ᠬᠡᠩᠭᠡᠷᠭᠡ ᠶᠢᠨ ᠨᠠᠷᠭᠢᠶᠠᠨ ᠳᠡᠭᠳᠡᠵᠦ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠢ | ᠪᠡᠯᠭᠡᠯᠡᠯ᠎ᠡ᠃ ᠴᠠᠭᠠᠨ ᠰᠠᠷ᠎ᠠ ᠶᠢᠨ ᠠᠷᠪᠠᠨ ᠲᠠᠪᠤᠨ ᠪᠣᠯ ᠵᠢᠯ ᠳᠤ ᠨᠢᠭᠡ ᠤᠳᠠᠭ᠎ᠠ ᠶᠠᠪᠤᠭᠳᠠᠳᠠᠭ ᠥᠯᠵᠡᠶᠢᠲᠦ ᠡᠳᠦᠷ | ᠪᠣᠯᠤᠨ᠎ᠠ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠪᠠᠶᠠᠷ | ᠪᠠᠶᠠᠰᠬᠤᠯᠠᠩ ᠲᠠᠢ᠂ ᠥᠯᠵᠡᠢ ᠪᠡᠯᠭᠡ ᠲᠠᠢ ᠥᠯᠵᠡᠶᠢᠲᠦ ᠪᠣᠯᠭᠠᠬᠤ ᠶᠢᠨ ᠲᠥᠯᠥᠭᠡ᠂ 2 ᠰᠠᠷ᠎ᠠ ᠶᠢᠨ 12 ᠤᠨ ᠡᠳᠦᠷ | ᠂ ᠭᠦᠶᠡᠩ ᠰᠢᠶᠠᠨ ᠤ ᠥᠯᠵᠡᠶᠢᠲᠦ ᠡᠳᠦᠷ ᠤᠨ ᠪᠠᠶᠠᠷ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ | ᠮᠡᠳᠡᠯᠭᠡ ᠶᠢᠨ ᠬᠥᠳᠡᠯᠭᠡᠭᠡᠨ ᠤ ᠲᠠᠯᠠᠪᠠᠢ ᠳᠤ ᠬᠥᠰᠢᠭᠡ ᠪᠠᠨ ᠰᠡᠬᠦᠵᠦ᠂ ᠶᠢᠨ ᠬᠤᠤ ᠪᠠᠯᠭᠠᠰᠤᠨ ᠤ ᠶᠠᠩᠭᠠᠷ ᠤᠨ | ᠠᠩᠭᠢ ᠨᠢ ᠣᠷᠣᠨ ᠨᠤᠲᠤᠭ ᠤᠨ ᠣᠨᠴᠠᠯᠢᠭ ᠲᠠᠢ ᠲᠣᠭᠯᠠᠯᠲᠠ ᠶᠢᠨ ᠡᠩᠨᠡᠭᠡ ᠪᠣᠯᠤᠭᠰᠠᠨ ᠤ ᠬᠤᠪᠢ ᠳᠤ᠂ ᠭᠤᠶᠢᠳᠠ | ᠰᠠᠶᠢᠬᠠᠨ ᠲᠣᠭᠯᠠᠯᠲᠠ ᠪᠠᠷ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠨᠢᠭᠡ ᠤᠳᠠᠭᠠᠨ ᠤ ᠬᠠᠷᠠᠭᠠᠨ ᠰᠡᠷᠡᠯ ᠪᠠ | ᠰᠣᠨᠣᠷ ᠤᠨ ᠰᠡᠷᠡᠯ ᠤᠨ ᠬᠤᠣᠰ ᠦᠪᠡᠳᠡᠭᠰᠢ ᠨᠠᠶᠢᠷ ᠢ ᠠᠪᠴᠢᠷᠠᠵᠤ᠂ ᠮᠣᠭᠠᠢ ᠵᠢᠯ ᠤᠨ ᠴᠠᠭᠠᠨ ᠰᠠᠷ᠎ᠠ ᠳᠤ ᠪᠠᠶᠠᠷ ᠤᠨ | ᠡᠳᠦᠷ ᠤᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃ | ᠲᠤᠬᠠᠢ ᠶᠢᠨ ᠡᠳᠦᠷ᠂ ᠨᠠᠷᠠᠨ ᠤ ᠭᠡᠷᠡᠯ ᠲᠤᠩᠭᠠᠯᠠᠭ ᠰᠠᠶᠢᠬᠠᠨ᠂ ᠬᠡᠳᠦ᠋ᠢᠪᠡᠷ ᠠᠭᠤᠷ ᠠᠮᠢᠰᠬᠤᠯ ᠵᠢᠭᠠᠬᠠᠨ | ᠬᠦᠢᠲᠡᠨ ᠪᠠᠶᠢᠭᠰᠠᠨ ᠪᠣᠯᠪᠠᠴᠤ᠂ ᠣᠯᠠᠨ ᠲᠦᠮᠡᠨ ᠤ ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠤᠷᠠᠨ | ᠰᠠᠶᠢᠬᠠᠨ ᠤ ᠲᠣᠭᠯᠠᠯᠲᠠ ᠶᠢᠨ ᠬᠠᠯᠠᠭᠤᠨ ᠰᠡᠳᠬᠢᠯᠭᠡ ᠶᠢ ᠥᠴᠦᠬᠡᠨ ᠴᠦ ᠬᠤᠷᠢᠭᠯᠠᠵᠤ ᠴᠢᠳᠠᠬᠤ ᠦᠭᠡᠢ᠃ ᠭᠦᠶᠡᠩ | ᠰᠢᠶᠠᠨ ᠤ ᡁᠢ ᠰᠢᠩ ᠠᠭᠤᠳᠠᠮ ᠲᠠᠯᠠᠪᠠᠢ ᠳᠤ ᠠᠯᠢ ᠡᠷᠲᠡ ᠬᠥᠮᠦᠨ ᠴᠤᠭᠯᠠᠷᠠᠵᠤ᠂ ᠡᠷᠡᠭᠲᠡᠢ ᠡᠮᠡᠭᠲᠡᠢ ᠬᠥᠭᠰᠢᠨ | ᠵᠠᠯᠠᠭᠤ ᠪᠠᠭᠠᠴᠤᠳ ᠨᠢ ᠨᠢᠭᠡ ᠲᠠᠩᠬᠢᠮ ᠳᠤ ᠴᠤᠭᠯᠠᠷᠠᠵᠤ᠂ ᠬᠠᠮᠲᠤ ᠪᠠᠷ ᠡᠨᠡ ᠤᠳᠠᠭᠠᠨ ᠤ ᠰᠣᠶᠣᠯ ᠤᠨ ᠦᠪᠡᠳᠡᠭᠰᠢ | ᠴᠤᠭᠯᠠᠭᠠᠨ ᠢ ᠬᠦᠯᠢᠶᠡᠵᠦ ᠪᠠᠶᠢᠯ᠎ᠡ᠃ ᠶᠢᠨ ᠬᠤᠤ ᠪᠠᠯᠭᠠᠰᠤᠨ ᠤ ᠶᠠᠩᠭᠠᠷ ᠤᠨ ᠠᠩᠭᠢ ᠶᠢᠨ ᠭᠡᠰᠢᠭᠦᠳ ᠪᠠᠶᠠᠷ | ᠪᠠᠶᠠᠰᠬᠤᠯᠠᠩᠲᠤ ᠬᠤᠪᠴᠠᠰᠤ ᠡᠮᠦᠰᠴᠦ᠂ ᠲᠣᠯᠣᠭᠠᠢ ᠳᠤ ᠥᠩᠭᠡᠲᠦ ᠬᠤᠪᠴᠠᠰᠤ ᠡᠮᠦᠰᠴᠦ᠂ ᠪᠥᠵᠢᠭ ᠤᠨ ᠥᠩᠭᠡᠲᠦ | ᠳᠡᠪᠢᠭᠦᠷ᠂ ᠨᠢᠷᠤᠭᠤ ᠪᠠᠷ ᠢᠶᠠᠨ ᠥᠩᠭᠡᠲᠦ ᠪᠦᠰᠡ ᠤᠶᠠᠵᠤ᠂ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠪᠠᠳᠠᠷᠠᠵᠤ | ᠴᠢᠷᠠᠢ ᠳᠠᠭᠠᠨ ᠢᠲᠡᠭᠡᠯ ᠪᠠ ᠪᠠᠶᠠᠷ ᠪᠠᠶᠠᠰᠤᠯ ᠪᠢᠯᠬᠠᠨ᠎ᠠ᠃ ᠬᠤᠪᠴᠠᠰᠤ ᠵᠠᠰᠠᠯ ᠨᠢ ᠥᠩᠭᠡ ᠢᠯᠭᠠᠷᠠᠮ᠎ᠠ ᠪᠠᠶᠢᠵᠤ᠂ | ᠨᠠᠷᠢᠯᠢᠭ ᠰᠠᠶᠢᠬᠠᠨ ᠬᠠᠳᠬᠤᠮᠠᠯ ᠪᠠ ᠵᠠᠰᠠᠯ ᠴᠢᠮᠡᠭᠯᠡᠯ ᠲᠠᠢ ᠨᠡᠶᠢᠯᠡᠵᠦ᠂ ᠬᠥᠮᠦᠰ ᠢ ᠪᠠᠶᠠᠷ ᠪᠠᠶᠠᠰᠣᠯ ᠢᠶᠠᠷ ᠪᠢᠯᠬᠠᠭᠰᠠᠨ | ᠠᠷᠠᠳ ᠤᠨ ᠵᠠᠩ ᠦᠢᠯᠡ ᠶᠢᠨ ᠶᠢᠷᠲᠢᠨᠴᠦ ᠳᠤ ᠳᠠᠭᠠᠭᠤᠯᠵᠤ ᠢᠷᠡᠭᠰᠡᠨ ᠰᠢᠭ᠃ | ᠬᠡᠩᠭᠡᠷᠭᠡ ᠶᠢᠨ ᠳᠠᠭᠤᠨ ᠬᠠᠩᠭᠢᠨᠠᠬᠤ ᠶᠢ ᠳᠠᠭᠠᠯᠳᠤᠨ᠂ ᠶᠢᠨ ᠬᠤᠤ ᠪᠠᠯᠭᠠᠰᠤᠨ ᠤ ᠶᠠᠩᠭᠠᠷ ᠤᠨ ᠠᠩᠭᠢ | ᠵᠢᠩᠬᠢᠨᠢ ᠪᠠᠷ ᠲᠠᠯᠠᠪᠤᠷ ᠲᠤ ᠭᠠᠷᠪᠠ᠃ ᠠᠩᠭᠢ ᠶᠢᠨ ᠭᠡᠰᠢᠭᠦᠳ ᠲᠡᠷᠢ ᠲᠡᠭᠰᠢ ᠠᠯᠬᠤᠭ᠎ᠠ ᠪᠠᠷ ᠠᠯᠬᠤᠵᠤ᠂ ᠭᠠᠷ ᠲᠠᠬᠢ | ᠥᠩᠭᠡᠲᠦ ᠳᠡᠪᠢᠭᠦᠷ ᠪᠣᠯᠤᠨ ᠭᠠᠷ ᠠᠯᠴᠢᠭᠤᠷ ᠢᠶᠠᠷ ᠳᠡᠭᠡᠭᠰᠢ ᠬᠠᠷᠪᠤᠨ ᠨᠢᠰᠴᠦ᠂ ᠰᠦᠨᠡᠰᠦ ᠵᠠᠪᠢ ᠶᠢᠨ ᠳᠤᠮᠳᠠ | ᠡᠷᠪᠡᠬᠡᠢ ᠲᠡᠷᠢ ᠲᠡᠭᠰᠢ ᠪᠥᠵᠢᠭᠯᠡᠨ᠎ᠡ᠃ ᠲᠡᠳᠡᠨ ᠤ ᠬᠥᠳᠡᠯᠦᠯ ᠪᠠᠷᠢᠯ ᠨᠢ ᠢᠳᠡᠷᠡᠭᠦᠨ ᠳᠣᠷᠪᠢᠲᠠᠢ ᠮᠥᠷᠲᠡᠭᠡᠨ ᠤᠶᠠᠨ | ᠬᠠᠳᠠᠨ ᠪᠠᠶᠢᠵᠤ᠂ ᠨᠢᠭᠡ ᠠᠷᠭ᠎ᠠ ᠮᠠᠶ᠋ᠢᠭ ᠨᠢ ᠪᠦᠷ ᠪᠦᠷᠢᠨ ᠭᠦᠢᠴᠡᠳ ᠪᠠᠶᠢᠨ᠎ᠠ᠃ ᠨᠢᠷᠤᠭᠤ ᠪᠠᠨ ᠮᠤᠰᠬᠢᠯᠳᠤᠭᠤᠯᠤᠨ | ᠶᠠᠩᠭᠠᠷ ᠪᠥᠵᠢᠭ ᠤᠨ ᠥᠪᠡᠷᠮᠢᠴᠡ ᠠᠶᠢᠵᠢᠮ ᠢᠶᠠᠨ ᠢᠯᠡᠷᠡᠭᠦᠯᠪᠡ︔ ᠬᠠᠶᠠ ᠡᠩᠨᠡᠭᠡ ᠪᠠᠨ ᠬᠤᠪᠢᠷᠠᠭᠤᠯᠵᠤ᠂ ᠡᠯ᠎ᠡ | ᠵᠦᠢᠯ ᠤᠨ ᠥᠯᠵᠡᠢ ᠪᠡᠯᠭᠡ ᠲᠠᠢ ᠵᠢᠷᠤᠭ ᠭᠠᠷᠭᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ | ᠠᠯᠠᠭ᠎ᠠ ᠲᠠᠰᠢᠯᠲᠠ ᠪᠠ ᠪᠠᠶᠠᠷᠯᠠᠨ ᠬᠠᠰᠬᠢᠷᠬᠤ ᠳᠠᠭᠤᠨ ᠢ ᠣᠯᠤᠭᠰᠠᠨ ᠪᠠᠶᠢᠨ᠎ᠠ᠃ ᠲᠣᠭᠯᠠᠯᠲᠠ ᠶᠢᠨ ᠶᠠᠪᠤᠴᠠ ᠳᠤ᠂ | ᠶᠢᠨ ᠬᠤᠤ ᠪᠠᠯᠭᠠᠰᠤᠨ ᠤ ᠶᠠᠩᠭᠠᠷ ᠪᠥᠵᠢᠭ ᠤᠨ ᠠᠩᠭᠢ ᠶᠢᠨ ᠭᠡᠰᠢᠭᠦᠳ ᠣᠳᠣ ᠦᠶ᠎ᠡ ᠶᠢᠨ ᠪᠥᠵᠢᠭ ᠤᠨ | ᠬᠥᠳᠡᠯᠭᠡᠭᠡᠨ ᠪᠣᠯᠤᠨ ᠤᠯᠠᠮᠵᠢᠯᠠᠯᠲᠤ ᠶᠠᠩᠭᠠᠷ ᠪᠥᠵᠢᠭ ᠢ ᠤᠷᠠᠨ ᠢᠶᠠᠷ ᠤᠶᠠᠯᠳᠤᠭᠤᠯᠵᠤ᠂ ᠪᠦᠬᠦ᠋ᠢᠯᠡ ᠲᠣᠭᠯᠠᠯᠲᠠ ᠨᠢ | ᠤᠭ ᠦᠨᠦᠷ ᠠᠮᠲᠠ ᠶᠢ ᠬᠠᠳᠠᠭᠠᠯᠠᠭᠰᠠᠨ ᠢᠶᠠᠷ ᠪᠠᠷᠠᠬᠤ ᠦᠭᠡᠢ ᠪᠠᠰᠠ ᠰᠢᠨ᠎ᠡ ᠴᠠᠭ ᠦᠶ᠎ᠡ ᠶᠢᠨ ᠰᠡᠳᠬᠢᠯᠭᠡ ᠪᠠᠷ | ᠪᠢᠯᠬᠠᠮ᠎ᠠ ᠪᠠᠶᠢᠯ᠎ᠠ᠃ ᠡᠭᠦᠨ ᠤ ᠬᠠᠮᠲᠤ᠂ ᠠᠩᠭᠢ ᠶᠢᠨ ᠭᠡᠰᠢᠭᠦᠳ ᠪᠠᠰᠠ ᠨᠢᠭᠡ ᠪᠦᠯᠦᠭ ᠱᠤᠭ ᠶᠦᠮᠦᠷᠯᠢᠭ | ᠲᠣᠭᠯᠠᠯᠲᠠ ᠶᠢᠨ ᠦᠢᠯᠡ ᠠᠵᠢᠯᠯᠠᠭ᠎ᠠ ᠳᠤ ᠣᠷᠣᠯᠴᠠᠵᠤ᠂ ᠵᠢᠱᠢᠶᠡᠯᠡᠪᠡᠯ ︽ᠡᠯᠵᠢᠭᠡ ᠤᠨᠤᠬᠤ︾᠂ ︽ᠭᠠᠩ | ᠬᠠᠭᠰᠠᠷᠠᠭᠠᠨ ᠲᠠᠢ ᠣᠩᠭᠤᠴᠠ ᠰᠡᠯᠢᠬᠦ︾ ᠵᠡᠷᠭᠡ ᠠᠵᠢᠯᠯᠠᠭ᠎ᠠ ᠳᠤ ᠣᠯᠠᠨ ᠤ ᠬᠦᠷᠢᠶᠡᠯᠡᠯ ᠢ ᠣᠯᠵᠤ᠂ ᠲᠤᠬᠠᠢ ᠶᠢᠨ | ᠲᠠᠯᠠᠪᠠᠢ ᠶᠢᠨ ᠠᠭᠤᠷ ᠠᠮᠢᠰᠬᠤᠯ ᠣᠷᠭᠢᠯ ᠳᠤ ᠪᠠᠨ ᠲᠤᠯᠤᠭᠰᠠᠨ ᠪᠠᠶᠢᠪᠠ᠃ | ᠶᠢᠨ ᠬᠤᠤ ᠪᠠᠯᠭᠠᠰᠤᠨ ᠤ ᠶᠠᠩᠭᠠᠷ ᠪᠥᠵᠢᠭ ᠤᠨ ᠠᠩᠭᠢ ᠶᠢᠨ ᠭᠤᠶᠢᠳᠠ ᠰᠠᠶᠢᠬᠠᠨ ᠲᠣᠭᠯᠠᠯᠲᠠ ᠪᠣᠯ ᠣᠯᠠᠨ | ᠲᠦᠮᠡᠨ ᠳᠤ ᠰᠣᠶᠣᠯ ᠤᠨ ᠨᠢᠭᠡ ᠤᠳᠠᠭ᠎ᠠ ᠶᠢᠨ ᠴᠢᠬᠤᠯᠠ ᠦᠢᠯᠡᠳᠦᠯᠭᠡ ᠪᠣᠯᠬᠤ ᠪᠠᠷ ᠪᠠᠷᠠᠬᠤ ᠦᠭᠡᠢ᠂ ᠪᠠᠰᠠ ᠴᠤ | ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠠᠪᠤᠳᠠᠯ ᠪᠣᠯᠤᠨ᠎ᠠ᠂ ᠨᠡᠩ ᠴᠤ ᠶᠢᠨ ᠬᠤᠤ | ᠪᠠᠯᠭᠠᠰᠤᠨ ᠤ ᠠᠷᠠᠳ ᠲᠦᠮᠡᠨ ᠤ ᠢᠳᠡᠪᠬᠢᠲᠡᠢ ᠥᠭᠡᠳᠡᠯᠡᠨ ᠳᠠᠪᠰᠢᠬᠤ᠂ ᠪᠦᠯᠬᠦᠮᠳᠡᠨ ᠲᠡᠮᠡᠴᠡᠬᠦ ᠣᠶᠤᠨ ᠰᠠᠨᠠᠭᠠᠨ ᠤ | ᠳᠦᠷᠰᠦ ᠪᠠᠶᠢᠳᠠᠯ ᠢ ᠢᠯᠡᠷᠡᠭᠦᠯᠪᠡ᠃ ᠣᠯᠠᠨ ᠵᠢᠯ ᠤᠨ ᠲᠤᠷᠰᠢ᠂ ᠶᠢᠨ ᠬᠤᠤ ᠪᠠᠯᠭᠠᠰᠤᠨ ᠤ ᠶᠠᠩᠭᠠᠷ ᠤᠨ | ᠠᠩᠭᠢ ᠶᠢᠨ ᠭᠡᠰᠢᠭᠦᠳ ᠰᠤᠯᠠ ᠴᠠᠭ ᠢᠶᠠᠨ ᠠᠰᠢᠭᠯᠠᠨ ᠬᠠᠲᠠᠭᠤᠵᠢᠯᠲᠠᠢ ᠪᠣᠯᠪᠠᠰᠤᠷᠠᠵᠤ᠂ ᠶᠠᠩᠭᠠᠷ ᠤᠨ ᠤᠷᠠᠯᠢᠭ ᠢ | ᠲᠠᠰᠤᠷᠠᠯᠲᠠ ᠦᠭᠡᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠪᠡ᠃ ᠠᠩᠭᠢ ᠶᠢᠨ ᠭᠡᠰᠢᠭᠦᠳ᠂ ᠲᠡᠳᠡᠨ ᠤ | ᠲᠣᠭᠯᠠᠯᠲᠠ ᠪᠠᠷ ᠳᠠᠮᠵᠢᠭᠤᠯᠤᠨ᠂ ᠨᠡᠩ ᠣᠯᠠᠨ ᠬᠥᠮᠦᠨ ᠳᠤ ᠶᠠᠩᠭᠠᠷ ᠪᠥᠵᠢᠭ ᠢ ᠣᠶᠢᠯᠠᠭᠠᠬᠤ ᠪᠠ ᠪᠠᠭ᠋ᠠᠷᠬᠠᠬᠤ | ᠤᠯᠠᠮᠵᠢᠯᠠᠯᠲᠤ ᠤᠷᠠᠯᠢᠭ ᠤᠨ ᠬᠡᠯᠪᠡᠷᠢ ᠶᠢ ᠣᠶᠢᠯᠠᠭᠠᠭᠤᠯᠵᠤ᠂ ᠤᠯᠠᠮᠵᠢᠯᠠᠯᠲᠤ ᠰᠣᠶᠣᠯ ᠢ ᠰᠢᠨ᠎ᠡ ᠴᠠᠭ ᠦᠶ᠎ᠡ ᠳᠤ | ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠤᠷᠠᠨ ᠰᠠᠶᠢᠬᠠᠨ ᠤ ᠲᠣᠭᠯᠠᠯᠲᠠ | ᠳᠠᠭᠤᠰᠤᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠤᠨ ᠦᠵᠡᠭᠴᠢᠳ ᠶᠢᠨ ᠬᠤᠤ ᠪᠠᠯᠭᠠᠰᠤᠨ ᠤ ᠶᠠᠩᠭᠠᠷ ᠤᠨ | ᠠᠩᠭᠢ ᠶᠢᠨ ᠲᠣᠭᠯᠠᠯᠲᠠ ᠶᠢ ᠮᠠᠭᠲᠠᠨ ᠰᠠᠶᠢᠰᠢᠶᠠᠪᠠ᠃ ᠵᠠᠩ ᠨᠠᠰᠤᠲᠠᠨ ᠰᠡᠳᠬᠢᠯ ᠳᠣᠭᠳᠣᠯᠤᠨ ᠬᠡᠯᠡᠭᠰᠡᠨ ᠨᠢ᠄ ︽ | ᠶᠢᠨ ᠬᠤᠤ ᠪᠠᠯᠭᠠᠰᠤᠨ ᠤ ᠶᠠᠩᠭᠠᠷ ᠤᠨ ᠠᠩᠭᠢ ᠶᠢᠨ ᠲᠣᠭᠯᠠᠯᠲᠠ ᠨᠢ ᠮᠠᠰᠢ ᠭᠤᠶᠢᠳᠠ ᠪᠠᠢᠨ᠎ᠠ︕ ᠲᠡᠳᠡᠨ ᠤ ᠪᠠᠶᠠᠷ | ᠪᠠᠶᠠᠰᠬᠤᠯᠠᠩᠲᠤ ᠪᠥᠵᠢᠭ ᠢ ᠦᠵᠡᠭᠡᠳ ᠪᠢ ᠪᠠᠰᠠ ᠪᠠᠭ᠎ᠠ ᠶᠢᠨ ᠦᠶ᠎ᠡ ᠶᠢᠨ ᠰᠢᠨᠡᠯᠡᠭᠰᠡᠨ ᠪᠠᠶᠠᠷᠲᠤ ᠪᠠᠶᠢᠳᠠᠯ ᠳᠤ | ᠣᠷᠣᠯ᠎ᠠ᠃ ᠡᠨᠡ ᠬᠦ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠪᠣᠯ ᠦᠨᠡᠬᠡᠷ ᠮᠠᠨ ᠤ ᠡᠷᠬᠢᠮ ᠨᠠᠨᠳᠢᠨ | ᠥᠪ ᠬᠥᠷᠥᠩᠭᠡ ᠮᠥᠨ᠂ ᠬᠤᠶᠢᠰᠢᠳᠠ ᠦᠷᠭᠦᠯᠵᠢ ᠡᠶᠢᠮᠦ ᠲᠣᠭᠯᠠᠯᠲᠠ ᠶᠢ ᠣᠯᠵᠤ ᠦᠵᠡᠬᠦ ᠶᠢ ᠬᠦᠰᠡᠵᠦ ᠪᠠᠶᠢᠨ᠎ᠠ︾ | ᠭᠡᠵᠦ ᠬᠡᠯᠡᠪᠡ᠃ ᠶᠢᠨ ᠬᠤᠤ ᠪᠠᠯᠭᠠᠰᠤᠨ ᠤ ᠶᠠᠩᠭᠠᠷ ᠪᠥᠵᠢᠭ ᠤᠨ ᠠᠩᠭᠢ ᠭᠦᠶᠡᠩ ᠰᠢᠶᠠᠨ ᠤ ᠴᠠᠭᠠᠨ ᠰᠠᠷ᠎ᠠ ᠶᠢᠨ | ᠠᠷᠪᠠᠨ ᠲᠠᠪᠤᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠳᠠᠬᠢ ᠭᠤᠶᠢᠳᠠ ᠰᠠᠶᠢᠬᠠᠨ ᠢᠯᠡᠷᠡᠯ ᠨᠢ ᠮᠣᠭᠠᠢ | ᠵᠢᠯ ᠤᠨ ᠴᠠᠭᠠᠨ ᠰᠠᠷ᠎ᠠ ᠶᠢᠨ ᠵᠢᠷᠤᠭ ᠲᠤ ᠥᠩᠭᠡ ᠢᠯᠭᠠᠷᠠᠭᠰᠠᠨ ᠪᠠᠶᠢᠨ᠎ᠠ᠃ ᠲᠡᠳᠡ ᠬᠠᠯᠠᠭᠤᠨ ᠰᠡᠳᠬᠢᠯᠭᠡ ᠪᠠ | ᠬᠦᠴᠦ ᠬᠥᠯᠥᠰᠥ ᠪᠠᠷ ᠢᠶᠠᠨ ᠤᠯᠠᠮᠵᠢᠯᠠᠯᠲᠤ ᠰᠣᠶᠣᠯ ᠢ ᠬᠠᠶᠢᠷᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ | ᠲᠠᠶᠢᠯᠪᠤᠷᠢᠯᠠᠵᠤ᠂ ᠪᠠᠰᠠ ᠭᠦᠶᠡᠩ ᠰᠢᠶᠠᠨ ᠤ ᠰᠣᠶᠣᠯ ᠤᠨ ᠦᠢᠯᠡᠰ ᠤᠨ ᠬᠥᠭᠵᠢᠯᠲᠡ ᠳᠤ ᠢᠳᠡᠪᠬᠢᠲᠡᠢ ᠬᠤᠪᠢ | ᠨᠡᠮᠡᠷᠢ ᠦᠵᠡᠭᠦᠯᠪᠡ᠃ ᠳᠠᠷᠠᠭᠠᠴᠢ ᠶᠢᠨ ᠠᠯᠬᠤᠮ ᠳᠤ᠂ ᠶᠢᠨ ᠬᠤᠤ ᠪᠠᠯᠭᠠᠰᠤᠨ ᠤ ᠶᠠᠩᠭᠠᠷ ᠤᠨ ᠠᠩᠭᠢ | ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠵᠤ᠂ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠥᠷᠭᠡᠨ ᠣᠯᠠᠨ | ᠲᠦᠮᠡᠨ ᠳᠤ ᠨᠡᠩ ᠣᠯᠠᠨ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠤᠯᠠᠮᠵᠢᠯᠠᠯᠲᠤ ᠶᠠᠩᠭᠠᠷ ᠤᠨ ᠤᠷᠠᠯᠢᠭ ᠢ | ᠰᠢᠨ᠎ᠡ ᠴᠠᠭ ᠦᠶ᠎ᠡ ᠳᠤ ᠨᠡᠩ ᠭᠡᠷᠡᠯ ᠭᠢᠯᠪᠠᠭ᠎ᠠ ᠰᠠᠴᠤᠷᠠᠭᠤᠯᠬᠤ ᠪᠣᠯᠤᠨ᠎ᠠ᠃ | |