ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ | ᠪᠦᠭᠦᠳᠡ ᠬᠤᠷᠠᠯ ᠤᠨ ᠵᠣᠷᠢᠭ ᠰᠠᠨᠠᠭ᠎ᠠ᠂ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠲᠣᠬᠢᠷᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ | ᠬᠥᠮᠦᠵᠢᠭᠦᠯᠵᠦ᠂ ᠤᠳᠤᠷᠢᠳᠬᠤ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠬᠠᠤᠯᠢ | ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠰᠠᠬᠢᠯᠭ᠎ᠠ | ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢ ᠨᠢ | ᠳᠡᠭᠡᠭᠰᠢᠯᠡᠭᠦᠯᠵᠦ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠬᠠᠰᠢᠯᠭ᠎ᠠ ᠶᠢ ᠪᠠᠲᠤ | ᠴᠣᠭᠴᠠᠯᠠᠪᠠ᠃ 2 ᠰᠠᠷ᠎ᠠ ᠶᠢᠨ 10 ᠤ ᠡᠳᠦᠷ᠂ ᠭᠦᠶᠡᠩ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ | ᠪᠠᠶᠢᠴᠠᠭᠠᠬᠤ ᠵᠥᠪᠯᠡᠯ ᠪᠥᠬᠦ ᠰᠢᠶᠠᠨ ᠤ ᠵᠢᠩᠬᠢᠨᠢ ᠰᠠᠯᠠᠭᠠᠨ ᠳᠡᠰ ᠠᠴᠠ ᠳᠡᠭᠡᠭᠰᠢᠬᠢ 120 ᠭᠠᠷᠤᠢ ᠤᠳᠤᠷᠢᠳᠬᠤ | ᠺᠠᠳ᠋ᠷ ᠢ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠰᠡᠷᠡᠮᠵᠢ ᠶᠢᠨ ᠬᠤᠩᠬᠤ︾ ᠶᠢ | ᠲᠥᠪᠯᠡᠷᠡᠭᠦᠯᠦᠨ ᠦᠵᠡᠭᠦᠯᠵᠦ᠂ ᠰᠢᠨ᠎ᠡ ᠵᠢᠯ ᠤᠨ ᠠᠷᠢᠭᠤᠨ ᠴᠢᠬᠡᠴᠢ ᠶᠢᠨ ᠬᠥᠮᠦᠵᠢᠯ ᠤᠨ ︽ᠨᠢᠭᠡᠳᠦᠭᠡᠷ ᠬᠢᠴᠢᠶᠡᠯ︾ | ᠢ ᠰᠠᠶᠢᠲᠤᠷ ᠣᠷᠣᠪᠠ᠃ | ᠲᠤᠰ ᠹᠢᠯᠢᠮ ᠨᠢ ᠣᠶᠢᠷ᠎ᠠ ᠶᠢᠨ ᠵᠢᠯ ᠤᠨ ᠲᠤᠷᠰᠢᠬᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠤᠨ ᠪᠠᠶᠢᠴᠠᠭᠠᠨ ᠰᠢᠢᠳᠪᠦᠷᠢᠯᠡᠭᠰᠡᠨ ᠨᠠᠮ ᠤᠨ ᠭᠡᠰᠢᠭᠦᠨ | ᠤᠳᠤᠷᠢᠳᠬᠤ ᠺᠠᠳ᠋ᠷᠴᠤᠳ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠦᠨᠡᠨ | ᠪᠣᠳᠠᠲᠠᠢ ᠬᠡᠷᠡᠭ ᠤᠨ ᠵᠢᠱᠢᠶ᠎ᠡ ᠶᠢ ᠰᠣᠩᠭᠤᠨ ᠠᠪᠴᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ | ᠬᠥᠮᠦᠰ ᠤᠨ ᠡᠷᠬᠡ ᠶᠢᠨ ᠲᠥᠭᠡᠷᠢᠭᠳᠡᠯ ᠢᠶᠠᠷ ᠬᠡᠷᠬᠢᠨ ᠠᠭᠠᠵᠢᠮ ᠢᠶᠠᠷ ᠥᠪᠡᠷ ᠢ ᠪᠠᠨ ᠠᠯᠳᠠᠵᠤ᠂ ᠤᠭ | ᠰᠠᠨᠠᠭ᠎ᠠ ᠠᠴᠠ ᠪᠠᠨ ᠲᠡᠷᠰᠯᠡᠭᠰᠡᠨ᠂ ᠡᠴᠦᠰ ᠲᠡᠭᠡᠨ ᠶᠠᠯ᠎ᠠ ᠬᠢᠬᠦ ᠭᠦᠨ ᠵᠤᠵᠠᠭᠠᠨ ᠥᠩᠭᠡᠷᠡᠯᠲᠡ ᠶᠢ ᠢᠯᠡᠷᠡᠭᠦᠯᠦᠭᠰᠡᠨ | ᠪᠠᠶᠢᠨ᠎ᠠ᠃ ᠲᠤᠰ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠨᠢ ︽ᠳᠣᠲᠣᠷᠠᠬᠢ ᠬᠥᠮᠦᠨ︾ ᠢᠶᠠᠷ ︽ᠭᠠᠳᠠᠨᠠᠬᠢ | ᠬᠥᠮᠦᠨ︾ ᠢ ᠰᠡᠷᠡᠮᠵᠢᠯᠡᠬᠦ ᠬᠡᠯᠪᠡᠷᠢ ᠪᠠᠷ ᠳᠠᠮᠵᠢᠭᠤᠯᠤᠨ᠂ ᠪᠦᠬᠦ ᠨᠠᠮ ᠤᠨ ᠭᠡᠰᠢᠭᠦᠨ ᠳᠤ ᠰᠡᠷᠡᠮᠵᠢ ᠶᠢᠨ ᠳᠣᠬᠢᠶᠡ | ᠥᠭᠴᠦ᠂ ᠭᠦᠨᠵᠡᠭᠡᠢ ᠰᠡᠳᠬᠢᠨ ᠪᠣᠳᠣᠯᠬᠢᠯᠠᠵᠤ᠂ ᠬᠥᠮᠦᠰ ᠢ ᠰᠣᠴᠢᠭᠠᠪᠠ᠃ | ︽ᠬᠡᠷᠡᠭ ᠤᠨ ᠵᠢᠱᠢᠶ᠎ᠡ ᠪᠣᠯ ᠬᠠᠮᠤᠭ ᠤᠨ ᠰᠠᠶᠢᠨ ᠰᠤᠷᠬᠤ ᠪᠢᠴᠢᠭ ᠮᠥᠨ᠂ ᠪᠠᠰᠠ ᠴᠤ ᠬᠠᠮᠤᠭ ᠤᠨ ᠰᠠᠶᠢᠨ | ᠰᠡᠬᠡᠭᠡᠷᠡᠭᠦᠯᠬᠦ ᠡᠮ ᠮᠥᠨ︾ ᠭᠡᠵᠦ ᠬᠡᠯᠡᠪᠡ᠃ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ ᠪᠠᠷ ᠳᠠᠮᠵᠢᠨ᠂ | ᠪᠦᠬᠦ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢᠯᠵᠠᠷᠠᠯ ᠤᠨ ᠠᠰᠠᠭᠤᠳᠠᠯ ᠤᠨ ᠬᠦᠨᠳᠦ ᠨᠣᠴᠢᠲᠠᠢ ᠴᠢᠨᠠᠷ ᠪᠠ | ᠬᠤᠣᠷ ᠬᠥᠨᠥᠭᠡᠯᠲᠦ ᠴᠢᠨᠠᠷ ᠢ ᠭᠦᠨᠵᠡᠭᠡᠢ ᠮᠡᠳᠡᠷᠡᠵᠦ᠂ ᠪᠠᠰᠠ ᠨᠠᠮ ᠤᠨ ᠲᠥᠪ ᠬᠤᠷᠢᠶ᠎ᠡ ᠪᠠ ᠳᠡᠭᠡᠳᠦ ᠱᠠᠲᠤᠨ ᠤ | ᠨᠠᠮ ᠤᠨ ᠬᠤᠷᠢᠶ᠎ᠡ ᠶᠢᠨ ᠢᠯᠵᠠᠷᠠᠯ ᠢ ᠡᠷᠡᠰ ᠵᠠᠯᠬᠠᠭᠠᠨ ᠰᠢᠳᠬᠡᠬᠦ ᠡᠷᠡᠰ ᠵᠣᠷᠢᠭ ᠪᠠ ᠢᠲᠡᠭᠡᠯ ᠢ ᠭᠦᠨᠵᠡᠭᠡᠢ ᠲᠠᠨᠢᠬᠤ | ᠬᠡᠷᠡᠭᠲᠡᠢ᠃ ᠣᠯᠠᠨ ᠢᠶᠠᠷ ᠢᠶᠠᠨ᠂ ᠬᠡᠷᠡᠭ ᠢᠶᠠᠷ ᠲᠣᠯᠢ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ | ᠳᠤᠤᠭᠠᠷᠭᠠᠵᠤ᠂ ᠦᠵᠡᠯ ᠰᠠᠨᠠᠭᠠᠨ ᠤ ᠭᠦᠨ ᠠᠴᠠ ᠰᠠᠬᠢᠯᠭ᠎ᠠ ᠪᠠᠲᠤ ᠬᠠᠤᠯᠢ ᠴᠠᠭᠠᠵᠠ ᠶᠢ ᠲᠣᠳᠣᠷᠬᠠᠶᠢᠯᠠᠵᠤ᠂ | ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠰᠡᠷᠡᠮᠵᠢᠯᠡᠨ ᠰᠡᠷᠭᠡᠶᠢᠯᠡᠵᠦ᠂ ᠬᠤᠷᠢᠭ᠎ᠠ ᠱᠤᠭᠤᠮ ᠢ ᠰᠠᠬᠢᠬᠤ ᠬᠡᠷᠡᠭᠲᠡᠢ ᠭᠡᠵᠦ | ᠢᠯᠡᠳᠬᠡᠵᠡᠭᠡᠪᠡ᠃ ᠡᠭᠦᠨ ᠤ ᠬᠠᠮᠲᠤ᠂ ᠥᠪᠡᠷ ᠢ ᠪᠠᠨ ᠬᠢᠵᠠᠭᠠᠷᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ | ᠪᠡᠶ᠎ᠡ ᠪᠠᠨ ᠵᠠᠰᠠᠵᠤ ᠪᠣᠯᠭᠤᠮᠵᠢᠲᠠᠢ ᠬᠢᠬᠦ᠂ ᠶᠣᠰᠣ ᠮᠣᠷᠠᠯ ᠲᠠᠢ ᠥᠪᠡᠷ ᠢ ᠪᠠᠨ ᠬᠦᠨᠳᠦᠳᠬᠡᠬᠦ ᠶᠢ ᠦᠨᠡᠨ ᠬᠦ | ᠪᠡᠶᠡᠯᠡᠭᠦᠯᠵᠦ᠂ ᠰᠠᠨᠠᠭᠠᠴᠢᠯᠠᠭ᠎ᠠ ᠠᠴᠠ ᠪᠠᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠰᠡᠳᠬᠢᠯ ᠳᠡᠭᠡᠨ ᠰᠢᠩᠭᠡᠭᠡᠵᠦ᠂ | ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠡᠪ ᠬᠠᠮᠲᠤᠴᠤᠳ ᠤᠨ ᠲᠥᠪ ᠭᠤᠣᠯᠴᠢ ᠠᠷᠢᠭᠤᠨ ᠴᠢᠬᠡᠴᠢ ᠤᠯᠤᠰ | ᠲᠥᠷᠥ ᠶᠢᠨ ᠮᠥᠨ ᠴᠢᠨᠠᠷ ᠢ ᠡᠭᠦᠷᠢᠳᠡ ᠪᠠᠲᠤᠯᠠᠬᠤ ᠬᠡᠷᠡᠭᠲᠡᠢ᠃ | |