︽ᠰᠢᠶᠠ ᠱᠢ ᠬᠤᠤ ᠶᠢᠨ︾ ᠦᠵᠡᠮᠵᠢ ᠪᠠᠷ ᠠᠶᠠᠯᠠᠯ ᠢᠶᠠᠨ ᠡᠬᠢᠯᠡᠭᠦᠯᠪᠡ 2025 ᠣᠨ ᠤ ᠰᠢᠶᠠ ᠱᠢ ᠬᠤᠤ ᠪᠠᠯᠭᠠᠰᠤᠨ ᠤ ︽ᠴᠠᠭᠠᠨ ᠰᠠᠷ᠎ᠠ ᠶᠢᠨ ᠰᠡᠳᠬᠢᠯ ᠰᠠᠨᠠᠭ᠎ᠠ ᠪᠠᠨ ᠬᠤᠷᠢᠶᠠᠬᠤ ᠬᠤᠷᠠᠯ︾ - ᠲᠠᠢᠯᠤᠮᠵᠢ ᠪᠠᠷ ᠰᠡᠳᠬᠢᠬᠦ · ᠨᠠᠶᠢᠳᠠᠪᠤᠷᠢᠵᠢᠭᠤᠯᠤᠯᠲᠠ ᠶᠢ ᠠᠳᠬᠤᠬᠤ · ᠬᠡᠷᠡᠭᠵᠢᠭᠦᠯᠦᠯᠲᠡ ᠶᠢ ᠴᠢᠩᠭᠠᠳᠬᠠᠬᠤ ᠳᠠᠶᠢᠴᠢᠯᠠᠯᠲᠠ ᠶᠢᠨ ᠬᠤᠷᠠᠯ
ᠨᠡᠶᠢᠲᠡᠯᠡᠭᠰᠡᠨ ᠴᠠᠭ᠄
2025/2/13
    2 ᠰᠠᠷ᠎ᠠ ᠶᠢᠨ 8 ᠤ ᠡᠳᠦᠷ᠂ ᠰᠢᠶᠠ ᠱᠢ ᠬᠤᠤ ᠪᠠᠯᠭᠠᠰᠤ ᠪᠦᠬᠦ ᠬᠤᠲᠠ ᠶᠢᠨ ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠶᠡᠭᠡ ᠬᠤᠷᠠᠯ ᠵᠢᠴᠢ ᠭᠦᠶᠡᠩ ᠰᠢᠶᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠢ ᠲᠤᠭᠤᠰᠢᠯᠠᠭᠤᠯᠵᠤ᠂ ᠰᠢᠶᠠ ᠱᠢ ᠬᠤᠤ ᠪᠠᠯᠭᠠᠰᠤᠨ ᠤ ᠰᠡᠳᠬᠢᠮᠵᠢ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠡᠷᠡᠭᠵᠢᠭᠦᠯᠦᠯᠲᠡ ᠶᠢ ᠴᠢᠩᠭᠠᠳᠬᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠲᠤᠰ ᠤᠳᠠᠭᠠᠨ ᠤ ᠬᠤᠷᠠᠯ ᠨᠢ 2024 ᠣᠨ ᠤ ᠠᠵᠢᠯ ᠤᠨ ᠦᠷ᠎ᠡ ᠪᠦᠲᠦᠭᠡᠯ ᠢ ᠪᠦᠬᠦ ᠲᠠᠯ᠎ᠠ ᠪᠠᠷ ᠳ᠋ᠦᠩᠨᠡᠵᠦ᠂ 2025 ᠣᠨ ᠤ ᠠᠵᠢᠯ ᠤᠨ ᠬᠠᠷᠠᠯᠲᠠ ᠪᠠᠨ ᠲᠣᠳᠣᠷᠬᠠᠶᠢᠯᠠᠨ᠂ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤ ᠶᠢ ᠳᠠᠶᠢᠴᠢᠯᠠᠨ ᠦᠵᠡᠯ ᠰᠠᠨᠠᠭ᠎ᠠ ᠪᠠᠨ ᠨᠢᠭᠡᠳᠬᠡᠵᠦ᠂ ᠬᠦᠴᠦᠨ ᠴᠢᠳᠠᠯ ᠢᠶᠠᠨ ᠨᠢᠭᠲᠠᠷᠠᠭᠤᠯᠤᠨ᠂ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠬᠤ ᠶᠢᠨ ᠲᠥᠯᠥᠭᠡ ᠶᠤᠮ᠃    ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠢᠶᠣᠣ ᠬᠤᠢ ᠼᠦᠩ ᠡᠷᠭᠢᠯᠡᠵᠦ᠂ ᠪᠠᠯᠭᠠᠰᠤᠨ ᠤ ᠪᠦᠬᠦ ᠺᠠᠳ᠋ᠷ᠂ ᠪᠠᠭ ᠤᠨ ᠪᠦᠷᠢᠯᠳᠦᠬᠦᠨ ᠵᠢᠴᠢ ᠲᠣᠰᠬᠤᠨ ᠤ ᠬᠤᠶᠠᠷ ᠵᠥᠪᠯᠡᠯ ᠤᠨ ᠪᠠᠭ ᠤᠨ ᠪᠦᠷᠢᠯᠳᠦᠬᠦᠨ ᠲᠤᠰ ᠤᠳᠠᠭᠠᠨ ᠤ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠰᠠᠨ ᠴᠧᠩ ᠷᠧᠨ ᠬᠤᠤ᠂ ᠰᠢᠦᠸᠡᠢ ᠲᠢᠶᠠᠨ ᠬᠤᠢ ᠲᠣᠰᠬᠤᠨ ᠤ ᠨᠠᠮ ᠤᠨ ᠡᠭᠦᠷ ᠤᠨ ᠱᠦᠵᠢ ᠵᠢᠴᠢ 6 ᠵᠠᠩᠭᠢᠯᠠᠭ᠎ᠠ ᠶᠢᠨ ᠺᠠᠳ᠋ᠷ ᠳᠡᠰ ᠳᠠᠷᠠᠭᠠᠯᠠᠨ ᠣᠪᠣᠷ ᠢᠶᠠᠨ ᠢᠯᠡᠳᠬᠡᠵᠦ᠂ ᠢᠳᠡᠪᠬᠢᠲᠡᠢ ᠠᠵᠢᠯ ᠤᠨ ᠣᠪᠣᠷ ᠪᠣᠯᠤᠨ ᠡᠷᠡᠰ ᠪᠠᠲᠤ ᠵᠣᠷᠢᠭ ᠢᠶᠠᠨ ᠢᠯᠡᠷᠡᠭᠦᠯᠵᠡᠢ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠪᠠᠯᠭᠠᠰᠤᠨ ᠤ ᠳᠠᠷᠤᠭ᠎ᠠ ᠲᠤᠰ ᠲᠤᠰ 2025 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠨᠠᠮ ᠤᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠤᠬᠠᠢ ᠨᠠᠷᠢᠨ ᠪᠠᠶᠢᠷᠢᠯᠠᠭᠤᠯᠤᠯᠲᠠ ᠬᠢᠪᠡ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠶᠠ ᠱᠢ ᠬᠤᠤ ᠪᠠᠯᠭᠠᠰᠤ ᠨᠢ ᠰᠢᠶᠠᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠢᠨ᠎ᠡ ᠨᠢᠭᠡ ᠵᠢᠯ ᠤᠨ ᠠᠵᠢᠯ ᠳᠤ ᠣᠷᠣᠯᠴᠠᠬᠤ ᠬᠡᠷᠡᠭᠲᠡᠢ᠃ ᠪᠦᠬᠦ ᠪᠠᠯᠭᠠᠰᠤ ᠲᠣᠰᠬᠤᠨ ᠤ ᠺᠠᠳ᠋ᠷᠴᠤᠳ ᠪᠠᠶᠢᠳᠠᠯ ᠢᠶᠠᠨ ᠦᠳᠲᠡᠷ ᠲᠦᠷᠭᠡᠨ ᠲᠣᠬᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠪᠠᠷᠢᠮᠵᠢᠶ᠎ᠠ ᠪᠠᠷ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ︽ᠪᠠᠬᠢᠯᠡᠯᠲᠡ︾ ᠪᠣᠯᠬᠤ ᠪᠠᠷ ᠴᠢᠷᠮᠠᠶᠢᠬᠤ ᠬᠡᠷᠡᠭᠲᠡᠢ︔ ᠬᠥᠮᠦᠨ ᠢᠶᠠᠷ ᠦᠨᠳᠦᠰᠦ ᠪᠣᠯᠭᠠᠵᠤ᠂ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠲᠣᠰᠬᠤᠨ ᠤ ᠠᠷᠠᠳ ᠲᠤ ︽ᠵᠣᠯ ᠵᠢᠷᠭᠠᠯᠲᠤ ᠭᠠᠷᠠᠮ︾ ᠢ ᠪᠠᠶᠢᠭᠤᠯᠵᠤ ᠥᠭᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ︽ᠵᠦᠭᠯᠡᠭᠦᠷ︾ ᠢ ᠪᠣᠢ ᠪᠣᠯᠭᠠᠵᠤ᠂ 2025 ᠣᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃    ᠬᠤᠷᠠᠯ ᠠᠴᠠ᠂ ᠬᠡᠷᠡᠭᠵᠢᠭᠦᠯᠬᠦ ᠬᠦᠴᠦᠨ ᠪᠣᠯ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠪᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠦᠴᠦᠨ ᠵᠦᠢᠯ ᠪᠣᠯᠤᠨ᠎ᠠ᠃ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠡᠩ ᠲᠡᠷᠢᠭᠦᠨ ᠳᠤ ᠪᠠᠷᠢᠮᠵᠢᠶ᠎ᠠ ᠴᠢᠭᠯᠡᠯ ᠢᠶᠠᠨ ᠲᠣᠳᠣᠷᠬᠠᠶᠢᠯᠠᠵᠤ᠂ ᠲᠥᠯᠥᠪᠯᠡᠭᠡ ᠪᠠᠨ ᠠᠵᠢᠯᠯᠠᠭ᠎ᠠ ᠳᠤᠮᠳᠠ ᠪᠠᠨ ᠨᠠᠶᠢᠳᠠᠪᠤᠷᠢᠵᠢᠭᠤᠯᠵᠤ᠂ ᠴᠠᠭᠠᠰᠤᠨ ᠳᠡᠭᠡᠷ᠎ᠡ ᠴᠡᠷᠢᠭ ᠶᠠᠷᠢᠯᠴᠠᠬᠤ᠂ ᠠᠰᠢᠭ ᠬᠦᠷᠲᠡᠬᠦ ᠠᠴᠠ ᠵᠠᠶᠢᠯᠠᠰᠬᠢᠬᠦ ᠬᠡᠷᠡᠭᠲᠡᠢ᠃ ᠳᠠᠷᠠᠭᠠᠯᠠᠪᠠᠯ᠂ ᠡᠷᠡᠯᠬᠡᠭᠯᠡᠨ ᠲᠡᠮᠡᠴᠡᠵᠦ᠂ ᠵᠣᠷᠢᠭᠲᠠᠢ ᠪᠠᠷ ︽ᠬᠤᠷᠴᠠ ᠰᠡᠯᠡᠮ᠎ᠡ︾ ᠭᠠᠷᠭᠠᠬᠤ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠢ᠃ ︽ᠬᠠᠳᠬᠤᠮᠠᠯ ᠬᠠᠳᠬᠤᠬᠤ ᠡᠷᠳᠡᠮ︾ ᠭᠠᠷᠭᠠᠵᠤ᠂ ︽ᠲᠡᠭᠦᠯᠳᠡᠷ ᠬᠤᠭᠤᠷ ᠬᠠᠷᠪᠤᠬᠤ︾ ᠳᠤ ᠴᠢᠳᠠᠮᠠᠭᠠᠢ ᠪᠠᠶᠢᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠵᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠪᠡᠶ᠎ᠡ ᠪᠠᠨ ᠪᠠᠷᠢᠵᠤ ᠪᠡᠶ᠎ᠡ ᠪᠠᠨ ᠬᠢᠨᠠᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠵᠠᠩ ᠳᠠᠳᠬᠠᠯ ᠢ ᠬᠥᠮᠦᠵᠢᠭᠦᠯᠵᠦ᠂ ᠬᠤᠶᠢᠷᠭᠤᠰᠢᠬᠤ ᠴᠢᠨᠠᠷ ᠪᠠ ᠤᠳᠠᠭᠠᠰᠢᠷᠠᠭᠤᠯᠬᠤ ᠶᠢ ᠲᠠᠶᠠᠭᠳᠠᠵᠤ᠂ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠠᠵᠢᠯᠯᠠᠬᠤ ᠬᠡᠷᠡᠭᠲᠡᠢ᠃ ᠪᠦᠯᠬᠦᠮ ᠨᠡᠶᠢᠲᠡ ᠶᠢᠨ ᠬᠠᠮᠵᠢᠯᠴᠠᠭ᠎ᠠ ᠳᠤ ᠴᠢᠳᠠᠮᠠᠭᠠᠢ ᠪᠠᠶᠢᠵᠤ᠂ ᠪᠦᠯᠬᠦᠮ ᠨᠡᠶᠢᠲᠡ ᠶᠢᠨ ᠬᠦᠴᠦᠨ ᠢ ᠪᠠᠳᠠᠷᠠᠭᠤᠯᠤᠨ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠬᠠᠮᠲᠤ ᠪᠠᠷ ᠠᠬᠢᠭᠤᠯᠬᠤ ᠬᠡᠷᠡᠭᠲᠡᠢ᠃    ᠰᠢᠶᠠ ᠱᠢ ᠬᠤᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠲᠤᠰ ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠡᠯ᠎ᠡ ᠵᠦᠢᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠤᠭᠤᠲᠤ ᠬᠤᠲᠠ᠂ ᠭᠦᠶᠡᠩ ᠰᠢᠶᠠᠨ ᠤ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ᠃ 
 
ᠢᠷᠡᠯᠲᠡ᠄ ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号