ᠥᠯᠵᠡᠶᠢᠲᠦ ᠡᠳᠦᠷ ᠤᠨ ᠪᠠᠶᠠᠷ ᠢᠶᠠᠨ ᠪᠠᠶᠠᠷ ᠬᠦᠷ ᠲᠠᠢ ᠪᠡᠯᠭᠡᠯᠡᠶ᠎ᠡ︕ ᠬᠡᠩᠭᠡᠷᠭᠡ ᠶᠢᠨ ᠲᠠᠭᠤᠨ ᠳᠤ ᠴᠠᠭᠠᠨ | ᠰᠠᠷ᠎ᠠ ᠶᠢᠨ ᠪᠠᠶᠠᠷ ᠢ ᠪᠡᠯᠭᠡᠯᠡᠶ᠎ᠡ︕ 2 ᠰᠠᠷ᠎ᠠ ᠶᠢᠨ 12 ᠤᠨ ᠡᠳᠦᠷ᠂ ᠭᠦᠶᠡᠩ ᠰᠢᠶᠠᠨ ᠤ 2025 ᠣᠨ ᠤ ︽ | ᠦᠯᠵᠡᠢᠳᠦ ᠮᠣᠭᠠᠢ ᠵᠢᠯ ᠤᠨ ᠠᠮᠤᠷ ᠲᠦᠪᠰᠢᠨ ᠢ ᠬᠦᠷᠭᠡᠵᠦ᠂ ᠡᠷᠴᠢ ᠬᠦᠴᠦᠨ ᠢᠶᠠᠨ ᠬᠦᠪᠴᠢᠯᠡᠭᠰᠡᠨ︾ | ᠥᠯᠵᠡᠶᠢᠲᠦ ᠡᠳᠦᠷ ᠤᠨ ᠪᠠᠶᠠᠷ ᠤᠨ ᠵᠡᠭᠡᠯᠢ ᠭᠤᠳᠤᠮᠵᠢ ᠶᠢᠨ ᠠᠷᠠᠳ ᠤᠨ ᠤᠷᠠᠨ ᠰᠠᠶᠢᠬᠠᠨ ᠤ ᠬᠠᠮᠲᠤᠷᠠᠭᠰᠠᠨ | ᠲᠣᠭᠯᠠᠯᠲᠠ ᠨᠢ ᠬᠥᠮᠦᠨ ᠤ ᠱᠤᠤᠭᠢᠯ ᠤᠨ ᠳᠤᠮᠳᠠ ᠬᠥᠰᠢᠭᠡ ᠪᠠᠨ ᠰᠡᠬᠦᠵᠦ᠂ ᠰᠢᠶᠠ ᠱᠢ ᠬᠤᠣ ᠪᠠᠯᠭᠠᠰᠤᠨ ᠤ | ᠰᠣᠩᠭᠤᠨ ᠬᠦᠷᠭᠡᠭᠰᠡᠨ ᠠᠷᠤ ᠣᠪᠣᠭ᠎ᠠ ᠲᠣᠰᠬᠤᠨ ᠤ ᠶᠠᠩᠭᠠᠷ ᠤᠨ ᠠᠩᠭᠢ ᠶᠢᠨ ᠲᠣᠭᠯᠠᠯᠲᠠ ᠨᠢ ᠪᠤᠰᠤᠳ 5 | ᠡᠩᠨᠡᠭᠡ ᠲᠠᠢ ᠬᠠᠮᠲᠤ ᠪᠥᠬᠦ ᠰᠢᠶᠠᠨ ᠤ ᠠᠷᠠᠳ ᠲᠦᠮᠡᠨ ᠳᠤ ᠨᠢᠭᠡ ᠤᠳᠠᠭᠠᠨ ᠤ ᠰᠣᠶᠣᠯ ᠤᠨ ᠦᠪᠡᠳᠡᠭᠰᠢ ᠨᠠᠶᠢᠷ ᠢ | ᠠᠪᠴᠢᠷᠠᠭᠰᠠᠨ ᠪᠠᠶᠢᠨ᠎ᠠ᠃ | ︽ᠴᠠᠩ ᠳ᠋ᠦᠩ ᠳ᠋ᠦᠩ᠂ ᠳ᠋ᠦᠩ ᠳ᠋ᠦᠩ ᠁︾ ᠠᠵᠢᠯᠯᠠᠭ᠎ᠠ ᠶᠢᠨ ᠠᠬᠤᠢ ᠲᠠᠯᠠᠪᠠᠢ ᠬᠡᠩᠭᠡᠷᠭᠡ ᠶᠢᠨ | ᠳᠠᠭᠤᠨ ᠲᠩᠷᠢ ᠲᠤᠯᠤᠮ᠎ᠠ ᠴᠤᠤᠷᠢᠶᠠᠲᠤᠵᠤ᠂ ᠭᠱᠠᠨ ᠵᠠᠭᠤᠷ᠎ᠠ ᠶᠢᠨ ᠪᠠᠶᠠᠷ ᠤᠨ ᠡᠳᠦᠷ ᠤᠨ ᠠᠭᠤᠷ ᠠᠮᠢᠰᠬᠤᠯ ᠢ | ᠬᠥᠭᠵᠢᠭᠡᠵᠦ᠂ ᠣᠯᠠᠨ ᠲᠦᠮᠡᠨ ᠤ ᠠᠩᠬᠠᠷᠤᠯ ᠢ ᠲᠠᠲᠠᠭᠰᠠᠨ ᠪᠠᠶᠢᠨ᠎ᠠ᠃ ᠴᠠᠭᠠᠨ ᠰᠠᠷ᠎ᠠ ᠶᠢᠨ ᠠᠷᠪᠠᠨ ᠲᠠᠪᠤᠨ ᠤ | ᠪᠠᠶᠠᠷ ᠤᠨ ᠡᠳᠦᠷ ᠤᠨ ᠠᠷᠠᠳ ᠤᠨ ᠵᠠᠩ ᠦᠢᠯᠡ ᠶᠢᠨ ᠦᠵᠡᠭᠦᠯᠦᠯᠭᠡ ᠶᠢᠨ ᠤᠯᠠᠮᠵᠢᠯᠠᠯ ᠤᠨ ᠴᠢᠬᠤᠯᠠ ᠵᠦᠴᠦᠭᠡ | ᠪᠣᠯᠤᠭᠰᠠᠨ ᠤ ᠬᠤᠪᠢ ᠳᠤ᠂ ᠶᠠᠩᠭᠠᠷ ᠪᠣᠯ ᠬᠥᠮᠦᠰ ᠤᠨ ᠪᠠᠶᠠᠷ ᠤᠨ ᠡᠳᠦᠷ ᠢ ᠪᠡᠯᠭᠡᠯᠡᠬᠦ ᠴᠢᠬᠤᠯᠠ ᠠᠷᠭ᠎ᠠ ᠬᠡᠯᠪᠡᠷᠢ | ᠪᠣᠯᠤᠭᠰᠠᠭᠠᠷ ᠢᠷᠡᠵᠡᠢ᠃ ᠬᠤᠶᠢᠲᠤ ᠣᠪᠣᠭ᠎ᠠ ᠲᠣᠰᠬᠤᠨ ᠤ ᠶᠠᠩᠭᠠᠷ ᠤᠨ ᠠᠩᠭᠢ ᠶᠢᠨ ᠭᠡᠰᠢᠭᠦᠳ ᠥᠩᠭᠡᠲᠦ | ᠬᠤᠪᠴᠠᠰᠤ ᠡᠮᠦᠰᠴᠦ᠂ ᠭᠠᠷ ᠲᠠᠭᠠᠨ ᠥᠩᠭᠡᠲᠦ ᠳᠡᠪᠢᠭᠦᠷ ᠪᠠᠷᠢᠵᠤ᠂ ᠨᠢᠭᠡ ᠨᠢᠭᠡ ᠪᠠᠷ ᠢᠶᠠᠨ ᠴᠤᠭ ᠵᠢᠪᠬᠤᠭ᠎ᠠ | ᠪᠠᠳᠠᠷᠠᠩᠭᠤᠢ ᠪᠠᠶᠢᠯ᠎ᠠ᠃ ᠲᠡᠳᠡ ᠴᠣᠪᠣᠭᠤ ᠳᠡᠭᠵᠢᠨ ᠠᠯᠬᠤᠭ᠎ᠠ ᠪᠠᠷ ᠳᠠᠭᠤᠯᠠᠨ ᠪᠥᠵᠢᠭᠯᠡᠬᠦ ᠶᠢᠨ ᠬᠠᠮᠲᠤ ᠪᠠᠰᠠ | ᠬᠠᠯᠠᠭᠤᠨ ᠰᠡᠳᠬᠢᠯᠭᠡ ᠪᠠᠷ ᠦᠵᠡᠭᠴᠢᠳ ᠤᠨ ᠵᠦᠭ ᠭᠠᠷ ᠳᠠᠯᠠᠯᠤᠨ ᠮᠡᠨᠳᠦᠴᠢᠯᠡᠵᠦ᠂ ᠠᠯᠳᠠ ᠶᠡᠭᠡ ᠵᠡᠭᠡᠯᠢ ᠪᠠᠷ | ᠨᠢᠭᠡ ᠤᠳᠠᠭᠠᠨ ᠤ ᠪᠠᠶᠠᠷ ᠪᠠᠶᠠᠰᠬᠤᠯᠠᠩᠲᠤ ᠲᠣᠭᠤᠷᠢᠨ ᠲᠣᠭᠯᠠᠯᠲᠠ ᠨᠡᠭᠡᠭᠡᠵᠦ᠂ ᠦᠵᠡᠭᠴᠢᠳ ᠢ ᠳᠠᠭᠠᠭᠤᠯᠤᠨ ︽ | ᠬᠠᠯᠠᠭᠤᠨ ᠳᠤᠯᠠᠭᠠᠨ︾ ᠢᠶᠠᠷ ᠬᠥᠷ ᠬᠥᠭᠵᠢᠶᠡᠨ ᠲᠠᠢ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠭᠤᠷ | ᠠᠮᠢᠰᠬᠤᠯ ᠢᠶᠠᠷ ᠵᠤᠭᠠᠴᠠᠪᠠ᠃ | | | | | | ᠲᠣᠭᠤᠷᠢᠨ ᠲᠣᠭᠯᠠᠯᠲᠠ ᠳᠠᠭᠤᠰᠤᠭᠰᠠᠨ ᠤ ᠳᠠᠷᠠᠭ᠎ᠠ᠂ ᡁᠢ ᠰᠢᠩ ᠲᠠᠯᠠᠪᠠᠢ ᠳᠤ ᠬᠠᠷᠠᠩᠭ᠎ᠠ ᠬᠡᠩᠭᠡᠷᠭᠡ ᠶᠢᠨ | ᠳᠠᠭᠤᠨ ᠳᠠᠬᠢᠨᠲᠠ ᠲᠡᠭᠳᠡᠪᠡ᠃ ᠶᠠᠩᠭᠠᠷ ᠤᠨ ᠠᠩᠭᠢ ᠶᠢᠨ ᠭᠡᠰᠢᠭᠦᠳ ᠤᠨ ᠴᠤᠭ ᠵᠢᠪᠬᠤᠭ᠎ᠠ ᠪᠠᠳᠠᠷᠠᠩᠭᠤᠢ᠂ ᠭᠠᠷ | ᠳᠣᠲᠣᠷᠠᠬᠢ ᠳᠡᠪᠢᠭᠦᠷ ᠳᠡᠭᠳᠡᠵᠦ ᠨᠢᠰᠴᠦ ᠪᠦᠵᠢᠭᠯᠡᠨ᠎ᠡ︔ ᠡᠯᠵᠢᠭᠡ ᠲᠣᠭᠯᠠᠭᠴᠢᠳ ᠴᠣᠪᠣᠭᠤ ᠳᠡᠭᠵᠢᠨ ᠪᠠᠶᠢᠵᠤ᠂ | ᠦᠰᠦᠷᠴᠦ ᠬᠠᠷᠠᠶᠢᠬᠤ ᠨᠢ ᠭᠠᠢᠬᠠᠯᠳᠠᠢ᠃ ᠲᠡᠳᠡ ᠪᠠᠶᠠᠷ ᠬᠦᠷ ᠲᠠᠢ ᠠᠯᠬᠤᠭ᠎ᠠ ᠪᠠᠷ ᠡᠯ᠎ᠡ ᠵᠦᠢᠯ ᠤᠨ ᠡᠩᠨᠡᠭᠡ ᠪᠠᠨ | ᠲᠠᠰᠤᠷᠠᠯᠲᠠ ᠥᠭᠡᠢ ᠥᠭᠡᠷᠡᠴᠢᠯᠡᠵᠦ᠃ ᠲᠣᠭᠯᠠᠯᠲᠠ ᠳᠤ᠂ ᠤᠷᠠᠨ ᠰᠠᠶᠢᠬᠠᠨ ᠵᠢᠷᠤᠵᠤ ᠲᠥᠯᠥᠪᠯᠡᠭᠰᠡᠨ ᠶᠠᠩᠭᠠᠷ | ᠵᠦᠴᠦᠭᠡ ᠶᠢᠨ ᠪᠠᠶᠢᠳᠠᠯ ᠵᠢᠴᠢ ︽ᠵᠢᠵᠢᠭ ᠬᠠᠷ᠎ᠠ ᠲᠣᠯᠢ︾ ᠠᠪᠠᠭ᠎ᠠ ᠪᠣᠯᠤᠨ ︽ᠬᠤᠭᠤᠰᠣᠨ ᠲᠣᠯᠢ︾ ᠶᠢᠨ ᠱᠤᠭ | ᠶᠦᠮᠦᠷᠯᠢᠭ ᠲᠦᠷᠢ ᠨᠢ᠂ ᠲᠠᠯᠠᠪᠠᠢ ᠳᠠᠶᠠᠭᠠᠷ ᠦᠵᠡᠭᠴᠢᠳ ᠤᠨ ᠬᠦᠷᠢᠶᠡᠯᠡᠯ ᠢ ᠣᠯᠵᠤ᠂ ᠨᠢᠵᠢᠭᠢᠨᠡᠲᠡᠯ᠎ᠡ ᠠᠯᠠᠭ᠎ᠠ | ᠲᠠᠰᠢᠪᠠ᠃ ᠲᠣᠭᠯᠠᠭᠴᠢᠳ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ᠂ ᠦᠵᠡᠭᠴᠢᠳ ᠤᠨ ᠳᠤᠮᠳᠠ | ᠰᠣᠭᠲᠣᠭᠤᠷᠠᠵᠤ᠂ ᠴᠢᠷᠠᠢ ᠳᠤᠨᠢ ᠵᠣᠯ ᠵᠢᠷᠭᠠᠯᠲᠤ ᠢᠨᠢᠶᠡᠮᠰᠦᠭᠯᠡᠯ ᠪᠢᠯᠬᠠᠵᠤ᠂ ᠬᠠᠬᠢᠷ ᠬᠦᠢᠲᠡᠨ ᠢ ᠮᠠᠷᠲᠠᠵᠤ ᠪᠠᠶᠢᠯ᠎ᠠ᠃ | ᠬᠡᠩᠭᠡᠷᠭᠡ ᠶᠢᠨ ᠳᠠᠭᠤᠨ᠂ ᠭᠤᠶᠢᠳᠠ ᠰᠠᠶᠢᠬᠠᠨ ᠥᠩᠭᠡᠲᠦ ᠳᠡᠪᠢᠭᠦᠷ᠂ ᠪᠠᠶᠠᠷ ᠬᠦᠷ ᠲᠠᠢ ᠶᠠᠩᠭᠠᠷ ᠪᠥᠵᠢᠭᠯᠡᠵᠦ᠂ | ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠠᠷᠠᠳ ᠤᠨ ᠵᠠᠩ ᠦᠢᠯᠡ ᠶᠢ ᠬᠠᠮᠲᠤ ᠪᠠᠷ | ᠵᠢᠷᠤᠭᠯᠠᠪᠠ᠃ | ᠲᠤᠰ ᠤᠳᠠᠭᠠᠨ ᠤ ᠶᠠᠩᠭᠠᠷ ᠪᠥᠵᠢᠭ ᠤᠨ ᠦᠵᠡᠭᠦᠯᠭᠡ ᠶᠢᠨ ᠲᠣᠭᠯᠠᠯᠲᠠ ᠨᠢ ᠰᠢᠯᠢᠳᠡᠭ ᠤᠯᠠᠮᠵᠢᠯᠠᠯᠲᠤ | ᠠᠷᠠᠳ ᠤᠨ ᠵᠠᠩ ᠦᠢᠯᠡ ᠶᠢᠨ ᠰᠣᠶᠣᠯ ᠳᠤ ᠳᠡᠯᠭᠡᠨ ᠦᠵᠡᠭᠦᠯᠬᠦ ᠪᠠ ᠰᠣᠯᠢᠯᠴᠠᠬᠤ ᠲᠠᠪᠴᠠᠩ ᠢ ᠪᠠᠶᠢᠭᠤᠯᠵᠤ | ᠥᠭᠭᠦᠭᠰᠡᠨ ᠢᠶᠠᠷ ᠪᠠᠷᠠᠬᠤ ᠦᠭᠡᠢ᠂ ᠨᠡᠩ ᠴᠤ ᠥᠷᠭᠡᠨ ᠣᠯᠠᠨ ᠲᠦᠮᠡᠨ ᠳᠤ ᠪᠠᠶᠠᠯᠢᠭ ᠰᠠᠶᠢᠬᠠᠨ ᠠᠵᠢᠯᠯᠠᠭ᠎ᠠ ᠳᠤᠮᠳᠠ | ᠪᠠᠶᠠᠷ ᠤᠨ ᠡᠳᠦᠷ ᠤᠨ ᠠᠭᠤᠷ ᠠᠮᠢᠰᠬᠤᠯ ᠪᠠ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠨᠵᠡᠭᠡᠢ | ᠮᠡᠳᠡᠷᠡᠭᠦᠯᠪᠡ᠃ ᠳᠠᠷᠠᠭᠠᠴᠢ ᠶᠢᠨ ᠠᠯᠬᠤᠮ ᠳᠤ᠂ ᠰᠢᠶᠠ ᠱᠢ ᠬᠤᠤ ᠪᠠᠯᠭᠠᠰᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ | ᠰᠣᠶᠣᠯ ᠤᠨ ᠦᠢᠯᠡᠰ ᠤᠨ ᠬᠥᠭᠵᠢᠯᠲᠡ ᠳᠤ ᠦᠷᠭᠦᠯᠵᠢᠯᠡᠨ ᠬᠦᠴᠦᠯᠡᠵᠦ᠂ ᠣᠯᠠᠨ ᠶᠠᠩᠵᠤ ᠶᠢᠨ ᠬᠡᠯᠪᠡᠷᠢ ᠲᠠᠢ᠂ | ᠪᠠᠶᠠᠯᠢᠭ ᠠᠭᠤᠯᠭ᠎ᠠ ᠲᠠᠢ ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ | ᠲᠣᠰᠬᠤᠨ ᠤ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ | ᠲᠠᠰᠤᠷᠠᠯᠲᠠ ᠦᠭᠡᠢ ᠬᠠᠩᠭᠠᠵᠤ᠂ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ ᠪᠠᠶᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠡ ᠭᠡᠪᠡ᠃ | |