ᠰᠢ ᠳ᠋ᠧᠦ ᠫᠦ᠋ ᠪᠠᠯᠭᠠᠰᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/2/18
    ᠪᠦᠬᠦ ᠪᠠᠯᠭᠠᠰᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠴᠢᠩᠭᠠᠳᠬᠠᠵᠤ᠂ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 13 ᠤ ᠡᠳᠦᠷ᠂ ᠰᠢ ᠳ᠋ᠧᠦ ᠫᠦ᠋ ᠪᠠᠯᠭᠠᠰᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠡᠳ᠋ ᠳᠠᠷᠤᠭ᠎ᠠ ᠳ᠋ᠢᠩ ᠵᠢᠩ ᠢ ᠤᠷᠢᠵᠤ ᠲᠠᠶᠢᠯᠪᠤᠷᠢᠯᠠᠨ ᠶᠠᠷᠢᠭᠤᠯᠵᠤ᠂ ᠬᠠᠮᠢᠶ᠎ᠠ ᠪᠦᠬᠦᠢ ᠠᠵᠢᠯᠲᠠᠨ ᠵᠢᠴᠢ ᠭᠠᠯ ᠤᠨᠲᠠᠷᠠᠭᠠᠬᠤ ᠠᠩᠭᠢ ᠶᠢᠨ ᠭᠡᠰᠢᠭᠦᠳ ᠪᠣᠯᠪᠠᠰᠤᠷᠠᠯ ᠳᠤ ᠣᠷᠣᠯᠴᠠᠪᠠ᠃   ᠮᠡᠳᠡᠯᠭᠡ ᠤᠯᠠᠮᠵᠢᠯᠠᠬᠤ᠂ ᠭᠠᠯ ᠰᠡᠷᠭᠡᠶᠢᠯᠡᠯᠲᠡ ᠶᠢᠨ ᠲᠠᠨᠢᠨ ᠮᠡᠳᠡᠬᠦᠢ ᠶᠢᠨ ᠦᠨᠳᠦᠰᠦ ᠰᠠᠭᠤᠷᠢ ᠶᠢ ᠪᠠᠬᠢᠵᠢᠭᠦᠯᠬᠦ   ᠳ᠋ᠢᠩ ᠵᠢᠩ ᠳᠡᠳ᠋ ᠳᠠᠷᠤᠭ᠎ᠠ ᠭᠠᠯ ᠤᠨ ᠭᠠᠮᠰᠢᠭ ᠡᠭᠦᠰᠬᠦ ᠪᠠᠶᠢᠩᠭᠤ ᠲᠣᠬᠢᠶᠠᠯᠳᠤᠳᠠᠭ ᠰᠢᠯᠲᠠᠭᠠᠨ ᠢ ᠨᠠᠷᠢᠨ ᠲᠣᠳᠣᠷᠬᠠᠶᠢᠯᠠᠨ ᠥᠭᠦᠯᠡᠵᠦ᠂ ᠭᠠᠯ ᠤᠨ ᠠᠶᠤᠯ ᠤᠨ ᠬᠥᠭᠵᠢᠯᠲᠡ ᠶᠢᠨ ᠱᠠᠲᠤ ᠦᠶ᠎ᠡ᠂ ᠠᠳᠠᠯᠢ ᠪᠤᠰᠤ ᠲᠥᠷᠥᠯ ᠤᠨ ᠭᠠᠯ ᠤᠨ ᠠᠶᠤᠯ ᠤᠨ ᠣᠨᠴᠠᠯᠢᠭ ᠵᠢᠴᠢ ᠵᠣᠬᠢᠴᠠᠩᠭᠤᠢ ᠪᠦᠬᠦᠢ ᠭᠠᠯ ᠤᠨᠲᠠᠷᠠᠭᠠᠬᠤ ᠠᠷᠭ᠎ᠠ ᠶᠢ ᠲᠠᠨᠢᠯᠴᠠᠭᠤᠯᠵᠠᠢ᠃ ᠦᠨᠳᠦᠰᠦᠨ ᠱᠠᠲᠤᠨ ᠤ ᠪᠠᠶᠢᠩᠭᠤ ᠲᠣᠬᠢᠶᠠᠯᠳᠤᠳᠠᠭ ᠭᠠᠯ ᠤᠨ ᠭᠠᠮᠰᠢᠭ ᠤᠨ ᠪᠠᠶᠢᠳᠠᠯ ᠳᠤ ᠴᠢᠭᠯᠡᠭᠦᠯᠦᠨ᠂ ᠵᠢᠱᠢᠶᠡᠯᠡᠪᠡᠯ ᠣᠷᠣᠨ ᠰᠠᠭᠤᠴᠠ ᠶᠢᠨ ᠭᠠᠯ ᠤᠨ ᠠᠶᠤᠯ᠂ ᠵᠢᠵᠢᠭ ᠬᠤᠳᠠᠯᠳᠤᠭᠠᠨ ᠤ ᠳᠡᠯᠭᠡᠭᠦᠷ ᠤᠨ ᠭᠠᠯ ᠤᠨ ᠠᠶᠤᠯ ᠵᠡᠷᠭᠡ ᠳᠤ ᠴᠢᠭᠯᠡᠭᠦᠯᠦᠨ᠂ ᠠᠩᠬᠠᠨ ᠤ ᠬᠤᠭᠤᠴᠠᠭᠠᠨ ᠤ ᠭᠠᠯ ᠤᠨ ᠠᠶᠤᠯ ᠢ ᠤᠨᠲᠠᠷᠠᠭᠠᠬᠤ ᠤᠷ᠎ᠠ ᠮᠡᠷᠭᠡᠵᠢᠯ ᠪᠠ ᠠᠩᠬᠠᠷᠬᠤ ᠵᠦᠢᠯᠡᠰ ᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠨ᠂ ᠣᠯᠠᠨ ᠢᠶᠠᠷ ᠢᠶᠠᠨ ᠰᠣᠷᠣᠭᠰᠠᠨ ᠮᠡᠳᠡᠯᠭᠡ ᠪᠠᠨ ᠪᠣᠳᠠᠲᠠᠢ ᠠᠵᠢᠯ ᠪᠠ ᠠᠮᠢᠳᠤᠷᠠᠯ ᠳᠤᠮᠳᠠ ᠪᠠᠨ ᠬᠡᠷᠡᠭᠯᠡᠬᠦ ᠶᠢ ᠵᠣᠷᠢᠭᠵᠢᠭᠤᠯᠵᠤ᠂ ᠲᠤᠰ ᠪᠡᠶ᠎ᠡ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠤᠨ᠂ ᠳᠡᠷᠭᠡᠳᠡᠬᠢ ᠬᠥᠮᠦᠰ ᠢᠶᠠᠨ ᠳᠠᠶᠢᠴᠢᠯᠠᠨ ᠭᠠᠯ ᠤᠨᠲᠠᠷᠠᠭᠠᠬᠤ ᠠᠮᠤᠷ ᠲᠦᠪᠰᠢᠨ ᠢ ᠬᠠᠮᠲᠤ ᠪᠠᠷ ᠠᠩᠬᠠᠷᠴᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃    ᠪᠣᠳᠠᠲᠠᠢ ᠪᠣᠯᠪᠠᠰᠤᠷᠠᠯ ᠰᠣᠷᠢᠯᠲᠠ ᠨᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠡᠢ    ᠰᠣᠷᠢᠯᠲᠠ ᠨᠢ ᠭᠠᠯ ᠤᠨᠲᠠᠷᠠᠭᠠᠬᠤ ᠲᠡᠷᠭᠡᠨ ᠤ ᠠᠵᠢᠯᠯᠠᠭ᠎ᠠ ᠪᠣᠯᠤᠨ ᠠᠷᠠᠴᠢᠯᠠᠨ ᠬᠠᠮᠠᠭᠠᠯᠠᠬᠤ᠂ ᠤᠰᠤᠨ ᠪᠦᠰᠡ ᠶᠢ ᠬᠤᠯᠪᠣᠬᠤ᠂ ᠤᠰᠤᠨ ᠫᠤᠤ ᠶᠢ ᠬᠤᠯᠪᠣᠬᠤ᠂ ᠤᠰᠤᠨ ᠳᠠᠷᠤᠯᠲᠠ ᠶᠢ ᠡᠵᠡᠮᠳᠡᠬᠦ᠂ ᠪᠠᠶᠢᠯᠳᠤᠭᠠᠨ ᠤ ᠬᠤᠪᠴᠠᠰᠤ ᠡᠮᠦᠰᠴᠦ ᠵᠡᠭᠦᠬᠦ ᠵᠡᠷᠭᠡ ᠵᠠᠩᠭᠢᠯᠠᠭ᠎ᠠ ᠶᠢᠨ ᠠᠭᠤᠯᠭ᠎ᠠ ᠶᠢᠨ ᠲᠣᠭᠤᠷᠢᠨ ᠳᠤ ᠶᠠᠪᠤᠭᠳᠠᠪᠠ᠃ ᠡᠯ᠎ᠡ ᠲᠥᠷᠥᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠥᠪ ᠬᠡᠷᠡᠭᠯᠡᠬᠦ ᠠᠷᠭ᠎ᠠ ᠶᠢ ᠨᠠᠷᠢᠨ ᠨᠢᠮᠪᠠᠢ ᠵᠢᠱᠢᠶ᠎ᠡ ᠦᠵᠡᠭᠦᠯᠵᠦ᠂ ᠪᠠᠭᠠᠵᠢ ᠬᠡᠷᠡᠭᠰᠡᠯ ᠢ ᠪᠠᠶᠢᠴᠠᠭᠠᠬᠤ᠂ ᠳᠤᠷᠠᠳᠤᠨ ᠭᠠᠷᠭᠠᠬᠤ᠂ ᠰᠦᠷᠴᠢᠬᠦ ᠲᠠᠯ᠎ᠠ ᠠᠴᠠ ᠠᠵᠢᠯᠯᠠᠬᠤ ᠶᠠᠪᠤᠴᠠ ᠳᠠᠬᠢ ᠠᠩᠬᠠᠷᠬᠤ ᠵᠦᠢᠯᠡᠰ ᠢ ᠨᠠᠷᠢᠨ ᠣᠶᠢᠯᠠᠭᠠᠵᠤ᠂ ᠭᠠᠯ ᠤᠨ ᠠᠶᠤᠯ ᠢ ᠠᠷᠭᠠᠴᠠᠬᠤ ᠦᠶ᠎ᠡ ᠶᠢᠨ ᠪᠣᠳᠠᠲᠤ ᠪᠠᠶᠢᠯᠳᠤᠭᠠᠨ ᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠪᠡ᠃    ᠲᠤᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠦᠨ᠂ ᠮᠠᠨ ᠤ ᠪᠠᠯᠭᠠᠰᠤᠨ ᠤ ︽ᠨᠢᠭᠡ ᠠᠩᠭᠢ ᠨᠢᠭᠡ ᠲᠥᠪ︾ ᠤᠨ ᠭᠠᠯ ᠤᠨᠲᠠᠷᠠᠭᠠᠬᠤ ᠶᠢ ᠰᠢᠯᠭᠠᠨ ᠠᠪᠬᠤ ᠳᠤ ᠪᠠᠲᠤ ᠪᠠᠬᠢ ᠰᠠᠭᠤᠷᠢ ᠲᠠᠯᠪᠢᠵᠤ᠂ ᠬᠠᠷᠢᠶᠠᠲᠤ ᠣᠷᠣᠨ ᠤ ᠪᠦᠬᠦ ᠵᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠪᠦᠬᠦ ᠪᠠᠯᠭᠠᠰᠤᠨ ᠳᠤ ᠦᠢᠯᠡᠳᠪᠦᠷᠢᠯᠡᠯ ᠤᠨ ᠠᠮᠤᠷ ᠲᠦᠪᠰᠢᠨ ᠪᠠ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠵᠤ ᠥᠭᠪᠡ᠃ 
 
ᠢᠷᠡᠯᠲᠡ᠄ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号