ᠰᠢᠶᠠ ᠱᠢ ᠬᠤᠤ ᠪᠠᠯᠭᠠᠰᠤ ︽ᠲᠠᠪᠤ ᠶᠢ ᠬᠤᠯᠪᠣᠭᠠᠯᠠᠵᠤ ᠲᠠᠪᠤ ᠶᠢ ᠠᠳᠬᠤᠬᠤ︾ ᠨᠠᠮ ᠤᠨ ᠪᠠᠶᠢᠭᠤᠯᠤᠯᠲᠠ ᠶᠢᠨ ᠣᠨᠴᠠᠯᠢᠭᠲᠤ ᠨᠡᠷᠡᠲᠦ ᠲᠡᠮᠳᠡᠭ ᠢ ᠡᠭᠦᠳᠴᠦ᠂ ᠲᠣᠰᠬᠤᠨ ᠤ ᠨᠠᠮ ᠤᠨ ᠡᠭᠦᠷ ᠤᠨ ᠪᠦᠯᠬᠦᠮᠳᠡᠨ ᠬᠥᠭᠵᠢᠬᠦ ᠶᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2025/2/18
    ᠡᠬᠢ ᠪᠠᠶᠠᠯᠢᠭ ᠪᠣᠯᠤᠨ ᠰᠠᠯᠠᠭ᠎ᠠ ᠮᠥᠴᠢᠷ ᠤᠨ ᠬᠠᠪᠰᠤᠷᠤᠨ ᠲᠡᠳᠬᠦᠬᠦ ᠬᠦᠴᠦᠨ ᠢ ᠤᠯᠠᠮ ᠨᠢᠭᠡ ᠠᠯᠬᠤᠮ ᠨᠢᠭᠡᠳᠦᠯᠲᠡᠢ ᠲᠥᠯᠥᠪᠵᠢᠭᠦᠯᠵᠦ᠂ ᠲᠣᠰᠬᠤᠨ ᠤ ᠱᠠᠲᠤᠨ ᠤ ᠨᠠᠮ ᠤᠨ ᠡᠭᠦᠷ ᠤᠨ ︽ᠭᠠᠭᠴᠠᠭᠠᠷ ᠲᠡᠮᠡᠴᠡᠵᠦ︾ ᠪᠠᠶᠢᠭᠰᠠᠨ ᠠᠴᠠ ︽ᠪᠦᠯᠬᠦᠮᠳᠡᠵᠦ ᠪᠠᠶᠢᠯᠳᠤᠬᠤ︾ ᠬᠦᠷᠲᠡᠯ᠎ᠡ᠂ ᠰᠢᠶᠠ ᠱᠢ ᠬᠤᠤ ᠪᠠᠯᠭᠠᠰᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠭᠤᠣᠯ ᠰᠡᠳᠦᠪᠲᠦ ᠨᠠᠮ ᠤᠨ ᠡᠳᠦᠷ︾ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠪᠠᠭ᠎ᠠ ᠲᠠᠯ᠎ᠠ ᠠᠴᠠ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠡᠭᠦᠷ ᠬᠠᠮᠲᠤᠷᠠᠨ ᠪᠦᠲᠦᠭᠡᠨ ᠪᠠᠶᠢᠭᠤᠯᠤᠯᠲᠠ ᠶᠢ ᠠᠳᠬᠤᠬᠤ ᠂ ᠨᠠᠮ ᠤᠨ ᠭᠡᠰᠢᠭᠦᠨ ᠬᠤᠯᠪᠣᠭᠠᠯᠠᠨ ᠬᠥᠳᠡᠯᠦᠯᠴᠡᠵᠦ ᠨᠢᠭᠲᠠᠷᠠᠬᠤ ᠶᠢ ᠠᠳᠬᠤᠬᠤ᠂ ᠠᠵᠢᠯᠯᠠᠭ᠎ᠠ ᠶᠢ ᠬᠠᠮᠲᠤᠷᠠᠨ ᠡᠷᠬᠢᠯᠡᠵᠦ ᠨᠡᠶᠢᠳᠬᠡᠬᠦ ᠶᠢ ᠠᠳᠬᠤᠬᠤ᠂ ᠲᠣᠰᠬᠤᠨ ᠤ ᠠᠷᠠᠳ ᠬᠠᠮᠲᠤᠷᠠᠨ ᠦᠨᠡᠯᠡᠵᠦ ᠵᠠᠰᠠᠯᠲᠠ ᠶᠢ ᠠᠳᠬᠤᠬᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠠᠮᠲᠤᠷᠠᠨ ᠠᠳᠬᠤᠬᠤ ︽ᠲᠠᠪᠤ ᠶᠢ ᠬᠤᠯᠪᠣᠭᠠᠯᠠᠵᠤ ᠲᠠᠪᠤ ᠶᠢ ᠠᠳᠬᠤᠬᠤ ︾ ᠨᠠᠮ ᠤᠨ ᠪᠠᠶᠢᠭᠤᠯᠤᠯᠲᠠ ᠶᠢᠨ ᠣᠨᠴᠠᠯᠢᠭᠲᠤ ᠲᠦᠷᠦᠯ ᠲᠡᠮᠳᠡᠭ ᠢ ᠬᠡᠷᠡᠭᠵᠢᠭᠦᠯᠵᠦ᠂ ︽ᠬᠠᠮᠲᠤ ᠪᠠᠷ ᠪᠠᠶᠢᠭᠤᠯᠬᠤ᠂ ᠬᠠᠮᠲᠤ ᠪᠠᠷ ᠠᠳᠬᠤᠬᠤ᠂ ᠬᠠᠮᠲᠤ ᠪᠠᠷ ᠡᠳ᠋ᠯᠡᠬᠦ᠂ ᠬᠠᠮᠲᠤ ᠪᠠᠷ ᠵᠠᠰᠠᠬᠤ᠂ ᠬᠠᠮᠲᠤ ᠪᠠᠷ ᠡᠷᠬᠢᠯᠡᠬᠦ︾ ᠬᠥᠳᠡᠭᠡ ᠲᠣᠰᠬᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠷᠢᠰᠢᠯ ᠢ ᠬᠦᠴᠦᠯᠡᠨ ᠪᠣᠢ ᠪᠣᠯᠭᠠᠪᠠ᠃  ᠨᠢᠭᠡ ᠳᠤ᠂ ᠨᠠᠮ ᠤᠨ ᠡᠭᠦᠷ ᠬᠠᠮᠲᠤᠷᠠᠨ ᠪᠦᠲᠦᠭᠡᠨ ᠪᠠᠶᠢᠭᠤᠯᠤᠯᠲᠠ ᠶᠢ ᠠᠳᠬᠤᠪᠠ᠃ ᠲᠣᠰᠬᠤᠨ ᠤ ᠱᠠᠲᠤᠨ ᠤ ᠨᠠᠮ ᠤᠨ ᠡᠭᠦᠷ ᠡᠬᠢ ᠪᠠᠶᠠᠯᠢᠭ ᠢ ᠨᠡᠶᠢᠳᠬᠡᠬᠦ᠂ ᠲᠤᠷᠰᠢᠯᠭ᠎ᠠ ᠶᠢ ᠬᠠᠮᠲᠤᠪᠠᠷ ᠡᠳ᠋ᠯᠡᠬᠦ ᠪᠠ ᠬᠠᠮᠵᠢᠯᠴᠠᠨ ᠬᠠᠮᠲᠤᠷᠠᠯᠴᠠᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠴᠣ ᠰᠢᠨ᠎ᠡ ᠠᠷᠭ᠎ᠠ ᠵᠠᠮ ᠢ ᠨᠡᠭᠡᠭᠡᠪᠡ᠃ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠲᠦᠷᠦᠭᠦᠯᠡᠨ ᠬᠢᠵᠦ᠂ 16 ᠲᠣᠰᠬᠤᠨ ᠤ ᠱᠠᠲᠤᠨ ᠤ ᠨᠠᠮ ᠤᠨ ᠡᠭᠦᠷ ᠪᠣᠯᠤᠨ 2 ᠨᠡᠶᠢᠲᠡ ᠶᠢᠨ ᠥᠮᠴᠢᠯᠡᠯ ᠤᠨ ᠪᠤᠰᠤ ᠨᠠᠮ ᠤᠨ ᠡᠭᠦᠷ ᠢ ︽ᠣᠷᠣᠨ ᠪᠦᠰᠡ ᠨᠢ ᠬᠥᠷᠰᠢ ᠵᠡᠷᠭᠡᠯᠡᠳᠡᠭᠡ᠂ ᠠᠵᠤ ᠦᠢᠯᠡᠰ ᠨᠢ ᠣᠶᠢᠷᠠᠯᠴᠠᠭ᠎ᠠ᠂ ᠬᠠᠮᠲᠤᠷᠠᠯᠴᠠᠵᠤ ᠬᠠᠮᠲᠤᠪᠠᠷ ᠠᠰᠢᠭ ᠬᠦᠷᠲᠡᠬᠦ︾ ᠵᠠᠷᠴᠢᠮ ᠶᠣᠰᠣᠭᠠᠷ᠂ 4 ᠨᠠᠮ ᠤᠨ ᠡᠭᠦᠷ ᠤᠨ ᠬᠠᠮᠲᠤᠷᠠᠭᠰᠠᠨ ᠬᠡᠰᠡᠭ ᠲᠣᠭᠤᠷᠢᠭ ᠬᠤᠪᠢᠶᠠᠵᠤ᠂ ︽ᠬᠠᠮᠲᠤᠷᠠᠭᠰᠠᠨ ᠲᠠᠷᠢᠶᠠᠴᠢᠨ ᠡᠷᠦᠬᠡ︾ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠵᠤ ᠠᠵᠢᠯ ᠤᠨ ᠲᠤᠷᠰᠢᠯᠭ᠎ᠠ ᠪᠠᠨ ᠰᠣᠯᠢᠯᠴᠠᠵᠤ ᠰᠤᠳᠤᠯᠤᠨ ᠶᠠᠷᠢᠯᠴᠠᠬᠤ ᠬᠤᠷᠠᠯ ᠬᠢᠵᠦ᠂ ᠡᠯ᠎ᠡ ᠲᠣᠰᠬᠤᠨ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠨᠠᠮ ᠤᠨ ᠭᠡᠰᠢᠭᠦᠨ ᠤ ᠬᠠᠮᠢᠶᠠᠷᠤᠯᠲᠠ᠂ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠵᠡᠷᠭᠡ ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ ᠪᠠᠨ ᠬᠤᠪᠢᠶᠠᠯᠴᠠᠵᠤ᠂ ︽ᠨᠠᠮ ᠤᠨ ᠶᠠᠪᠤᠳᠠᠯ ᠢ ᠬᠠᠮᠲᠤ ᠪᠠᠷ ᠠᠳᠬᠤᠬᠤ᠂ ᠣᠨᠣᠯ ᠤᠨ ᠲᠠᠯ᠎ᠠ ᠪᠠᠷ ᠬᠠᠮᠲᠤ ᠪᠠᠷ ᠰᠤᠷᠤᠯᠴᠠᠬᠤ᠂ ᠲᠤᠬᠠᠶᠢᠯᠠᠭᠰᠠᠨ ᠠᠵᠢᠯ ᠢ ᠬᠠᠮᠲᠤ ᠪᠠᠷ ᠠᠬᠢᠭᠤᠯᠬᠤ᠂ ᠲᠤᠷᠰᠢᠯᠭ᠎ᠠ ᠶᠢ ᠬᠠᠮᠲᠤ ᠪᠠᠷ ᠡᠳ᠋ᠯᠡᠬᠦ︾ ᠠᠵᠢᠯ ᠤᠨ ᠬᠦᠷᠢᠶ᠎ᠡ ᠶᠢ ᠪᠠᠶᠢᠭᠤᠯᠤᠨ ᠬᠦᠴᠦᠷᠬᠡᠭᠵᠢᠭᠦᠯᠵᠦ᠂ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠬᠠᠷᠢᠯᠴᠠᠨ ᠠᠭᠤᠰᠤᠯᠴᠠᠵᠤ ᠬᠠᠷᠢᠯᠴᠠᠨ ᠠᠬᠢᠭᠤᠯᠵᠤ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠶᠢ ᠠᠬᠢᠭᠤᠯᠵᠤ᠂ ᠨᠠᠮ ᠤᠨ ᠡᠭᠦᠷ ᠤᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠪᠠᠲᠤ ᠴᠢᠩᠭ᠎ᠠ ᠪᠠᠬᠢᠯᠡᠯᠲᠡ ᠶᠢ ᠬᠠᠮᠲᠤ ᠪᠠᠷ ᠪᠠᠶᠢᠭᠤᠯᠪᠠ᠃   ᠬᠤᠶᠠᠷ ᠲᠤ᠂ ᠨᠠᠮ ᠤᠨ ᠭᠡᠰᠢᠭᠦᠨ ᠬᠤᠯᠪᠣᠭᠠᠯᠠᠨ ᠬᠥᠳᠡᠯᠦᠯᠴᠡᠵᠦ ᠨᠢᠭᠲᠠᠷᠠᠭᠤᠯᠬᠤ ᠶᠢ ᠠᠳᠬᠤᠪᠠ᠃ ᠣᠳᠣᠬᠠᠨ ᠳᠤ ᠲᠣᠰᠬᠤᠨ ᠤ ᠱᠠᠲᠤᠨ ᠤ ᠨᠠᠮ ᠤᠨ ᠡᠭᠦᠷ ᠲᠤ ᠪᠠᠶᠢᠩᠭᠤ ᠰᠠᠭᠤᠭ᠎ᠠ ᠨᠠᠮ ᠤᠨ ᠭᠡᠰᠢᠭᠦᠨ ᠴᠥᠭᠡᠨ ᠪᠤᠰᠤ ᠠᠰᠠᠭᠤᠳᠠᠯ ᠳᠤ ᠲᠤᠯᠭᠠᠷᠠᠵᠤ ᠪᠠᠶᠢᠨ᠎ᠠ᠂ ᠲᠣᠭᠤᠷᠢᠭ ᠳᠣᠲᠣᠷᠠᠬᠢ ᠡᠮᠡᠭᠲᠡᠶᠢᠴᠦᠳ ᠤᠨ ᠨᠠᠮ ᠤᠨ ᠠᠵᠢᠯ ᠢ ᠬᠠᠮᠲᠤ ᠳᠤ ᠨᠢ ᠦᠨᠡᠯᠡᠬᠦ᠂ ᠬᠠᠮᠲᠤ ᠪᠠᠷ ᠤᠯᠤᠰ ᠤᠨ ᠲᠥᠷᠥᠭᠰᠡᠨ ᠡᠳᠦᠷ ᠢ ᠬᠠᠮᠲᠤ ᠪᠠᠷ ᠥᠩᠭᠡᠷᠡᠭᠦᠯᠬᠦ᠂ ᠨᠠᠮ ᠤᠨ ᠭᠡᠰᠢᠭᠦᠨ ᠪᠢᠯᠧᠲ ᠥᠭᠬᠦ ᠪᠠᠷ ᠴᠢᠷᠮᠠᠶᠢᠬᠤ ᠶᠢ ᠬᠠᠮᠲᠤ ᠪᠠᠷ ᠰᠣᠯᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶ᠎ᠡ ᠦᠵᠡᠭᠦᠯᠬᠦ᠂ ᠳᠠᠶᠢᠴᠢᠯᠠᠬᠤ᠂ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠯᠪᠣᠭᠠᠯᠠᠨ ᠬᠥᠳᠡᠯᠦᠯᠴᠡᠵᠦ ᠬᠤᠪᠢᠰᠬᠠᠯ ᠤᠨ ᠬᠦᠴᠦᠨ ᠢ ᠨᠢᠭᠲᠠᠷᠠᠭᠤᠯᠤᠨ᠂ ᠨᠢᠭᠲᠠ ᠬᠤᠪᠢᠰᠬᠠᠯᠲᠤ ᠰᠦᠯᠵᠢᠶ᠎ᠡ ᠶᠢ ᠵᠣᠬᠢᠶᠠᠨ ᠪᠠᠶᠢᠭᠤᠯᠪᠠ᠃ ᠡᠯ᠎ᠡ ᠬᠠᠮᠲᠤᠷᠠᠨ ᠪᠠᠶᠢᠭᠤᠯᠤᠭᠰᠠᠨ ᠬᠡᠰᠡᠭ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠣᠷᠣᠨ ᠪᠦᠰᠡ ᠶᠢᠨ ᠬᠢᠵᠠᠭᠠᠷᠯᠠᠯ ᠢ ᠡᠪᠳᠡᠵᠦ᠂ ᠨᠠᠮ ᠤᠨ ᠭᠡᠰᠢᠭᠦᠨ ᠤ ᠰᠣᠯᠢᠯᠴᠠᠭ᠎ᠠ ᠦᠢᠯᠡᠳᠦᠯᠴᠡᠯ ᠤᠨ ᠲᠠᠪᠴᠠᠩ ᠢ ᠬᠠᠮᠲᠤᠷᠠᠨ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠳᠡᠰ ᠳᠡᠪᠰᠢᠬᠦ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠵᠠᠩᠭᠢᠯᠠᠭ᠎ᠠ ᠶᠢᠨ ᠵᠥᠪᠯᠡᠬᠦ ᠰᠡᠳᠦᠪ ᠤᠨ ᠲᠣᠭᠤᠷᠢᠨ ᠳᠤ ᠥᠪᠡᠷ ᠥᠪᠡᠷ ᠤᠨ ᠰᠠᠨᠠᠯ ᠢᠶᠠᠨ ᠶᠠᠷᠢᠵᠤ᠂ ᠲᠤᠷᠰᠢᠯᠭ᠎ᠠ ᠪᠠ ᠦᠵᠡᠯᠲᠡ ᠪᠠᠨ ᠬᠤᠪᠢᠶᠠᠯᠴᠠᠵᠤ᠂ ᠨᠠᠮ ᠤᠨ ᠭᠡᠰᠢᠭᠦᠳ ᠲᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠰᠤᠳᠤᠯᠤᠨ ᠶᠠᠷᠢᠯᠴᠠᠬᠤ ᠳᠤᠮᠳᠠ ᠣᠶᠢᠯᠠᠭᠠᠯᠲᠠ ᠪᠠᠨ ᠨᠡᠮᠡᠭᠳᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠬᠦ ᠬᠡᠷᠡᠭᠲᠡᠢ᠃ ᠲᠣᠰᠬᠤᠨ ᠤ ᠱᠠᠲᠤᠨ ᠤ ᠨᠠᠮ ᠤᠨ ᠭᠡᠰᠢᠭᠦᠨ ᠬᠤᠯᠪᠣᠭᠠᠯᠠᠨ ᠬᠥᠳᠡᠯᠦᠯᠴᠡᠬᠦ ᠶᠠᠪᠤᠴᠠ ᠳᠤ᠂ ᠨᠠᠮ ᠤᠨ ᠭᠡᠰᠢᠭᠦᠨ ᠤ ᠪᠡᠶ᠎ᠡ ᠭᠡᠮ ᠤᠨ ᠤᠬᠠᠮᠰᠠᠷ ᠬᠢᠭᠡᠳ ᠬᠠᠷᠢᠭᠤᠴᠠᠯᠭ᠎ᠠ ᠶᠢᠨ ᠤᠬᠠᠮᠰᠠᠷ ᠲᠠᠰᠤᠷᠠᠯᠲᠠ ᠦᠭᠡᠢ ᠴᠢᠩᠭᠠᠷᠠᠵᠤ᠂ ᠨᠠᠮ ᠤᠨ ᠭᠡᠰᠢᠭᠦᠨ ᠤ ︽ᠬᠤᠪᠢᠰᠬᠠᠯᠲᠤ ᠭᠠᠯᠠᠭᠤ︾ ᠶᠢ ᠨᠢᠭᠲᠠᠷᠠᠭᠤᠯᠤᠨ ᠪᠦᠷᠢᠯᠳᠦᠭᠦᠯᠬᠦ ᠳᠤ ᠰᠠᠭᠤᠷᠢ ᠲᠠᠯᠪᠢᠪᠠ᠃   ᠭᠤᠷᠪᠠ ᠳᠤ᠂ ᠠᠵᠢᠯᠯᠠᠭ᠎ᠠ ᠶᠢ ᠬᠠᠮᠲᠤᠷᠠᠨ ᠡᠷᠬᠢᠯᠡᠵᠦ ᠡᠮᠬᠢᠯᠡᠨ ᠨᠡᠶᠢᠯᠡᠭᠦᠯᠬᠦ ᠶᠢ ᠠᠳᠬᠤᠪᠠ᠃ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠠᠶᠢᠯ ᠲᠣᠰᠬᠤᠨ ᠤ ᠵᠠᠭᠠᠭ ᠬᠢᠵᠠᠭᠠᠷ ᠢ ᠡᠪᠳᠡᠵᠦ᠂ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢᠨ ᠬᠠᠮᠲᠤᠷᠠᠭᠰᠠᠨ ᠠᠯᠪᠠᠨ ᠭᠡᠷ ᠨᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠪᠠ ᠠᠭᠤᠯᠤᠭᠳᠠᠬᠤᠨ ᠨᠡᠮᠡᠷᠢᠯᠡᠪᠡ᠃ ︽ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠬᠥᠲᠥᠯᠥᠨ ᠳᠠᠭᠠᠭᠤᠯᠬᠤ᠂ ᠬᠠᠮᠲᠤᠷᠠᠨ ᠪᠠᠶᠢᠭᠤᠯᠬᠤ ᠬᠡᠰᠡᠭ ᠲᠣᠭᠤᠷᠢᠭ ᠬᠠᠮᠵᠢᠯᠴᠠᠬᠤ᠂ ᠨᠠᠮ ᠤᠨ ᠭᠡᠰᠢᠭᠦᠨ ᠲᠦᠷᠦᠭᠦᠯᠡᠬᠦ᠂ ᠣᠯᠠᠨ ᠲᠦᠮᠡᠨ ᠣᠷᠣᠯᠴᠠᠬᠤ︾ ᠶᠢ ᠪᠠᠶᠢᠭᠤᠯᠵᠤ᠂ ᠡᠯ᠎ᠡ ᠲᠣᠭᠤᠷᠢᠭ ᠳᠣᠲᠣᠷᠠᠬᠢ ᠨᠠᠮ ᠤᠨ ᠡᠭᠦᠷ ᠬᠠᠮᠲᠤᠪᠠᠷ ︽ᠭᠤᠣᠯ ᠰᠡᠳᠦᠪᠲᠦ ᠨᠠᠮ ᠤᠨ ᠡᠳᠦᠷ ︾ ᠤᠨ ᠠᠵᠢᠯᠯᠠᠭ᠎ᠠ ᠶᠢ ᠡᠷᠬᠢᠯᠡᠵᠦ᠂ ᠰᠠᠷ᠎ᠠ ᠪᠦᠷᠢ ︽ᠵᠢᠵᠢᠭ ᠨᠠᠷᠢᠯᠢᠭ ᠲᠤᠰᠬᠠᠢ ᠠᠵᠢᠯᠯᠠᠭᠠᠨ︾ ᠤ ᠠᠵᠢᠯᠯᠠᠭ᠎ᠠ ᠶᠢᠨ ᠭᠤᠣᠯ ᠰᠡᠳᠦᠪ ᠢ ᠲᠣᠭᠲᠠᠭᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠡᠶᠢᠯᠡᠮᠡᠯ ᠬᠦᠴᠦᠨ ᠢ ᠨᠢᠭᠲᠠᠷᠠᠭᠤᠯᠤᠨ ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ᠃ ᠲᠤᠷᠰᠢᠯᠭ᠎ᠠ ᠪᠠᠨ ᠰᠣᠯᠢᠯᠴᠠᠬᠤ ᠠᠵᠢᠯᠯᠠᠭ᠎ᠠ ᠶᠢ ᠬᠠᠮᠲᠤᠷᠠᠨ ᠡᠷᠬᠢᠯᠡᠵᠦ᠂ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠪᠠᠶᠢᠭᠤᠯᠤᠯᠲᠠ ᠶᠢᠨ ᠲᠤᠷᠰᠢᠯᠭ᠎ᠠ ᠪᠠᠨ ᠰᠣᠯᠢᠯᠴᠠᠨ ᠡᠳ᠋ᠯᠡᠬᠦ ᠬᠤᠷᠠᠯ ᠥᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠨᠠᠮ ᠤᠨ ᠭᠡᠰᠢᠭᠦᠨ ᠤ ᠬᠠᠮᠢᠶᠠᠷᠤᠯᠲᠠ᠂ ᠠᠵᠢᠯᠯᠠᠭ᠎ᠠ ᠥᠷᠨᠢᠭᠦᠯᠬᠦ ᠵᠡᠷᠭᠡ ᠲᠠᠯ᠎ᠠ ᠶᠢᠨ ᠰᠢᠨ᠎ᠡ ᠶᠢ ᠡᠭᠦᠳᠦᠭᠰᠡᠨ ᠠᠷᠭ᠎ᠠ ᠬᠢᠳᠡᠯ ᠪᠣᠯᠤᠨ ᠦᠷ᠎ᠡ ᠪᠦᠲᠦᠮᠵᠢ ᠪᠠᠨ ᠰᠣᠯᠢᠯᠴᠠᠵᠤ ᠯᠠᠪᠯᠠᠯᠲᠠ ᠪᠣᠯᠭᠠᠬᠤ ᠪᠠᠷ ᠳᠠᠮᠵᠢᠭᠤᠯᠤᠨ᠂ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠢᠯ ᠤᠨ ᠠᠷᠭ᠎ᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃    ᠳᠥᠷᠪᠡ ᠳᠤ᠂ ᠲᠣᠰᠬᠤᠨ ᠤ ᠠᠷᠠᠳ ᠬᠤᠯᠪᠣᠭᠠᠯᠠᠨ ᠦᠨᠡᠯᠡᠵᠦ ᠵᠠᠰᠠᠯᠲᠠ ᠶᠢ ᠠᠳᠬᠤᠪᠠ᠃ ᠲᠣᠰᠬᠤᠨ ᠤ ᠠᠷᠠᠳ ᠲᠣᠰᠬᠤᠨ ᠤ ︽ᠬᠤᠶᠠᠷ ᠵᠥᠪᠯᠡᠯ︾ ᠤᠨ ᠠᠵᠢᠯ ᠢ ᠬᠠᠮᠲᠤᠷᠠᠨ ᠦᠨᠡᠯᠡᠵᠦ᠂ ᠲᠣᠰᠬᠤᠨ ᠤ ᠠᠷᠠᠳ ᠢᠶᠠᠷ ᠭᠤᠣᠯ ᠴᠣᠭᠴᠠ ᠪᠣᠯᠭᠠᠨ᠂ ᠲᠣᠰᠬᠤᠨ ᠤ ᠠᠷᠠᠳ ᠤᠨ ᠳᠤᠮᠳᠠ ︽ᠳᠡᠷᠭᠡᠳᠡᠬᠢ ᠬᠥᠮᠦᠨ᠂ ᠳᠡᠷᠭᠡᠳᠡᠬᠢ ᠶᠠᠪᠤᠳᠠᠯ︾ ᠢ ᠰᠢᠯᠭᠠᠨ ᠦᠨᠡᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠢ ᠴᠢᠳᠠᠮᠠᠭᠠᠢ ᠪᠠᠷ ᠠᠵᠢᠯᠯᠠᠭᠤᠯᠪᠠ︔ ᠲᠣᠰᠬᠤᠨ ᠤ ᠶᠠᠪᠤᠳᠠᠯ ᠢ ᠢᠯᠡ ᠪᠣᠯᠭᠠᠬᠤ᠂ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠣᠯᠠᠨ ᠨᠡᠶᠢᠲᠡ ᠶᠢᠨ ᠦᠢᠯᠡᠴᠢᠯᠡᠭᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠣᠯᠪᠠᠰᠤᠨ ᠨᠤᠲᠤᠭ ᠤᠨ ᠰᠤᠷᠲᠠᠯ ᠵᠡᠷᠭᠡ ᠣᠯᠠᠨ ᠲᠠᠯ᠎ᠠ ᠶᠢᠨ ᠬᠡᠷᠡᠭ ᠶᠠᠪᠤᠳᠠᠯ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠦᠨᠡᠯᠡᠯᠲᠡ ᠬᠢᠵᠦ᠂ ᠲᠣᠰᠬᠤᠨ ᠤ ᠱᠠᠲᠤᠨ ᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠮᠡᠳᠡᠭᠡ ᠵᠠᠩᠭᠢ ᠶᠢ ᠢᠯᠡ ᠲᠣᠳᠣ ᠪᠠᠶᠢᠯᠭᠠᠬᠤ ᠶᠢ ᠪᠠᠲᠤᠯᠠᠵᠤ᠂ ᠺᠠᠳ᠋ᠷᠴᠤᠳ ᠤᠨ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠠᠬᠢᠭᠤᠯᠵᠤ᠂ ᠲᠣᠰᠬᠤᠨ ᠤ ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠬᠠᠮᠲᠤᠪᠠᠷ ᠣᠷᠣᠯᠴᠠᠬᠤ ᠶᠢ ᠵᠣᠷᠢᠭᠵᠢᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠪᠣᠢ ᠪᠣᠯᠭᠠᠵᠤ᠂ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠪᠠᠶᠢᠷᠢᠰᠢᠯ ᠢ ᠠᠬᠢᠭᠤᠯᠬᠤ ᠬᠡᠷᠡᠭᠲᠡᠢ᠃    ᠲᠠᠪᠤ ᠳᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠡᠷᠭᠡᠪᠡᠷ ᠠᠳᠬᠤᠬᠤ ᠬᠡᠷᠡᠭᠲᠡᠢ᠃ ᠰᠢᠰᠲ᠋ᠧᠮ ᠲᠠᠢ ᠬᠠᠷᠢᠴᠠᠭᠤᠯᠤᠭᠰᠠᠨ ᠪᠠ ᠥᠷᠢᠰᠥᠯᠳᠦᠭᠡᠨ ᠤ ᠲᠣᠭᠲᠠᠴᠠ ᠶᠢ ᠪᠠᠶᠢᠭᠤᠯᠬᠤ ᠪᠠᠷ ᠳᠠᠮᠵᠢᠨ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠺᠠᠳ᠋ᠷ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠬᠥᠳᠡᠭᠡ ᠲᠣᠰᠬᠤᠨ ᠤ ᠵᠠᠰᠠᠯᠲᠠ ᠪᠣᠯᠤᠨ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠣᠰᠬᠤᠨ ᠠᠵᠤ ᠦᠢᠯᠡᠰ ᠢ ᠪᠤᠶᠢᠵᠢᠭᠤᠯᠬᠤ᠂ ᠬᠠᠮᠲᠤ ᠶᠢᠨ ᠠᠵᠤ ᠠᠬᠤᠢ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠥᠷᠢᠰᠥᠯᠳᠦᠭᠡᠨ ᠥᠷᠨᠢᠭᠦᠯᠵᠦ᠂ ᠵᠢᠯ ᠪᠦᠷᠢ ᠲᠣᠰᠬᠤᠨ ᠤ ᠬᠠᠮᠲᠤ ᠶᠢᠨ ᠠᠵᠤ ᠠᠬᠤᠢ ᠶᠢᠨ ︽ᠪᠦᠷᠢᠶ᠎ᠡ ᠬᠤᠷᠣᠬᠠᠢ ᠶᠢᠨ ᠱᠠᠩᠨᠠᠯ︾ ᠭᠠᠷᠭᠠᠵᠤ᠂ ᠬᠤᠰᠢᠭᠤᠴᠢ ᠠᠵᠢᠯ ᠤᠨ ᠪᠠᠶᠢᠷᠢ᠂ ᠤᠯᠠᠭᠠᠨ ᠬᠠᠷ᠎ᠠ ᠰᠠᠮᠪᠠᠷ᠎ᠠ ᠭᠠᠷᠭᠠᠵᠤ᠂ ᠰᠠᠷ᠎ᠠ ᠪᠦᠷᠢ ᠨᠢᠭᠡ ᠣᠳᠣ ᠶᠢ ᠰᠢᠯᠭᠠᠷᠠᠭᠤᠯᠵᠤ᠂ ︽ᠰᠢᠯᠢᠳᠡᠭ ᠠᠴᠠ ᠰᠤᠷᠤᠯᠴᠠᠵᠤ᠂ ᠨᠡᠶᠢᠲᠡᠯᠢᠭ ᠵᠢᠱᠢᠶ᠎ᠡ ᠪᠠᠷ ᠴᠢᠷᠮᠠᠶᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ ᠲᠣᠰᠬᠤᠨ ᠤ ᠱᠠᠲᠤᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠣᠨᠴᠠᠯᠢᠭᠲᠤ ᠲᠠᠷᠢᠶᠠᠯᠠᠩ ᠢ ᠶᠡᠬᠡᠪᠡᠷ ᠬᠥᠭᠵᠢᠭᠦᠯᠬᠦ᠂ ᠲᠡᠷᠢᠭᠦᠨ ᠤ ᠲᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠢ ᠣᠷᠣᠭᠤᠯᠤᠨ ᠠᠪᠴᠢᠷᠠᠬᠤ᠂ ᠰᠤᠯᠠ ᠪᠠᠶᠢᠭ᠎ᠠ ᠡᠳ᠋ ᠬᠥᠷᠥᠩᠭᠡ ᠶᠢ ᠢᠳᠡᠪᠬᠢᠲᠡᠢ ᠠᠮᠢᠳᠤᠯᠢᠭ ᠪᠣᠯᠭᠠᠬᠤ ᠵᠡᠷᠭᠡ ᠲᠠᠯ᠎ᠠ ᠠᠴᠠ ᠬᠤᠯᠪᠣᠭᠠᠯᠠᠨ ᠠᠳᠠᠯᠢᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠴᠤᠭᠯᠠᠭᠠᠨ ᠢ ᠵᠣᠬᠢᠶᠠᠨ ᠪᠠᠶᠢᠭᠤᠯᠵᠤ᠂ ᠡᠯ᠎ᠡ ᠲᠣᠰᠬᠤᠨ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠳᠤᠮᠳᠠ ᠬᠠᠷᠢᠯᠴᠠᠨ ᠰᠤᠷᠤᠯᠴᠠᠨ ᠲᠣᠯᠢᠳᠠᠭᠤᠯᠵᠤ᠂ ᠬᠡᠯᠪᠡᠷᠢ ᠨᠢ ᠣᠯᠠᠨ ᠶᠠᠩᠵᠤ ᠶᠢᠨ ᠪᠥᠭᠡᠳ ᠪᠣᠳᠠᠲᠤ ᠦᠷ᠎ᠡ ᠪᠦᠲᠦᠮᠵᠢ ᠲᠠᠢ ᠲᠣᠰᠬᠤᠨ ᠤ ᠱᠦᠵᠢ ᠪᠦᠷᠢᠳᠬᠡᠯ ᠤᠨ ᠬᠤᠯᠪᠣᠭ᠎ᠠ ᠪᠠᠷ ᠳᠠᠮᠵᠢᠭᠤᠯᠤᠨ ᠬᠠᠷᠢᠯᠴᠠᠨ ᠰᠤᠷᠤᠯᠴᠠᠬᠤ᠂ ᠰᠣᠯᠢᠯᠴᠠᠬᠤ ᠶᠢ ᠴᠢᠩᠭᠠᠳᠬᠠᠵᠤ᠂ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠠᠳᠬᠤᠬᠤ ᠰᠠᠨᠠᠭᠠᠴᠢᠯᠠᠭᠠᠲᠤ ᠤᠬᠠᠮᠰᠠᠷ ᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ ᠲᠦᠷᠭᠡᠨ ᠤᠷᠤᠭᠰᠢᠯᠠᠬᠤ ᠶᠢ ᠬᠥᠲᠥᠯᠥᠨ ᠳᠠᠭᠠᠭᠤᠯᠤᠨ᠎ᠠ᠃ 
 
ᠢᠷᠡᠯᠲᠡ᠄ ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号