ᠵᠢᠨᠱᠠᠨ ᠪᠠᠯᠭᠠᠰᠤ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ 2025 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/18
    ᠵᠢᠨᠱᠠᠨ ᠪᠠᠯᠭᠠᠰᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 12 ᠤᠨ ᠡᠳᠦᠷ᠂ ᠵᠢᠨᠱᠠᠨ ᠪᠠᠯᠭᠠᠰᠤ 2025 ᠣᠨ ᠤ ᠨᠢᠭᠡᠳᠦᠭᠡᠷ ᠤᠳᠠᠭᠠᠨ ᠤ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠲᠤᠰ ᠤᠳᠠᠭᠠᠨ ᠤ ᠬᠤᠷᠠᠯ ᠠᠴᠠ 2025 ᠣᠨ ᠤ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠵᠢᠨᠱᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᡁᠢ ᠶᠥᠩ ᠬᠤᠷᠠᠯ ᠡᠷᠬᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ᠂ ᠲᠠᠰᠤᠭ ᠤᠨ ᠳᠡᠰ ᠤᠨ ᠺᠠᠳ᠋ᠷ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠯᠢ ᠫᠧᠢ ᠲᠢᠩ ᠪᠦᠬᠦ ᠪᠠᠯᠭᠠᠰᠤᠨ ᠤ ︽ᠨᠡᠶᠢᠭᠡᠮ ᠤᠨ ᠵᠥᠷᠢᠴᠡᠯ ᠢ ᠠᠷᠢᠯᠭᠠᠵᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾ ᠠᠵᠢᠯ ᠤᠨ ᠠᠬᠢᠴᠠ ᠶᠢᠨ ᠪᠠᠶᠢᠳᠠᠯ ᠵᠢᠴᠢ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠡᠯ᠎ᠡ ᠲᠣᠰᠬᠤᠨ ︵ᠨᠡᠶᠢᠭᠡᠮ ᠲᠣᠭᠤᠷᠢᠭ︶ ᠪᠦᠬᠦ ᠤᠯᠤᠰ ᠤᠨ ︽ᠬᠤᠶᠠᠷ ᠬᠤᠷᠠᠯ︾ ᠵᠡᠷᠭᠡ ᠴᠢᠬᠤᠯᠠ ᠴᠠᠭ ᠦᠶ᠎ᠡ ᠳᠤ ᠭᠤᠣᠯᠳᠠᠯᠭ᠎ᠠ ᠲᠠᠢ ᠬᠥᠮᠦᠰ ᠤᠨ ᠲᠣᠭᠲᠠᠭᠤᠨ ᠢᠶᠠᠷ ᠡᠵᠡᠮᠳᠡᠬᠦ ᠠᠵᠢᠯ ᠢ ᠰᠠᠶᠢᠲᠤᠷ ᠬᠢᠵᠦ᠂ ︽ᠨᠢᠭᠡ ᠬᠥᠮᠦᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠲᠣᠭᠲᠠᠭᠤᠨ ᠢᠶᠠᠷ ᠡᠵᠡᠮᠳᠡᠬᠦ ᠲᠥᠰᠦᠯ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠨᠢᠭᠡ ᠳᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠬᠦᠴᠦᠯᠡᠨ ᠠᠬᠢᠭᠤᠯᠬᠤ ᠬᠡᠷᠡᠭᠲᠡᠢ᠃ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠪᠠᠯᠭᠠᠰᠤᠨ ᠳᠤ ᠰᠠᠭᠤᠭ᠎ᠠ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠲᠠᠰᠤᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠪᠤᠯᠵᠢᠯᠠᠬᠤ ᠪᠠ ᠡᠶᠡᠳᠡᠭᠦᠯᠬᠦ ᠶᠢ ᠤᠶᠠᠯᠳᠤᠭᠤᠯᠵᠤ᠂ ᠲᠣᠬᠢᠷᠠᠭᠤᠯᠵᠤ ᠳᠡᠶᠢᠯᠬᠦ ᠶᠢ ᠨᠢ ᠰᠢᠯᠵᠢᠭᠦᠯᠦᠨ ᠲᠣᠬᠢᠷᠠᠭᠤᠯᠤᠨ᠎ᠠ᠃ ᠡᠭᠦᠨ ᠤ ᠬᠠᠮᠲᠤ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠣᠶᠤᠨᠴᠢ᠂ ᠬᠠᠤᠯᠢ ᠶᠣᠰᠣᠭᠠᠷ ᠰᠢᠢᠳᠪᠦᠷᠢᠯᠡᠵᠦ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢᠶᠠᠷ ᠳᠠᠮᠵᠢᠭᠤᠯᠤᠨ ᠪᠠᠶᠢᠳᠠᠯ ᠢ ᠬᠡᠪ ᠤᠨ ᠶᠠᠩᠵᠤ ᠪᠠᠷ ᠲᠤᠰᠬᠠᠬᠤ᠂ ᠰᠠᠨᠠᠭᠤᠯᠭ᠎ᠠ ᠳᠤᠷᠠᠳᠬᠤ᠂ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠡᠷᠬᠡ ᠶᠢ ᠬᠦᠨᠳᠦᠳᠬᠡᠨ ᠪᠠᠲᠤᠯᠠᠬᠤ ᠬᠡᠷᠡᠭᠲᠡᠢ︔ ᠬᠤᠶᠠᠷ ᠲᠤ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠦᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠤᠨ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠨᠠᠷᠢᠯᠢᠬᠵᠢᠭᠤᠯᠵᠤ᠂ ︽ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠦᠯᠢᠶᠡᠬᠦ︾ ᠪᠠᠶᠢᠳᠠᠯ ᠢ ︽ᠣᠯᠠᠨ ᠲᠦᠮᠡᠨ ᠢ ᠬᠠᠪᠰᠤᠷᠤᠨ ᠣᠷᠣᠯᠠᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢᠨ ᠠᠰᠠᠭᠤᠳᠠᠯ ᠢ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ︔ ᠭᠤᠷᠪᠠ ᠳᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠲᠠᠢ ᠬᠥᠮᠦᠰ ᠲᠤ ᠬᠡᠷᠡᠭ ᠢ ᠳᠠᠭᠠᠭᠠᠴᠢᠯᠠᠬᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠬᠤᠪᠢᠷᠠᠭᠤᠯᠬᠤ ᠦᠭᠡᠢ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠪᠠᠷᠢᠮᠲᠠᠯᠠᠵᠤ᠂ ᠬᠦᠴᠢᠷ ᠲᠦᠪᠡᠭᠲᠡᠢ ᠨᠠᠷᠢᠨ ᠪᠤᠳᠤᠯᠢᠶᠠᠨᠲᠠᠢ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠬᠦᠴᠦᠯᠡᠨ ᠠᠬᠢᠭᠤᠯᠬᠤ ᠬᠡᠷᠡᠭᠲᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠨᠡᠶᠢᠭᠡᠮ ᠤᠨ ᠵᠠᠰᠠᠯᠲᠠ ᠶᠢᠨ ᠰᠢᠨ᠎ᠡ ᠠᠷᠭ᠎ᠠ ᠵᠠᠮ᠂ ᠰᠢᠨ᠎ᠡ ᠠᠷᠭ᠎ᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠵᠥᠷᠢᠴᠡᠯ ᠵᠢᠭᠤᠷᠠᠯᠳᠤᠭᠠᠨ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠰᠠᠭᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠰᠢᠢᠳᠪᠦᠷᠢᠯᠡᠵᠦ᠂ ᠨᠢᠯᠬ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ︔ ᠬᠤᠶᠠᠷ ᠲᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠰᠢᠭᠦᠬᠦ ᠲᠤᠰᠢᠶᠠᠯᠲᠠᠨ ᠤ ᠠᠵᠢᠯ ᠤᠨ ᠥᠷᠲᠡᠭᠡ᠂ ᠪᠠᠶᠢᠴᠠᠭᠠᠬᠤ ᠬᠤᠯᠪᠣᠭᠠᠴᠢᠨ ᠵᠡᠷᠭᠡ ᠠᠵᠢᠯᠲᠠᠳ ᠢ ᠨᠡᠶᠢᠳᠬᠡᠵᠦ᠂ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠠᠴᠠ ᠨᠢᠭᠡᠳᠦᠯᠲᠡᠢ ᠲᠥᠯᠥᠪᠵᠢᠭᠦᠯᠦᠨ ᠵᠢᠯᠣᠭᠤᠳᠴᠤ ᠵᠣᠬᠢᠴᠠᠭᠤᠯᠤᠨ ᠲᠣᠬᠢᠷᠠᠭᠤᠯᠵᠤ ᠂ ᠤᠯᠤᠰ ᠲᠥᠷᠥ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ ᠵᠡᠷᠭᠡ ᠡᠭᠦᠷᠭᠡ ᠬᠠᠷᠢᠭᠤᠴᠠᠯᠭ᠎ᠠ ᠶᠢ ᠭᠦᠢᠴᠡᠳ ᠨᠢᠭᠲᠠᠷᠠᠭᠤᠯᠵᠤ᠂ ᠰᠠᠯᠠᠭ᠎ᠠ ᠮᠥᠴᠢᠷ ᠤᠨ ᠠᠭᠤᠰᠤᠯᠴᠠᠨ ᠬᠥᠳᠡᠯᠦᠯᠴᠡᠬᠦ ᠠᠷᠭ᠎ᠠ ᠵᠠᠮ ᠢ ᠨᠡᠪᠲᠡᠷᠡᠭᠦᠯᠵᠦ᠂ ᠵᠥᠷᠢᠴᠡᠯ ᠵᠢᠭᠤᠷᠠᠯᠳᠤᠭᠠᠨ ᠢ ᠬᠤᠯᠪᠣᠭᠠᠯᠠᠨ ᠲᠣᠬᠢᠷᠠᠭᠤᠯᠬᠤ᠂ ᠦᠢᠯᠡᠴᠢᠯᠡᠭᠡ ᠬᠠᠮᠢᠶᠠᠷᠤᠯᠲᠠ ᠶᠢ ᠬᠤᠯᠪᠣᠯᠳᠤᠭᠤᠯᠬᠤ ᠶᠢ ᠪᠡᠶᠡᠯᠡᠭᠦᠯᠵᠦ᠂ ᠮᠠᠨ ᠤ ᠪᠠᠯᠭᠠᠰᠤᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠳᠤᠮᠳᠠᠬᠢ ᠬᠡᠰᠡᠭ ᠪᠦᠯᠦᠭ ᠢᠶᠠᠷ ᠬᠤᠪᠢᠶᠠᠭᠰᠠᠨ ᠳᠤᠲᠠᠬᠳᠠᠯ ᠢ ᠲᠠᠰᠤᠷᠠᠯᠲᠠ ᠦᠭᠡᠢ ᠨᠥᠬᠦᠪᠥᠷᠢᠯᠡᠬᠦ ᠬᠡᠷᠡᠭᠲᠡᠢ᠃ 
 
ᠢᠷᠡᠯᠲᠡ᠄ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号