C2 ᠵᠠᠮ ᠤᠨ ᠥᠯᠵᠡᠶᠢᠲᠦ ᠪᠠᠶᠠᠷ ᠤᠨ ᠬᠤᠭᠤᠴᠠᠭᠠᠨ ᠳᠠᠬᠢ ᠲᠦᠷ ᠴᠠᠭ ᠤᠨ ᠲᠣᠭᠤᠷᠢᠵᠤ ᠶᠠᠪᠤᠬᠤ ᠠᠯᠪᠠᠨ ᠵᠠᠷ
ᠨᠡᠶᠢᠲᠡᠯᠡᠭᠰᠡᠨ ᠴᠠᠭ᠄
2025/2/10
    2 ᠰᠠᠷ᠎ᠠ ᠶᠢᠨ 11 ᠤ ᠡᠳᠦᠷ ︵ᠴᠠᠭᠠᠨ ᠰᠠᠷ᠎ᠠ ᠶᠢᠨ ᠠᠷᠪᠠᠨ ᠳᠥᠷᠪᠡ︶ 13᠄ 30 - 17᠄ 30 ᠤ ᠡᠳᠦᠷ᠂ 2025 ᠣᠨ ᠤ ᠪᠤᠭᠤᠲᠤ ᠬᠤᠲᠠ ᠶᠢᠨ ᠥᠯᠵᠡᠶᠢᠲᠦ ᠡᠳᠦᠷ ᠤᠨ ᠬᠤᠭᠤᠴᠠᠭᠠᠨ ᠳᠠᠬᠢ ᠠᠷᠠᠳ ᠤᠨ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ᠂ ᠥᠩᠭᠡᠲᠦ ᠳ᠋ᠧᠩ ᠤᠨ ᠦᠵᠡᠭᠦᠯᠦᠯᠭᠡ ᠵᠡᠷᠭᠡ ᠠᠵᠢᠯᠯᠠᠭ᠎ᠠ ᠶᠢᠨ ᠠᠮᠤᠷ ᠲᠦᠪᠰᠢᠨ᠂ ᠤᠷᠤᠭᠰᠢᠳᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠬᠡᠰᠡᠭ ᠵᠠᠮ ᠤᠨ ᠬᠡᠰᠡᠭ ᠲᠤ ᠪᠦᠷᠢᠨ ᠪᠢᠲᠡᠭᠦᠮᠵᠢᠯᠡᠭᠰᠡᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠬᠤ ᠪᠣᠯᠤᠨ᠎ᠠ᠃    ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠨᠥᠯᠥᠭᠡ ᠪᠠᠷ C2 ᠵᠠᠮ ᠨᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠤᠭᠤᠴᠠᠭᠠᠨ ᠳᠤ ᠳᠣᠣᠷᠠᠬᠢ ᠬᠡᠳᠦᠨ ᠲᠠᠯ᠎ᠠ ᠶᠢᠨ ᠲᠣᠬᠢᠷᠠᠭᠤᠯᠤᠯᠲᠠ ᠬᠢᠪᠠ᠄    106 ᠵᠢᠵᠢᠭ ᠲᠠᠸᠠᠷ ᠤᠨ ᠬᠤᠳᠠ᠂ ᠪᠤᠭᠤᠲᠤ ᠶᠢᠨ ᠵᠣᠴᠢᠳ ᠤᠨ ᠪᠠᠭᠤᠳᠠᠯ᠃    ᠲᠣᠭᠤᠷᠢᠨ ᠠᠶᠠᠯᠠᠬᠤ᠄ ᠤᠤᠯ ᠤᠨ ᠱᠤᠭᠤᠮ ︵ᠠᠷᠠᠳ ᠶᠡᠭᠡ ᠵᠡᠭᠡᠯᠢ︶ - ᠨᠥᠬᠦᠷᠯᠡᠯ ᠶᠡᠭᠡ ᠵᠡᠭᠡᠯᠢ - ᠦᠨᠳᠦᠰᠦᠲᠡᠨ ᠤ ᠪᠠᠷᠠᠭᠤᠨ ᠵᠠᠮ - ᠭᠠᠩ ᠲᠢᠶᠧ ᠶᠡᠭᠡ ᠵᠡᠭᠡᠯᠢ - ᠪᠠ ᠢ ᠴᠡᠴᠡᠷᠯᠢᠭ - ᠤᠭ ᠱᠤᠭᠤᠮ︔    ᠠᠶᠠᠯᠠᠯ ᠤᠨ ᠠᠷᠭ᠎ᠠ᠄ ᠲᠣᠭᠤᠷᠢᠵᠤ ᠶᠠᠪᠤᠬᠤ ᠵᠠᠮ ᠳᠡᠭᠡᠷ᠎ᠡ ᠲᠡᠷᠭᠡ ᠵᠣᠭᠰᠣᠵᠤ ᠠᠶᠠᠨᠴᠢᠳ ᠢ ᠪᠠᠭᠤᠯᠭᠠᠨ᠎ᠠ᠃    C2 ᠵᠠᠮ ᠢᠶᠠᠷ ᠶᠠᠪᠤᠵᠤ ᠪᠠᠶᠢᠭ᠎ᠠ ᠠᠶᠠᠨᠴᠢᠳ ᠤᠷᠢᠳᠴᠢᠯᠠᠨ ᠶᠠᠪᠤᠵᠤ ᠰᠠᠭᠤᠬᠤ ᠲᠥᠯᠥᠪᠵᠢᠭᠦᠯᠭᠡ ᠪᠠᠨ ᠰᠠᠶᠢᠲᠤᠷ ᠬᠢᠵᠦ᠂ ᠠᠵᠢᠯ ᠠᠮᠢᠳᠤᠷᠠᠯ ᠢ ᠨᠥᠯᠥᠭᠡᠯᠡᠬᠦ ᠠᠴᠠ ᠵᠠᠶᠢᠯᠠᠰᠬᠢᠵᠦ ᠪᠣᠯᠤᠨ᠎ᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠤᠤᠯ ᠤᠨ ᠵᠠᠮ ᠱᠤᠭᠤᠮ ᠢᠶᠠᠨ ᠴᠠᠭ ᠲᠤᠬᠠᠢ ᠳᠤᠨᠢ ᠰᠡᠷᠭᠦᠭᠡᠪᠡ᠃ ᠠᠶᠠᠨᠴᠢᠳ ᠸᠢᠴᠠᠲ ᠤᠨ ᠣᠯᠠᠨ ᠨᠡᠶᠢᠲᠡ ᠶᠢᠨ ᠨᠣᠮᠧᠷ ︽ᠪᠤᠭᠤᠲᠤ ᠶᠢᠨ ᠠᠯᠪᠠᠨ ᠤ ᠲᠡᠭᠡᠭᠡᠪᠦᠷᠢ︾ ᠪᠤᠶᠤ ᠸᠢᠴᠠᠲ ᠤᠨ ᠵᠢᠵᠢᠭ ᠫᠷᠣᠭᠷᠠᠮ ︽ᠰᠢᠯᠢᠳᠡᠭ ᠨᠡᠶᠢᠲᠡ ᠶᠢᠨ ᠵᠠᠮ ᠬᠠᠷᠢᠯᠴᠠᠭᠠᠨ ᠤ ᠢᠷᠠᠭᠤ ᠠᠯᠳᠠᠷ ᠤᠨ ᠯᠦ ᠴᠧᠩ︾ ᠪᠠᠷ ᠳᠠᠮᠵᠢᠭᠤᠯᠤᠨ ᠲᠡᠷᠭᠡ ᠬᠥᠰᠬᠡ ᠶᠢᠨ ᠬᠥᠳᠡᠯᠦᠯ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ ᠯᠠᠪᠯᠠᠵᠤ ᠪᠣᠯᠤᠨ᠎ᠠ᠃ ᠲᠠᠨ ᠤ ᠶᠠᠪᠤᠵᠤ ᠰᠠᠭᠤᠬᠤ ᠳᠤ ᠳᠥᠭᠦᠮ ᠦᠭᠡᠢ ᠪᠣᠯᠭᠠᠭᠰᠠᠨ ᠢ ᠠᠭᠤᠴᠢᠯᠠᠭᠠᠷᠠᠢ᠃    ᠠᠰᠠᠭᠤᠨ ᠯᠠᠪᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ᠄ 1850472019 9᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号