ︶᠃    ᠬᠤᠶᠠᠷ᠂ ᠥᠷᠲᠡᠭᠡ ᠪᠠᠶᠢᠷᠢᠯᠠᠭᠤᠯᠬᠤ ᠪᠠ ᠬᠡᠯᠬᠢᠶ᠎ᠡ ᠶᠢᠨ ᠴᠢᠭᠯᠡᠯ    1. ᠡᠬᠢᠯᠡᠵᠦ ᠬᠦᠷᠭᠡᠬᠦ ᠥᠷᠲᠡᠭᠡ᠄ ᠭᠦᠶᠡᠩ ᠤᠨ ᠵᠠᠮ ᠬᠠᠷᠢᠯᠴᠠᠭᠠᠨ ᠤ ᠲᠣᠪᠴᠢᠶ᠎ᠠ ︵C2 ᠵᠠᠮ ᠤᠨ ᠪᠦᠦ ᠸᠧᠶ ᠴᠢᠭᠯᠡᠯ ᠤᠨ ᠥᠷᠲᠡᠭᠡᠨ ᠤ ᠫᠠᠶᠢᠰᠠ︶᠃    2. ᠲᠡᠭᠦᠰᠬᠡᠯ ᠤᠨ ᠴᠡᠭ ᠤᠨ ᠥᠷᠲᠡᠭᠡ᠄ ᠳ᠋ᠦᠩ ᠾᠧ ᠮᠠᠰᠢᠨ ᠲᠡᠷᠭᠡᠨ ᠤ ᠥᠷᠲᠡᠭᠡ᠂ ᠪᠤᠭᠤᠲᠤ ᠶᠢᠨ ᠭᠠᠯᠲᠤ ᠲᠡᠷᠭᠡᠨ ᠤ ᠥᠷᠲᠡᠭᠡ ︵C1 ᠵᠠᠮ᠂ C2 ᠵᠠᠮ ᠤᠨ ᠡᠴᠦᠰ ᠤᠨ ᠥᠷᠲᠡᠭᠡ︶᠃    3. C1᠂ C2 ᠳ᠋ᠤᠭᠠᠷ ᠵᠠᠮ ᠤᠨ ᠡᠵᠡᠩᠨᠡᠯᠲᠡ ᠶᠢᠨ ᠱᠤᠭᠤᠮ ᠢᠶᠠᠷ ᠠᠵᠢᠯᠯᠠᠭᠤᠯᠤᠨ᠎ᠠ᠃    ᠭᠤᠷᠪᠠ᠂ ᠪᠢᠯᠧᠲ ᠤᠨ ᠦᠨ᠎ᠡ 10 ᠲᠥᠭᠦᠷᠢᠭ ᠨᠢᠭᠡ ᠪᠢᠯᠧᠲ ᠤᠨ ᠲᠦᠷᠢᠮ ᠢ ᠬᠡᠷᠡᠭᠵᠢᠭᠦᠯᠦᠨ᠎ᠡ᠂ ᠠᠶᠠᠨᠴᠢᠳ ᠲᠡᠷᠭᠡᠨ ᠳᠤ ᠭᠠᠷᠤᠭᠰᠠᠨ ᠤ ᠳᠠᠷᠠᠭ᠎ᠠ ᠵᠣᠭᠤᠰ ᠪᠤᠶᠤ ᠺᠣᠳ᠋ ᠰᠢᠷᠪᠢᠵᠦ ᠲᠡᠷᠭᠡᠨ ᠳᠤ ᠰᠠᠭᠤᠨ᠎ᠠ᠃ ᠨᠠᠰᠤᠲᠠᠶᠢᠴᠤᠳ ᠤᠨ ᠲᠡᠷᠭᠡᠨ ᠳᠤ ᠰᠠᠭᠤᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠦᠭᠡᠢ᠃    ᠳᠥᠷᠪᠡ᠂ ᠠᠶᠠᠨᠴᠢᠳ ᠤᠨ ᠬᠡᠷᠡᠭᠴᠡᠭᠡ ᠱᠠᠭᠠᠷᠳᠠᠯᠭ᠎ᠠ ᠳᠤ ᠨᠠᠩ ᠰᠠᠶᠢᠲᠤᠷ ᠦᠢᠯᠡᠴᠢᠯᠡᠬᠦ ᠪᠠ ᠬᠠᠩᠭᠠᠬᠤ ᠶᠢᠨ ᠲᠥᠯᠥᠭᠡ᠂ ᠠᠶᠠᠨᠴᠢᠳ ᠢ ᠤᠷᠢᠳᠴᠢᠯᠠᠨ ᠤᠲᠠᠰᠤ ᠪᠠᠷ ᠤᠷᠢᠳᠴᠢᠯᠠᠨ ᠪᠣᠯᠵᠣᠬᠤ ᠬᠡᠷᠡᠭᠲᠡᠶ᠃    ᠵᠠᠮ ᠱᠤᠭᠤᠮ ᠤᠨ ᠬᠠᠷᠢᠭᠤᠴᠠᠯᠭᠠᠲᠠᠨ᠄ ᠵᠠᠩ ᠵᠢᠶᠠ ᠴᠢ    ᠬᠠᠷᠢᠯᠴᠠᠬᠤ ᠤᠲᠠᠰᠤ᠄ 18947734773 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号