︽ᠭᠦᠶᠡᠩ ᠰᠢᠶᠠᠨ ᠤ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ︵2024 ᠣᠨ ᠤ ᠬᠡᠪᠯᠡᠯ︶︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/2/13
    ︽ᠭᠦᠶᠡᠩ ᠰᠢᠶᠠᠨ ᠤ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ ᠰᠡᠷᠭᠡᠶᠢᠯᠡᠬᠦ       ᠪᠠᠴᠢᠮ ᠪᠠᠶᠢᠳᠠᠯ ᠢ ᠠᠷᠭᠠᠴᠠᠬᠤ ᠲᠥᠰᠦᠯ ︵2024 ᠣᠨ ᠤ ᠬᠡᠪᠯᠡᠯ︶︾ ᠤᠨ         ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ    ᠳᠣᠣᠷ᠎ᠠ ᠳᠤᠯᠠᠭᠠᠨ ᠪᠣᠷᠣᠭᠠᠨ ᠴᠠᠰᠤ ᠮᠦᠰᠦᠳᠦᠯᠭᠡ ᠶᠢᠨ ᠭᠠᠮᠰᠢᠭ ᠢ ᠪᠦᠲᠦᠮᠵᠢᠲᠡᠢ ᠰᠡᠷᠭᠡᠶᠢᠯᠡᠨ ᠠᠷᠭᠠᠴᠠᠵᠤ᠂ ᠡᠭᠦᠰᠦᠮᠡᠯ᠂ ᠤᠯᠠᠷᠢᠨ ᠡᠭᠦᠰᠬᠦ ᠭᠠᠮᠰᠢᠭ ᠡᠭᠦᠰᠬᠦ ᠶᠢ ᠰᠡᠷᠭᠡᠶᠢᠯᠡᠨ ᠬᠤᠷᠢᠭᠯᠠᠵᠤ᠂ ᠭᠠᠮᠰᠢᠭ ᠠᠴᠠ ᠪᠣᠯᠤᠭᠰᠠᠨ ᠬᠥᠮᠦᠰ ᠤᠨ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠬᠦ ᠪᠤᠶᠤ ᠬᠡᠯᠲᠦᠷᠢᠭᠦᠯᠵᠦ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠲᠣᠭᠲᠠᠭᠤᠨ ᠪᠠ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠳᠠ᠃ ᠭᠦᠶᠡᠩ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽ᠭᠦᠶᠡᠩ ᠰᠢᠶᠠᠨ ᠤ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ︵2024 ᠣᠨ ᠤ ᠬᠡᠪᠯᠡᠯ︶︾ ᠢ ᠨᠠᠶᠢᠷᠠᠭᠤᠯᠤᠨ ᠵᠣᠬᠢᠶᠠᠪᠠ᠃    ᠨᠢᠭᠡ᠂ ᠲᠤᠭᠤᠷᠪᠢᠭᠰᠠᠨ ᠠᠬᠤᠢ ᠪᠠᠶᠢᠳᠠᠯ ᠵᠢᠴᠢ ᠵᠣᠷᠢᠯᠭ᠎ᠠ    ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠲᠠᠢ ᠵᠣᠯᠭᠠᠭᠤᠯᠵᠤ᠂ ᠬᠥᠮᠦᠨ ᠢᠶᠠᠷ ᠦᠨᠳᠦᠰᠦ ᠪᠣᠯᠭᠠᠬᠤ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠎ᠠ᠃ ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠣᠷᠣᠨ ᠢᠶᠠᠷ ᠭᠤᠣᠯ ᠪᠣᠯᠭᠠᠬᠤ᠂ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ ᠵᠠᠷᠴᠢᠮ ᠢ ᠵᠢᠷᠤᠮᠯᠠᠨ᠂ ᠬᠦᠢᠲᠡᠨ ᠪᠠ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠠᠷᠭᠠᠴᠠᠵᠤ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃    ᠬᠤᠶᠠᠷ᠂ ᠣᠷᠣᠨ ᠲᠣᠭᠠᠨ ᠤ ᠦᠨᠳᠦᠰᠦᠯᠡᠯ    ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾ ︽ᠪᠤᠭᠤᠲᠤ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾ ︽ᠪᠤᠭᠤᠲᠤ ᠬᠤᠲᠠ ᠶᠢᠨ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠤᠰ ᠪᠡᠯᠡᠳᠬᠡᠯ ᠲᠥᠰᠦᠯ ᠢ ᠲᠣᠭᠲᠠᠭᠠᠪᠠ᠃    ᠭᠤᠷᠪᠠ᠂ ᠭᠤᠣᠯ ᠠᠭᠤᠯᠭ᠎ᠠ    ︽ᠭᠦᠶᠡᠩ ᠰᠢᠶᠠᠨ ᠤ ᠬᠦᠢᠲᠡᠨ ᠠᠭᠤᠷ ᠠᠮᠢᠰᠬᠤᠯ ᠪᠣᠷᠣᠭᠠᠨ ᠴᠠᠰᠤ ᠮᠥᠰᠥᠲᠦᠯᠭᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠶᠡᠷᠦᠩᠬᠡᠢ ᠳᠦᠷᠢᠮ᠂ ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮ᠂ ᠤᠷᠢᠳᠴᠢᠯᠠᠨ ᠰᠡᠷᠭᠡᠶᠢᠯᠡᠵᠦ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠠᠵᠢᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠳᠠᠭᠠᠯᠳᠤᠭᠤᠯᠤᠯ ᠳᠦᠷᠢᠮ ᠨᠢ ᠨᠡᠶᠢᠲᠡ 7 ᠬᠡᠰᠡᠭ ᠬᠤᠪᠢᠶᠠᠪᠠ᠃    ︵ᠨᠢᠭᠡ︶ ᠶᠡᠷᠦᠩᠬᠡᠢ ᠳᠦᠷᠢᠮ᠃ ᠣᠷᠣᠨ ᠲᠤᠭ᠎ᠠ ᠶᠢᠨ ᠵᠣᠷᠢᠯᠭ᠎ᠠ᠂ ᠣᠷᠣᠨ ᠲᠤᠭ᠎ᠠ ᠶᠢᠨ ᠦᠨᠳᠦᠰᠦᠯᠡᠯ᠂ ᠠᠵᠢᠯ ᠤᠨ ᠵᠠᠷᠴᠢᠮ ᠢ ᠲᠣᠳᠣᠷᠬᠠᠶᠢᠯᠠᠵᠤ᠂ ᠮᠠᠨ ᠤ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠦᠢᠲᠡᠨ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ ᠰᠡᠷᠭᠡᠶᠢᠯᠡᠬᠦ ᠪᠠ ᠠᠷᠭᠠᠴᠠᠭᠠᠨ ᠰᠢᠢᠳᠪᠦᠷᠢᠯᠡᠪᠡ᠃    ︵ᠬᠤᠶᠠᠷ︶ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ᠃ ᠭᠦᠶᠡᠩ ᠰᠢᠶᠠᠨ ᠤ ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ ᠮᠦᠰᠦᠳᠦᠯᠭᠡ ᠶᠢᠨ ᠭᠠᠮᠰᠢᠭ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠣᠯ ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ ᠮᠦᠰᠦᠳᠦᠯᠭᠡ ᠶᠢᠨ ᠭᠠᠮᠰᠢᠭ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠮᠥᠨ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ ᠭᠡᠵᠦ ᠲᠣᠳᠣᠷᠬᠠᠢ ᠲᠣᠭᠲᠠᠭᠠᠵᠠᠢ᠃    ︵ᠭᠤᠷᠪᠠ︶ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠃ 4 ᠳᠡᠰ ᠬᠤᠪᠢᠶᠠᠬᠤ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ᠂ ᠰᠡᠷᠡᠮᠵᠢᠯᠡᠭᠦᠯᠬᠦ ᠶᠢ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃    ︵ᠳᠥᠷᠪᠡ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠃ 4 ᠳᠡᠰ ᠤᠨ ᠪᠠᠴᠢᠮ ᠪᠠᠶᠢᠳᠠᠯ ᠢ ᠠᠷᠭᠠᠴᠠᠬᠤ ᠳᠤ ᠠᠳᠠᠯᠢ ᠪᠤᠰᠤ ᠡᠬᠢᠯᠡᠭᠦᠯᠬᠦ ᠨᠥᠬᠦᠴᠡᠯ᠂ ᠡᠬᠢᠯᠡᠭᠦᠯᠬᠦ ᠳᠡᠰ ᠳᠠᠷᠠᠭᠠᠯᠠᠯ᠂ ᠠᠵᠢᠯᠯᠠᠭ᠎ᠠ ᠶᠢᠨ ᠲᠣᠬᠢᠷᠠᠭᠤᠯᠤᠯᠲᠠ᠂ ᠴᠤᠤᠷᠢᠶᠠᠲᠤᠨ ᠳᠠᠭᠠᠬᠤ ᠱᠠᠭᠠᠷᠳᠠᠯᠭ᠎ᠠ ᠶᠢ ᠲᠣᠳᠣᠷᠬᠠᠶᠢᠯᠠᠪᠠ᠃    ︵ᠲᠠᠪᠤ︶ ᠬᠤᠢᠨᠠᠬᠢ ᠶᠠᠪᠤᠳᠠᠯ ᠢ ᠰᠢᠢᠳᠪᠦᠷᠢᠯᠡᠬᠦ ᠪᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ᠃ ᠬᠤᠶᠢᠲᠤᠬᠢ ᠶᠠᠪᠤᠳᠠᠯ ᠢ ᠰᠢᠢᠳᠪᠦᠷᠢᠯᠡᠬᠦ᠂ ᠨᠡᠶᠢᠭᠡᠮ ᠤᠨ ᠲᠤᠰᠠᠯᠠᠮᠵᠢ ᠦᠵᠡᠭᠦᠯᠬᠦ᠂ ᠪᠠᠶᠢᠴᠠᠭᠠᠬᠤ ᠪᠠ ᠦᠨᠡᠯᠡᠨ ᠵᠢᠱᠢᠬᠦ᠂ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠨ᠎ᠠ᠃    ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭᠠᠨ ᠤ ᠠᠷᠭ᠎ᠠ ᠬᠡᠮᠵᠢᠶ᠎ᠡ᠃ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠩᠨᠡᠭᠡ᠂ ᠪᠡᠯᠡ ᠮᠥᠩᠭᠦ᠂ ᠡᠳ᠋ ᠪᠣᠳᠠᠰ᠂ ᠵᠠᠮ ᠲᠡᠭᠡᠭᠡᠪᠦᠷᠢ᠂ ᠴᠢᠮᠡᠭᠡ ᠬᠤᠯᠪᠣᠭ᠎ᠠ ᠵᠡᠷᠭᠡ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠠᠵᠢᠯ ᠤᠨ ᠬᠤᠪᠢᠶᠠᠷᠢᠯᠠᠯ ᠪᠠ ᠱᠠᠭᠠᠷᠳᠠᠯᠭ᠎ᠠ ᠶᠢ ᠲᠣᠳᠣᠷᠬᠠᠶᠢᠯᠠᠪᠠ᠃    ︵ᠳᠤᠯᠤᠭ᠎ᠠ︶ ᠳᠠᠭᠠᠯᠳᠤᠭᠤᠯᠤᠭᠰᠠᠨ ᠳᠦᠷᠢᠮ᠃ ᠪᠡᠯᠡᠳᠬᠡᠯ ᠲᠥᠰᠦᠯ ᠤᠨ ᠬᠠᠮᠢᠶᠠᠷᠤᠯᠲᠠ᠂ ᠪᠡᠯᠡᠳᠬᠡᠯ ᠲᠥᠰᠦᠯ ᠤᠨ ᠲᠠᠶᠢᠯᠪᠤᠷᠢᠯᠠᠯᠲᠠ᠂ ᠬᠠᠷᠢᠭᠤᠴᠠᠯᠭ᠎ᠠ ᠬᠢᠭᠡᠳ ᠱᠠᠩᠨᠠᠵᠤ ᠲᠣᠷᠭᠠᠬᠤ᠂ ᠪᠡᠯᠡᠳᠬᠡᠯ ᠲᠥᠰᠦᠯ ᠢ ᠬᠡᠷᠡᠭᠵᠢᠭᠦᠯᠬᠦ ᠴᠠᠭ ᠵᠡᠷᠭᠡ ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠃    ᠳᠠᠭᠠᠯᠳᠤᠭᠤᠯᠤᠯ᠄ ᠭᠦᠶᠡᠩ ᠰᠢᠶᠠᠨ ᠤ ᠬᠦᠢᠲᠡᠨ ᠠᠭᠤᠷ ᠠᠮᠢᠰᠬᠤᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠵᠢᠴᠢ ᠪᠦᠷᠢᠯᠳᠦᠬᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ︔ ᠭᠦᠶᠡᠩ ᠰᠢᠶᠠᠨ ᠤ ᠬᠦᠢᠲᠡᠨ ᠠᠭᠤᠷ ᠠᠮᠢᠰᠬᠤᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠳᠤᠭᠤᠶᠢᠯᠠᠩ ᠤᠨ ᠪᠦᠷᠢᠯᠳᠦᠬᠦᠨ ᠵᠢᠴᠢ ᠡᠭᠦᠷᠭᠡ ᠬᠠᠷᠢᠭᠤᠴᠠᠯᠭ᠎ᠠ︔ ᠭᠦᠶᠡᠩ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠬᠠᠮᠢᠶ᠎ᠠ ᠪᠦᠬᠦᠢ ᠨᠢᠭᠡᠴᠡ ᠶᠢᠨ ᠠᠵᠢᠯᠲᠠᠨ ᠤ ᠬᠠᠷᠢᠯᠴᠠᠬᠤ ᠤᠲᠠᠰᠤᠨ ᠤ ᠬᠦᠰᠦᠨᠦᠭᠲᠦ︔ ᠭᠦᠶᠡᠩ ᠰᠢᠶᠠᠨ ᠤ ᠬᠢᠷᠠᠭᠤ ᠤᠨᠠᠬᠤ᠂ ᠴᠠᠰᠤ ᠰᠢᠭᠤᠷᠭ᠎ᠠ᠂ ᠬᠦᠢᠲᠡᠨ ᠤᠷᠤᠰᠬᠠᠯ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠪᠠᠷᠢᠮᠵᠢᠶ᠎ᠠ᠃    ᠳᠥᠷᠪᠡ᠂ ᠭᠦᠢᠴᠡᠳᠬᠡᠬᠦ ᠬᠡᠪᠴᠢᠶ᠎ᠡ ᠪᠠ ᠴᠠᠭ ᠬᠤᠭᠤᠴᠠᠭ᠎ᠠ    ︽ᠭᠦᠶᠡᠩ ᠰᠢᠶᠠᠨ ᠤ ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ ᠮᠥᠰᠥᠲᠦᠯᠭᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠨᠢ ᠮᠠᠨ ᠤ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠡᠭᠦᠰᠦᠭᠰᠡᠨ ᠬᠤᠯᠪᠣᠭᠳᠠᠯ ᠪᠦᠬᠦᠢ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠲᠣᠬᠢᠷᠠᠨ᠎ᠠ᠃ ᠪᠤᠰᠤᠳ ᠲᠥᠷᠥᠯ ᠬᠡᠯᠪᠡᠷᠢ ᠶᠢᠨ ᠭᠡᠨᠡᠳᠲᠡ ᠶᠢᠨ ᠬᠡᠷᠡᠭ ᠭᠠᠷᠪᠠᠯ᠂ ᠬᠡᠷᠡᠭᠴᠡᠭᠡ ᠪᠠᠨ ᠦᠨᠳᠦᠰᠦᠯᠡᠨ ᠲᠤᠰ ᠪᠡᠯᠡᠳᠬᠡᠯ ᠲᠥᠰᠦᠯ ᠢᠶᠠᠷ ᠯᠠᠪᠯᠠᠯᠲᠠ ᠪᠣᠯᠭᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠵᠦ ᠪᠣᠯᠤᠨ᠎ᠠ᠃ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ︽ᠭᠦᠶᠡᠩ ᠰᠢᠶᠠᠨ ᠤ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号