ᠭᠦᠶᠡᠩ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ 2025 ᠣᠨ ᠤ 2 ᠳ᠋ᠤᠭᠠᠷ ᠰᠠᠷ᠎ᠠ ᠶᠢᠨ ᠡᠭᠦᠷᠭᠡ ᠶᠢᠨ ᠨᠠᠷᠢᠨ ᠳᠠᠩᠰᠠ
ᠨᠡᠶᠢᠲᠡᠯᠡᠭᠰᠡᠨ ᠴᠠᠭ᠄
2025/2/13
    1.ᠭᠦᠶᠡᠩ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠡᠯ᠎ᠡ ᠪᠣᠯᠪᠠᠰᠤᠨ ᠤ ᠦᠢᠯᠡᠳᠦᠯᠭᠡ ᠶᠢᠨ ᠦᠷᠳᠡᠭᠡ ᠵᠢᠴᠢ ᠪᠣᠯᠪᠠᠰᠤᠨ ᠤ ᠦᠢᠯᠡᠳᠦᠯᠭᠡ ᠶᠢᠨ ᠡᠩᠨᠡᠭᠡ ᠶᠢ ᠵᠣᠬᠢᠶᠠᠨ ᠪᠠᠶᠢᠭᠤᠯᠵᠤ ᠶᠠᠷᠢᠶ᠎ᠠ ᠲᠠᠯᠪᠢᠨ ︽ᠪᠢ ᠪᠣᠯᠪᠠᠰᠤᠨ ᠤ ᠦᠢᠯᠡᠳᠦᠯᠭᠡ ᠶᠢᠨ ᠲᠥᠪ ᠲᠤ ᠥᠯᠵᠡᠶᠢᠲᠦ ᠡᠳᠦᠷ ᠤᠨ ᠪᠠᠶᠠᠷ ᠢ ᠥᠩᠭᠡᠷᠡᠭᠦᠯᠬᠦ︾ ᠰᠢᠷᠢᠰ ᠠᠵᠢᠯᠯᠠᠭ᠎ᠠ ᠶᠢ ᠥᠷᠨᠢᠭᠦᠯᠵᠦ᠂ ᠦᠳᠡᠰᠢᠯᠡᠭᠡ ᠬᠢᠬᠦ᠂ ᠳ᠋ᠧᠩ ᠤᠨ ᠣᠨᠢᠰᠤᠭ᠎ᠠ ᠲᠠᠭᠠᠬᠤ᠂ ᠴᠡᠴᠡᠭᠲᠦ ᠳ᠋ᠧᠩ ᠬᠢᠬᠦ ᠵᠡᠷᠭᠡ ᠬᠡᠯᠪᠡᠷᠢ ᠪᠠᠷ ᠥᠷᠨᠢᠭᠦᠯᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠭᠦᠨ ᠵᠤᠵᠠᠭᠠᠨ ᠪᠣᠢ ᠪᠣᠯᠭᠠᠪᠠ᠃    2.ᠭᠦᠶᠡᠩ ᠰᠢᠶᠠᠨ ᠤ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠡᠯ᠎ᠡ ᠲᠥᠷᠥᠯ ᠤᠨ ᠵᠠᠭᠠᠯᠳᠤᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠵᠦ᠂ ᠪᠦᠯᠦᠭᠯᠡᠯ ᠤᠨ ᠴᠢᠨᠠᠷᠲᠠᠢ᠂ ᠬᠡᠲᠦᠷᠡᠮᠡᠬᠡᠢ ᠬᠡᠷᠡᠭ ᠵᠢᠴᠢ ᠬᠦᠨᠳᠦ ᠶᠡᠭᠡ ᠨᠠᠵᠠᠭᠠᠢ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠨ᠎ᠠ᠃    3. ︽ᠰᠠᠨᠠᠭᠠᠴᠢᠯᠠᠭ᠎ᠠ ᠠᠴᠠ ᠪᠠᠨ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠢᠢᠳᠪᠦᠷᠢᠯᠡᠬᠦ ᠠᠵᠢᠯᠯᠠᠭ᠎ᠠ︾ ᠶᠢ ᠣᠷᠣᠯᠠᠨ ᠭᠦᠢᠴᠡᠳᠬᠡᠪᠡ᠃ ᠭᠦᠶᠡᠩ ᠰᠢᠶᠠᠨ  ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠶᠢᠨ ᠬᠢᠨ ᠨᠡᠶᠢᠭᠡᠮ ᠲᠣᠭᠤᠷᠢᠭ ᠤᠨ ᠦᠢᠯᠡᠴᠢᠯᠡᠭᠡ ᠪᠠᠷ ᠨᠠᠰᠤᠲᠠᠨ᠂ ᠵᠡᠮᠳᠡᠭᠴᠦᠳ᠂ ᠬᠦᠴᠢᠷᠳᠡᠯᠲᠡᠢ ᠬᠥᠮᠦᠰ ᠲᠤ ᠭᠦᠨᠵᠡᠭᠡᠶᠢᠷᠡᠵᠦ᠂ ᠭᠡᠷ ᠲᠤᠨᠢ ᠬᠦᠷᠴᠦ ᠨᠠᠰᠤᠵᠢᠯ ᠤᠨ ᠠᠰᠠᠷᠠᠮᠵᠢ ᠶᠢᠨ ᠭᠡᠷᠡᠴᠢᠯᠡᠯ ᠬᠢᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ︽ᠬᠠᠪᠰᠤᠷᠤᠨ ᠭᠦᠢᠴᠡᠳᠬᠡᠬᠦ︾᠂ ︽ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠬᠡᠷᠡᠭᠵᠢᠭᠦᠯᠵᠦ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ︽ᠵᠠᠢ ᠵᠠᠪᠰᠠᠷ ᠦᠭᠡᠢ︾ ᠪᠣᠯᠭᠠᠬᠤ ᠶᠢ ᠦᠨᠡᠨ ᠬᠦ ᠪᠡᠶᠡᠯᠡᠭᠦᠯᠪᠡ᠃    4. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾ ᠶᠢᠨ ᠬᠠᠤᠯᠢ ᠲᠦᠭᠡᠮᠡᠯᠵᠢᠭᠦᠯᠬᠦ ᠦᠨᠳᠦᠰᠦᠨ ᠱᠠᠲᠤᠨ ᠤ ᠠᠵᠢᠯᠯᠠᠭ᠎ᠠ᠃ ᠭᠦᠶᠡᠩ ᠰᠢᠶᠠᠨ ᠤ ᠠᠮᠤᠷ ᠲᠦᠪᠰᠢᠨ ᠤ ᠬᠠᠤᠯᠢ ᠳᠦᠷᠢᠮ ᠤᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ᠂ ᠠᠭᠤᠳᠠᠮ ᠲᠠᠯᠠᠪᠠᠢ ᠳᠤ ᠣᠴᠢᠭᠤᠯᠵᠤ᠂ ᠬᠠᠤᠯᠢ ᠲᠦᠭᠡᠮᠡᠯᠵᠢᠭᠦᠯᠬᠦ ᠦᠵᠡᠭᠦᠯᠦᠯᠭᠡ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠠᠰᠠᠭᠤᠨ ᠯᠠᠪᠯᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ ᠣᠯᠠᠨ ᠲᠦᠮᠡᠨ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾ ᠶᠢ ᠥᠷᠭᠡᠨ ᠢᠶᠠᠷ ᠤᠬᠠᠭᠤᠯᠪᠠ᠃    5. ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠲᠣᠬᠤᠨᠢᠭᠤᠯᠬᠤ ᠠᠵᠢᠯᠯᠠᠭ᠎ᠠ᠃ ᠭᠦᠶᠡᠩ ᠰᠢᠶᠠᠨ ᠤ ᠠᠪᠤᠷᠠᠨ ᠲᠤᠰᠠᠯᠠᠬᠤ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠨᠡᠶᠢᠭᠡᠮ ᠤᠨ ᠬᠦᠴᠦᠨ ᠢ ᠵᠣᠬᠢᠶᠠᠨ ᠪᠠᠶᠢᠭᠤᠯᠵᠤ ᠰᠢᠶᠠᠨ ᠤ ᠬᠡᠪᠴᠢᠶᠡᠨ ᠳᠠᠬᠢ ᠶᠠᠳᠠᠭᠤ ᠬᠦᠴᠢᠷᠳᠡᠯᠲᠡᠢ ᠬᠡᠦᠬᠡᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠡᠨ ᠳᠤ ᠬᠠᠶᠢᠷ᠎ᠠ ᠬᠠᠯᠠᠮᠵᠢ ᠪᠠ ᠵᠣᠯ ᠵᠢᠷᠭᠠᠯ ᠬᠦᠷᠭᠡᠪᠡ᠃    6. ︽ᠨᠠᠰᠤᠲᠠᠨ ᠢᠶᠠᠷ ᠰᠢᠨ᠎ᠡ ᠬᠥᠬᠡ ᠵᠠᠯᠠᠭᠤᠴᠤᠳ ᠢ ᠳᠠᠶᠢᠴᠢᠯᠠᠨ ᠬᠤᠣᠰᠯᠠᠭᠤᠯᠬᠤ︾ ᠠᠵᠢᠯᠯᠠᠭ᠎ᠠ ᠬᠢᠪᠡ᠃ ᠭᠦᠶᠡᠩ ᠰᠢᠶᠠᠨ ᠤ ᠰᠤᠷᠭᠠᠨ ᠬᠥᠮᠦᠵᠢᠯ ᠤᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ ᠣᠴᠢᠭᠤᠯᠤᠨ ᠲᠥᠷᠥ ᠶᠢᠨ ᠪᠣᠳᠣᠯᠭ᠎ᠠ ᠶᠢ ᠡᠷᠬᠢᠮᠯᠡᠬᠦ᠂ ᠬᠠᠶᠢᠷ᠎ᠠ ᠬᠠᠯᠠᠮᠵᠢ ᠬᠦᠷᠭᠡᠬᠦ᠂ ᠦᠭᠡ ᠬᠡᠯᠡᠬᠦ᠂ ᠡᠷᠳᠡᠮ ᠴᠢᠳᠠᠪᠤᠷᠢ ᠪᠠᠨ ᠳᠡᠯᠭᠡᠨ ᠦᠵᠡᠭᠦᠯᠬᠦ᠂ ᠮᠡᠳᠡᠯᠭᠡ ᠵᠢᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠶᠠᠳᠠᠭᠤ ᠬᠦᠴᠢᠷᠳᠡᠯᠲᠡᠢ ᠡᠷᠦᠬᠡ ᠶᠢᠨ ᠪᠣᠳᠠᠲᠠᠢ ᠬᠦᠴᠢᠷᠳᠡᠯ ᠢ ᠰᠢᠢᠳᠪᠦᠷᠢᠯᠡᠨ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠳᠤ ᠦᠢᠯᠡᠴᠢᠯᠡᠵᠦ᠂ ᠨᠡᠶᠢᠭᠡᠮ ᠳᠤ ᠦᠢᠯᠡᠴᠢᠯᠡᠪᠡ᠃    7.︽ᠦᠨᠡᠨᠴᠢ ᠢᠲᠡᠭᠡᠮᠵᠢ ᠨᠢ ᠰᠡᠳᠬᠢᠯ ᠤᠨ ᠪᠣᠯᠪᠠᠰᠤᠨ ᠤ ᠠᠵᠢᠯᠯᠠᠭ᠎ᠠ ᠠᠴᠠ ᠡᠬᠢᠯᠡᠨ᠎ᠡ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠠᠴᠠ ᠡᠬᠢᠯᠡᠨ᠎ᠡ᠃ ᠭᠦᠶᠡᠩ ᠰᠢᠶᠠᠨ ᠤ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠤᠨ ᠠᠵᠤ ᠠᠬᠤᠶᠢᠯᠠᠯ ᠳᠤ ᠣᠴᠢᠭᠤᠯᠵᠤ ︽ᠦᠨᠡᠨᠴᠢ ᠢᠲᠡᠭᠡᠮᠵᠢ ᠨᠢ ᠰᠡᠳᠬᠢᠯ ᠤᠨ ᠪᠣᠯᠪᠠᠰᠤᠨ ᠢ ᠦᠢᠯᠡᠳᠦᠯᠭᠡᠵᠢᠭᠦᠯᠬᠦ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ᠴᠠᠭᠠᠨ ᠰᠠᠷ᠎ᠠ ᠶᠢᠨ ᠳᠠᠷᠠᠭᠠᠬᠢ ᠠᠯᠠᠵᠤ ᠨᠢᠲᠤᠯᠬᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠪᠠᠶᠢᠴᠠᠭᠠᠯᠲᠠ ᠶᠢ ᠤᠬᠠᠭᠤᠯᠪᠠ᠃    8. ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠵᠢᠷᠤᠮ ᠤᠨ ᠡᠮᠴᠢᠯᠡᠭᠡ ᠶᠢᠨ ᠠᠵᠢᠯᠯᠠᠭ᠎ᠠ᠃ ᠭᠦᠶᠡᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠣᠯᠠᠨ ᠲᠦᠮᠡᠨ ᠳᠤ ᠡᠷᠡᠭᠦᠯ ᠮᠡᠨᠳᠦ ᠶᠢᠨ ᠤᠬᠠᠭᠤᠯᠭ᠎ᠠ ᠶᠢᠨ ᠭᠠᠷ ᠳᠡᠪᠲᠡᠷ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ ᠠᠯᠪᠠᠨ ᠵᠢᠷᠤᠮ ᠤᠨ ᠡᠮᠴᠢᠯᠡᠭᠡ ᠬᠢᠵᠦ᠂ ᠣᠯᠠᠨ ᠲᠦᠮᠡᠨ ᠤ ᠡᠷᠡᠭᠦᠯ ᠴᠢᠭᠢᠷᠠᠭ ᠠᠮᠢᠳᠤᠷᠠᠯ ᠢ ᠬᠥᠲᠥᠯᠦᠨ ᠵᠢᠯᠣᠭᠤᠳᠪᠠ᠃    9. ᠬᠠᠤᠯᠢ ᠴᠠᠭᠠᠵᠠ ᠶᠢᠨ ᠤᠬᠠᠭᠤᠯᠭ᠎ᠠ ᠶᠢ ᠠᠭᠤᠳᠠᠮ ᠲᠠᠯᠠᠪᠠᠢ ᠳᠤ ᠣᠷᠣᠭᠤᠯᠬᠤ ᠠᠵᠢᠯᠯᠠᠭ᠎ᠠ᠃ ᠭᠦᠶᠡᠩ ᠰᠢᠶᠠᠨ ᠤ ᠬᠠᠤᠯᠢ ᠴᠠᠭᠠᠵᠠ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠠᠭᠤᠳᠠᠮ ᠲᠠᠯᠠᠪᠠᠢ ᠳᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾ ᠵᠡᠷᠭᠡ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠳᠤ ᠬᠠᠤᠯᠢ ᠴᠠᠭᠠᠵᠠ ᠶᠢᠨ ᠵᠥᠪᠯᠡᠯᠭᠡ ᠬᠠᠩᠭᠠᠵᠤ᠂ ᠬᠠᠤᠯᠢ ᠴᠠᠭᠠᠵᠠ ᠶᠢᠨ ᠵᠥᠪᠯᠡᠯᠭᠡ ᠥᠭᠴᠦ᠂ ᠰᠠᠶᠢᠨ ᠳᠤᠷ᠎ᠠ ᠶᠢᠨ ᠠᠵᠢᠯᠯᠠᠭᠴᠢ ᠠᠴᠠ ᠨᠢᠭᠡ ᠨᠢᠭᠡ ᠪᠠᠷ ᠠᠮᠢᠳᠤᠷᠠᠯ ᠤᠨ ᠳᠤᠮᠳᠠᠬᠢ ᠬᠠᠤᠯᠢ ᠴᠠᠭᠠᠵᠠ ᠶᠢᠨ ᠠᠰᠠᠭᠤᠯᠲᠠ ᠶᠢ ᠬᠠᠷᠢᠭᠤᠯᠤᠨ᠎ᠠ᠃    10. ︽ᠦᠯᠵᠡᠢᠳᠦ ᠮᠣᠭᠠᠢ ᠵᠢᠯ ᠤᠨ ᠵᠢᠷᠤᠭ ᠤᠨ ᠶᠡᠭᠡ ᠦᠵᠡᠰᠬᠦᠯᠡᠩ︾ ᠤᠷᠠᠨ ᠰᠠᠶᠢᠬᠠᠨ ᠤ ᠲᠣᠭᠯᠠᠯᠲᠠ᠃ ᠭᠦᠶᠡᠩ ᠰᠢᠶᠠᠨ ᠤ ᠰᠣᠶᠣᠯ ᠢ ᠲᠦᠮᠡᠨ ᠡᠷᠦᠬᠡ ᠳᠤ ᠣᠷᠣᠭᠤᠯᠵᠤ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠠᠩᠭᠢ 6 ᠶᠠᠩᠭᠠᠷ ᠤᠷᠠᠯᠢᠭ ᠤᠨ ᠠᠩᠭᠢ ᠶᠢ ᠵᠣᠬᠢᠶᠠᠨ ᠪᠠᠶᠢᠭᠤᠯᠵᠤ ᠭᠦᠶᠡᠩ ᠰᠢᠶᠠᠨ ᠤ  ᠠᠯᠲᠠᠨ ᠶᠡᠭᠡ ᠵᠡᠭᠡᠯᠢ ᠶᠢᠨ ᠳᠠᠭᠠᠤ ᠲᠣᠭᠤᠷᠢᠨ ᠲᠣᠭᠯᠠᠵᠤ᠂ ᠳᠠᠷᠠᠭ᠎ᠠ ᠨᠢ ᠮᠡᠳᠡᠯᠭᠡ ᠶᠢᠨ ᠬᠥᠳᠡᠯᠭᠡᠭᠡᠨ ᠤ ᠲᠠᠯᠠᠪᠠᠢ ᠳᠤ ᠲᠥᠪᠯᠡᠷᠡᠭᠦᠯᠦᠨ ᠲᠣᠭᠯᠠᠯᠲᠠ ᠭᠠᠷᠭᠠᠵᠤ᠂ ᠣᠯᠠᠨ ᠲᠦᠮᠡᠨ ᠳᠤ ᠨᠢᠭᠡ ᠤᠳᠠᠭᠠᠨ ᠤ ᠶᠠᠩᠭᠠᠷ ᠤᠨ ᠦᠪᠡᠳᠡᠭᠰᠢ ᠨᠠᠶᠢᠷ ᠢ ᠬᠦᠷᠭᠡᠵᠦ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠪᠠᠶᠠᠷᠯᠠᠨ ᠤᠭᠲᠤᠪᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号