ᠭᠦᠶᠡᠩ ᠰᠢᠶᠠᠨ᠄ ᠤᠰᠤ ᠠᠷᠪᠢᠯᠠᠬᠤ ᠴᠠᠷᠴᠠᠮᠠᠯ ᠪᠣᠷᠳᠣᠭᠤᠷ ᠤᠨ ᠲᠤᠷᠰᠢᠯᠳᠠ ᠱᠠᠲᠤ ᠦᠶ᠎ᠡ ᠶᠢᠨ ᠴᠢᠨᠠᠷᠲᠠᠢ ᠠᠬᠢᠴᠠ ᠲᠠᠢ ᠪᠣᠯᠪᠠ︕
ᠨᠡᠶᠢᠲᠡᠯᠡᠭᠰᠡᠨ ᠴᠠᠭ᠄
2025/2/13
    ᠤᠰᠤᠨ ᠤ ᠡᠬᠢ ᠪᠠᠶᠠᠯᠢᠭ ᠪᠣᠯ ᠣᠢ ᠰᠢᠭᠤᠢ ᠶᠢᠨ ᠬᠥᠭᠵᠢᠯᠲᠡ ᠶᠢᠨ ᠶᠠᠪᠤᠴᠠ ᠳᠠᠬᠢ ᠴᠢᠬᠤᠯᠠ ᠰᠠᠭᠤᠷᠢ ᠡᠬᠢ ᠪᠠᠶᠠᠯᠢᠭ ᠪᠣᠯᠬᠤ ᠪᠥᠭᠡᠳ ᠭᠠᠩ ᠬᠠᠭᠤᠷᠠᠢ ᠪᠠ ᠬᠠᠭᠠᠰ ᠭᠠᠩ ᠬᠠᠭᠤᠷᠠᠢ ᠭᠠᠵᠠᠷ ᠣᠷᠣᠨ ᠤ ᠣᠢ ᠰᠢᠭᠤᠢ ᠶᠢᠨ ᠪᠦᠲᠦᠭᠡᠨ ᠪᠠᠶᠢᠭᠤᠯᠤᠯᠲᠠ ᠳᠠᠬᠢ ᠤᠰᠤ ᠠᠷᠪᠢᠯᠠᠬᠤ ᠠᠰᠠᠭᠤᠳᠠᠯ ᠪᠣᠯ ᠨᠡᠩ ᠴᠤ ᠴᠢᠬᠤᠯᠠ ᠠᠴᠠ ᠴᠢᠬᠤᠯᠠ ᠵᠦᠢᠯ ᠪᠣᠯᠤᠨ᠎ᠠ᠃ ᠲᠠᠴᠢᠷ ᠭᠠᠵᠠᠷ ᠣᠷᠣᠨ ᠳᠤ ᠤᠰᠤ ᠠᠷᠪᠢᠯᠠᠵᠤ ᠴᠠᠷᠴᠠᠮᠠᠯ ᠪᠣᠷᠳᠣᠭᠤᠷ ᠢ ᠬᠡᠷᠡᠭᠯᠡᠬᠦ ᠳᠤ ᠬᠥᠷᠥᠰᠥ ᠰᠢᠷᠤᠢ ᠶᠢᠨ ᠣᠷᠭᠠᠨᠢᠭ ᠪᠣᠳᠠᠰ ᠤᠨ ᠪᠦᠷᠢᠯᠳᠦᠬᠦᠨ ᠢ ᠨᠡᠮᠡᠭᠳᠡᠭᠦᠯᠵᠦ᠂ ᠣᠢ ᠮᠣᠳᠣᠨ ᠤ ᠭᠠᠩ ᠬᠠᠭᠰᠠᠷᠠᠭᠠᠨ ᠲᠠᠢ ᠲᠡᠮᠡᠴᠡᠬᠦ᠂ ᠬᠦᠢᠲᠡᠨ ᠢ ᠡᠰᠡᠷᠭᠦᠴᠡᠬᠦ ᠪᠠ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠲᠡᠭᠡᠭᠰᠢᠯᠡᠭᠦᠯᠭᠦ ᠪᠠᠷ ᠪᠠᠷᠠᠬᠤ ᠦᠭᠡᠢ ᠪᠠᠰᠠ ᠵᠢᠭᠠᠷᠲᠤ ᠨᠠᠷᠠᠰᠤᠨ ᠤ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ ᠪᠠ ᠬᠠᠳᠠᠭᠠᠯᠠᠯᠲᠠ ᠶᠢᠨ ᠨᠣᠷᠮ᠎ᠠ ᠶᠢ ᠶᠡᠭᠡ ᠬᠡᠮᠵᠢᠶ᠎ᠡ ᠪᠠᠷ ᠲᠡᠭᠡᠭᠰᠢᠯᠡᠭᠦᠯᠬᠦ ᠪᠣᠯᠤᠨ᠎ᠠ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2024 ᠣᠨ ᠤ 4 ᠰᠠᠷ᠎ᠠ ᠶᠢᠨ ᠳᠤᠮᠳᠠᠴᠢ ᠪᠠᠷ᠂ ᠭᠦᠶᠡᠩ ᠰᠢᠶᠠᠨ ᠤ ᠤᠯᠤᠰ ᠤᠨ ᠣᠢ ᠰᠢᠭᠤᠢ ᠶᠢᠨ ᠲᠠᠯᠠᠪᠠᠢ ᠥᠪᠥᠷ ᠮᠣᠩᠭᠤᠯ ᠤᠨ ᠶᠦᠨ ᠲᠠᠢ ᠵᠦᠡᠭ ᠶᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ᠂ ᠭᠦᠶᠡᠩ ᠰᠢᠶᠠᠨ ᠤ ᠵᠢᠨᠱᠠᠨ ᠪᠠᠯᠭᠠᠰᠤᠨ ᠤ ᠴᠢ ᠹᠧᠨ ᠽᠢ ᠲᠣᠰᠬᠤᠨ ᠪᠣᠯᠤᠨ ᠣᠢ ᠰᠢᠭᠤᠢ ᠶᠢᠨ ᠲᠠᠯᠠᠪᠠᠢ ᠶᠢᠨ 3 ᠣᠢ ᠰᠢᠭᠤᠢ ᠶᠢᠨ ᠭᠠᠵᠠᠷ ᠲᠤ ᠤᠰᠤ ᠠᠷᠪᠢᠯᠠᠬᠤ ᠴᠠᠷᠴᠠᠮᠠᠯ ᠪᠣᠷᠳᠣᠭᠤᠷ ᠤᠨ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠬᠠᠶᠢᠯᠠᠷ ᠨᠠᠷᠠᠰᠤᠨ ᠣᠢ ᠶᠢᠨ ᠮᠣᠳᠣᠨ ᠤ ᠦᠨᠳᠦᠰᠦᠨ ᠳᠤ 2 ᠲᠦᠮᠡᠨ ᠤᠰᠤ ᠠᠷᠪᠢᠯᠠᠬᠤ ᠴᠠᠷᠴᠠᠮᠠᠯ ᠪᠤᠷᠳᠤᠭᠤᠷ ᠲᠠᠯᠪᠢᠵᠠᠢ᠃ 2024 ᠣᠨ ᠤ 1 ᠰᠠᠷ᠎ᠠ ᠶᠢᠨ 8 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠣᠢ ᠰᠢᠭᠤᠢ ᠶᠢᠨ ᠳᠡᠭᠡᠳᠦ ᠰᠤᠷᠭᠠᠭᠤᠯᠢ ᠶᠢᠨ ᠪᠦᠯᠬᠦᠮ ᠨᠡᠶᠢᠲᠡ ᠶᠢᠨ ᠲᠤᠬᠠᠢ ᠶᠢᠨ ᠭᠠᠵᠠᠷ ᠲᠤ ᠥᠯᠢᠭᠡᠷ ᠡᠳ᠋ ᠠᠪᠤᠭᠰᠠᠨ ᠤ ᠳᠠᠷᠠᠭ᠎ᠠ ᠬᠠᠮᠢᠶ᠎ᠠ ᠪᠦᠬᠦᠢ ᠹᠢᠽᠢᠺ ᠬᠢᠮᠢ ᠶᠢᠨ ᠰᠢᠨᠵᠢ ᠴᠢᠨᠠᠷ᠂ ᠢᠰᠬᠡᠭᠦᠷ ᠤᠨ ᠢᠳᠡᠪᠬᠢᠵᠢᠯᠲᠦ ᠴᠢᠨᠠᠷ ᠢ ᠬᠡᠮᠵᠢᠨ ᠵᠠᠳᠠᠯᠤᠭᠰᠠᠨ ᠢᠶᠠᠷ᠂ 2025 ᠣᠨ ᠤ 1 ᠳ᠋ᠦ᠋ᠭᠡᠷ ᠰᠠᠷ᠎ᠠ ᠶᠢᠨ 8 ᠤ ᠡᠳᠦᠷ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠄ ᠪᠣᠷᠳᠣᠭᠤᠷ ᠣᠷᠣᠭᠤᠯᠤᠭᠰᠠᠨ ᠦᠯᠢᠭᠡᠷ ᠬᠡᠪ ᠨᠢ ᠪᠣᠷᠳᠣᠭᠤᠷ ᠣᠷᠣᠭᠤᠯᠤᠭᠰᠠᠨ ᠦᠭᠡᠢ ᠤᠷᠭᠤᠮᠠᠯ ᠤᠨ ᠠᠭᠤᠯᠤᠭᠳᠠᠴᠠ ᠴᠥᠮ ᠢᠯᠡᠭᠦᠦ 5% ᠪᠠᠢᠯ᠎ᠠ᠃ ᠨᠠᠪᠴᠢᠨ ᠤ ᠨᠣᠭᠤᠭᠠᠨ ᠡᠳ᠋ ᠤᠨ ᠠᠭᠤᠯᠤᠭᠳᠠᠴᠠ 0.4-0.5mg/g ᠪᠠᠶᠢᠵᠤ᠂ ᠵᠠᠳᠠᠯᠤᠯᠲᠠ ᠶᠢᠨ ᠦᠷ᠎ᠡ ᠳ᠋ᠦᠩ ᠳᠤ ᠤᠰᠤ ᠠᠷᠪᠢᠯᠠᠬᠤ ᠴᠠᠷᠴᠠᠮᠠᠯ ᠪᠤᠷᠳᠤᠭᠤᠷ ᠤᠷᠭᠤᠮᠠᠯ ᠤᠨ ᠤᠰᠤ ᠰᠢᠩᠭᠡᠭᠡᠬᠦ ᠪᠠ ᠭᠡᠷᠡᠯ ᠤᠨ ᠨᠡᠶᠢᠯᠡᠯᠲᠡ ᠶᠢᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠣᠢ ᠮᠣᠳᠣᠨ ᠤ ᠭᠠᠩ ᠬᠠᠭᠤᠷᠠᠢ ᠭᠠᠵᠠᠷ ᠣᠷᠣᠨ ᠳᠠᠬᠢ ᠰᠥᠷᠬᠦ ᠴᠢᠨᠠᠷ ᠢ ᠴᠢᠩᠭᠠᠷᠠᠭᠤᠯᠵᠤ᠂ ᠤᠰᠤ ᠠᠷᠪᠢᠯᠠᠬᠤ ᠴᠠᠷᠴᠠᠮᠠᠯ ᠪᠣᠷᠳᠣᠭᠤᠷ ᠤᠨ ᠲᠤᠷᠰᠢᠯᠲᠠ ᠶᠢᠨ ᠲᠥᠷᠥᠯ ᠵᠦᠢᠯ ᠭᠦᠶᠡᠩ ᠰᠢᠶᠠᠨ ᠳᠤ ᠨᠢᠭᠡᠨᠲᠡ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠤᠭᠰᠠᠨ ᠪᠠᠶᠢᠨ᠎ᠠ᠃    ︽ᠳᠠᠷᠠᠭᠠᠴᠢ ᠶᠢᠨ ᠠᠯᠬᠤᠮ ᠳᠤ᠂ ᠭᠦᠶᠡᠩ ᠰᠢᠶᠠᠨ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠤᠰᠤ ᠠᠷᠪᠢᠯᠠᠬᠤ ᠴᠠᠷᠴᠠᠮᠠᠯ ᠪᠣᠷᠳᠣᠭᠤᠷ ᠢ ᠳᠡᠯᠭᠡᠷᠡᠭᠦᠯᠬᠦ ᠲᠤᠷᠰᠢᠯᠲᠠ ᠶᠢᠨ ᠲᠤᠬᠠᠢ ᠲᠤᠰᠬᠠᠢ ᠮᠡᠷᠭᠡᠵᠢᠯ ᠤᠨ ᠮᠠᠭᠠᠳᠯᠠᠨ ᠲᠣᠭᠲᠠᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠢ ᠮᠣᠳᠣᠨ ᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠠᠷᠠᠴᠢᠯᠠᠯᠲᠠ ᠶᠢᠨ ᠳᠠᠷᠤᠯᠲᠠ ᠶᠢ ᠬᠥᠩᠭᠡᠷᠡᠭᠦᠯᠵᠦ᠂ ᠣᠶᠢᠲᠤ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ᠂ ︿ᠣᠢ ᠰᠢᠭᠤᠢ ᠶᠢᠨ ᠠᠮᠤ ᠪᠤᠳᠠᠭᠠᠨ ᠤ ᠬᠥᠮᠥᠷᠭᠡ᠂ ᠵᠣᠭᠤᠰ ᠤᠨ ᠬᠥᠮᠥᠷᠭᠡ﹀ ᠶᠢ ᠲᠠᠰᠤᠷᠠᠯᠲᠠ ᠥᠬᠡᠶ ᠠᠭᠤᠳᠠᠯᠤᠨ ᠪᠤᠶᠢᠵᠢᠭᠤᠯᠵᠤ᠂ ᠪᠣᠬᠢᠷᠲᠤᠯ ᠦᠭᠡᠢ ᠭᠦᠶᠡᠩ ᠢ ᠪᠣᠢ ᠪᠣᠯᠭᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠣᠢ ᠰᠢᠭᠤᠢ ᠡᠪᠡᠰᠦ ᠪᠡᠯᠴᠢᠭᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠭᠦᠶᠡᠩ ᠰᠢᠶᠠᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ ᠴᠢᠨ ᠯᠢᠩ ᠢᠯᠡᠷᠬᠡᠶᠢᠯᠡᠵᠡᠢ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号