ᠭᠦᠶᠡᠩ ᠰᠢᠶᠠᠨ ᠤ ᠨᠠᠮ ᠤᠨ ᠪᠠᠶᠢᠩᠭᠤ ᠶᠢᠨ ᠬᠤᠷᠢᠶ᠎ᠡ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/18
    2 ᠰᠠᠷ᠎ᠠ ᠶᠢᠨ 14 ᠤ ᠡᠳᠦᠷ᠂ ᠭᠦᠶᠡᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ  ᠬᠤᠷᠢᠶ᠎ᠡ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠬᠤᠷᠠᠯ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃   ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠤᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠤ ᠰᠠᠭᠤᠭ᠎ᠠ ᠰᠠᠬᠢᠯᠭ᠎ᠠ ᠪᠠᠲᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ᠂ ᠳᠥᠷᠪᠡᠳᠦᠭᠡᠷ ᠳᠡᠰ ᠤᠨ ᠬᠢᠨᠠᠨ ᠪᠠᠶᠢᠴᠠᠭᠠᠬᠤ ᠳᠠᠷᠤᠭ᠎ᠠ ᠸᠠᠩ ᠹᠧᠩ᠂ ᠪᠤᠭᠤᠲᠤ ᠬᠤᠲᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠣᠯᠠᠨ ᠲᠦᠮᠡᠨ ᠤ ᠠᠵᠢᠯ ᠤᠨ ᠬᠡᠯᠲᠡᠰ ᠤᠨ ᠳᠡᠳ᠋ ᠳᠠᠷᠤᠭ᠎ᠠ ᠸᠠᠩ ᠲᠢᠶᠠᠨ ᠮᠧᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃    ᠬᠤᠷᠠᠯ ᠠᠴᠠ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠠᠵᠢᠯ ᠤᠨ ᠲᠥᠰᠦᠯ ᠢᠶᠠᠨ ᠨᠠᠷᠢᠨ ᠬᠢᠨᠠᠮᠠᠭᠠᠢ ᠲᠣᠭᠲᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠰᠤᠷᠤᠯᠴᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ︽ᠭᠤᠷᠪᠠᠨ ᠵᠠᠪᠠᠯ ᠶᠠᠷᠢᠯᠴᠠᠬᠤ︾ ᠱᠠᠭᠠᠷᠳᠠᠯᠭ᠎ᠠ ᠶᠣᠰᠣᠭᠠᠷ᠂ ᠰᠡᠳᠬᠢᠯ ᠤᠨ ᠦᠭᠡ ᠪᠠᠨ ᠶᠠᠷᠢᠯᠴᠠᠬᠤ ᠶᠢ ᠨᠠᠷᠢᠨ ᠬᠢᠨᠠᠮᠠᠭᠠᠢ ᠥᠷᠨᠢᠭᠦᠯᠪᠡ᠃ ᠡᠨᠡᠬᠦ ᠰᠠᠭᠤᠷᠢᠨ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠡᠷᠬᠢᠯᠡᠨ ᠲᠤᠭᠤᠷᠪᠢᠵᠤ᠂ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠪᠢᠴᠢᠵᠦ᠂ ᠳᠠᠬᠢᠨ ᠳᠠᠪᠲᠠᠨ ᠵᠠᠰᠠᠪᠤᠷᠢ ᠣᠷᠣᠭᠤᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠢ᠃   ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠤᠭᠰᠠᠨ ᠠᠴᠠ ᠨᠠᠰᠢᠬᠢ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠪᠢᠴᠢᠭ ᠤᠨ ᠬᠡᠯᠪᠡᠷᠢ ᠪᠠᠷ ᠮᠡᠳᠡᠭᠳᠡᠪᠡ᠃ ᠶᠣᠣ ᠵᠢᠶᠦ᠋ᠨ ᠵᠢᠶᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠬᠠᠷᠢᠴᠠᠭᠤᠯᠤᠨ ᠪᠠᠶᠢᠴᠠᠭᠠᠵᠤ᠂ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠬᠤᠷᠢᠶᠠᠨ ᠤ ᠬᠤᠭᠤᠷᠣᠨᠳᠣᠬᠢ ᠬᠠᠷᠢᠯᠴᠠᠨ ᠰᠢᠭᠦᠮᠵᠢᠯᠡᠬᠦ ᠳᠤ ᠱᠠᠭᠠᠷᠳᠠᠯᠭ᠎ᠠ ᠳᠤᠷᠠᠳᠪᠠ᠃ ᠶᠣᠣ ᠵᠢᠶᠦ᠋ᠨ ᠵᠢᠶᠧ ᠨᠥᠬᠦᠷ ᠪᠣᠯᠤᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠵᠤ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠲᠡᠭᠦᠨ ᠳᠤ ᠰᠢᠭᠦᠮᠵᠢᠯᠡᠯ ᠰᠠᠨᠠᠯ ᠳᠤᠷᠠᠳᠴᠤ᠂ ᠨᠥᠬᠦᠳ ᠰᠢᠭᠦᠮᠵᠢᠯᠡᠯ ᠰᠠᠨᠠᠯ ᠤᠨ ᠲᠤᠬᠠᠢ ᠣᠪᠣᠷ ᠢᠶᠠᠨ ᠢᠯᠡᠳᠬᠡᠪᠡ᠃   ᠸᠠᠩ ᠹᠧᠩ ᠦᠨᠡᠯᠡᠯᠲᠡ ᠬᠢᠬᠦ ᠳᠡᠭᠡᠨ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷ᠎ᠡ᠂ ᠭᠦᠶᠡᠩ ᠰᠢᠶᠠᠨ ᠤ ᠨᠠᠮ ᠤᠨ  ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠪᠣᠯᠤᠨ ᠬᠤᠲᠠ ᠶᠢᠨ ᠨᠠᠮ ᠤᠨ ᠬᠤᠷᠢᠶ᠎ᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠭᠦᠨᠵᠡᠭᠡᠢ ᠵᠠᠳᠠᠯᠵᠤ᠂ ᠳᠡᠰ ᠳᠠᠷᠠᠭᠠᠯᠠᠯ ᠵᠢᠷᠤᠮᠵᠢᠯ ᠲᠠᠢ᠂ ᠭᠤᠣᠯ ᠰᠡᠳᠦᠪ ᠲᠤᠪᠤᠶᠢᠮ᠎ᠠ᠂ ᠠᠭᠤᠷ ᠠᠮᠢᠰᠬᠤᠯ ᠲᠥᠪ ᠴᠢᠩᠭ᠎ᠠ ᠠᠮᠢᠳᠤᠯᠢᠭ ᠪᠠᠶᠢᠵᠤ᠂ ᠵᠢᠱᠢᠭᠰᠡᠨ ᠦᠷ᠎ᠡ ᠪᠦᠲᠦᠮᠵᠢ ᠳᠤ ᠬᠦᠷᠴᠡᠢ᠃ ᠲᠡᠷᠡ᠂ ᠨᠢᠭᠡ ᠳᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤ ᠪᠥᠭᠡᠳ ᠤᠷᠲᠤ ᠬᠤᠭᠤᠴᠠᠭᠠᠨ ᠤ ᠪᠦᠲᠦᠮᠵᠢᠲᠡᠢ ᠰᠠᠶᠢᠲᠤᠷ ᠠᠳᠬᠤᠵᠤ᠂ ᠲᠥᠪ ᠤᠨ ᠠᠯᠪᠠᠨ ᠲᠢᠩᠬᠢᠮ ᠤᠨ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠤᠷᠲᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ ᠠᠬᠢᠭᠤᠯᠬᠤ ᠲᠤᠬᠠᠢ ᠰᠠᠨᠠᠯ︾ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠡ ᠶᠢᠨ ᠪᠣᠳᠠᠲᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠬᠤᠶᠠᠷ ᠲᠤ᠂ ᠨᠠᠮᠴᠢ ᠴᠢᠨᠠᠷ ᠨᠠᠮ ᠤᠨ ᠰᠤᠷᠲᠠᠯ ᠤᠨ ᠪᠣᠯᠪᠠᠰᠤᠷᠠᠯ ᠢ ᠰᠢᠨᠲᠠᠷᠠᠰᠢ ᠦᠭᠡᠢ ᠴᠢᠩᠭᠠᠳᠬᠠᠵᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠬᠦ ᠶᠢ ᠨᠠᠰᠤᠨ ᠲᠤᠷᠰᠢᠳᠠ ᠶᠢᠨ ᠰᠡᠳᠦᠪ ᠪᠣᠯᠭᠠᠬᠤ ᠶᠢ ᠪᠠᠷᠢᠮᠲᠠᠯᠠᠵᠤ᠂ ᠥᠲᠡᠯᠲᠡᠯ᠎ᠡ ᠠᠮᠢᠳᠤᠷᠠᠵᠤ᠂ ᠥᠲᠡᠯᠲᠡᠯ᠎ᠡ ᠰᠤᠷᠤᠯᠴᠠᠵᠤ᠂ ᠪᠣᠯᠪᠠᠰᠤᠷᠠᠯ ᠰᠠᠶᠢᠲᠠᠢ ᠪᠠᠶᠢᠬᠤ ᠬᠡᠷᠡᠭᠲᠡᠢ᠃ ᠨᠠᠮ ᠤᠨ ᠰᠢᠯᠢᠳᠡᠭ ᠤᠯᠠᠮᠵᠢᠯᠠᠯ ᠪᠠ ᠰᠤᠷᠲᠠᠯ ᠢ ᠲᠦᠷᠦᠭᠦᠯᠡᠨ ᠪᠠᠳᠠᠷᠠᠭᠤᠯᠵᠤ᠂ ᠨᠠᠮ ᠤᠨ ᠳᠦᠷᠢᠮ ᠢ ᠴᠢᠩᠭ᠎ᠠ ᠬᠦᠨᠳᠦᠳᠬᠡᠵᠦ᠂ ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠪᠠᠷᠢᠮᠵᠢᠶ᠎ᠠ ᠨᠤᠭᠤᠳ ᠢ ᠴᠢᠩᠭ᠎ᠠ ᠬᠡᠷᠡᠭᠵᠢᠭᠦᠯᠵᠦ᠂ ᠢᠮᠠᠭᠲᠠ ᠨᠠᠮᠴᠢ ᠴᠢᠨᠠᠷ ᠤᠨ ᠵᠠᠷᠴᠢᠮ ᠢᠶᠠᠷ ᠪᠡᠶ᠎ᠡ ᠪᠠᠨ ᠵᠠᠰᠠᠵᠤ ᠪᠡᠶ᠎ᠡ ᠪᠠᠨ ᠱᠠᠭᠠᠷᠳᠠᠨ᠂ ᠴᠠᠭ ᠢᠮᠠᠭᠲᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠵᠡᠷᠭᠡ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠡᠶ᠎ᠡ ᠶᠠᠭ ᠰᠠᠶᠢᠬᠠᠨ ᠪᠣᠯᠪᠠ᠃ ᠭᠤᠷᠪᠠ ᠳᠤ᠂ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ ᠵᠣᠷᠢᠭᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠬᠤ ᠴᠢᠳᠠᠮᠵᠢ ᠪᠠ ᠪᠠᠲᠤᠯᠠᠨ ᠤᠷᠮᠠᠰᠢᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠥᠷᠭᠡᠨ ᠣᠯᠠᠨ ᠺᠠᠳ᠋ᠷᠴᠤᠳ ᠤᠨ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠬᠤ ᠶᠢ ᠠᠬᠢᠭᠤᠯᠵᠤ᠂ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠤᠬᠠᠮᠰᠠᠷ ᠠᠴᠠ ᠪᠠᠨ ᠪᠣᠢ ᠪᠣᠯᠭᠠᠨ ᠦᠢᠯᠡᠳᠦᠯᠭᠡᠵᠢᠭᠦᠯᠵᠦ᠂ ︽ᠰᠡᠳᠬᠢᠬᠦᠢ ᠶᠢ ᠨᠢ ᠲᠠᠶᠢᠯᠬᠤ︾ ᠦᠵᠡᠯᠲᠡ ᠶᠢ ᠪᠠᠲᠤ ᠪᠣᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠳᠥᠷᠪᠡ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ  ᠬᠤᠷᠢᠶ᠎ᠡ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠵᠦ᠂ ᠨᠠᠮ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠪᠠ ᠬᠠᠮᠠᠭᠠᠯᠠᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠤᠰᠤᠳ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠰᠠᠶᠢᠲᠤᠷ ᠭᠦᠢᠴᠡᠳᠬᠡᠵᠦ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃   ᠶᠣᠣ ᠵᠢᠶᠦ᠋ᠨ ᠵᠢᠶᠧ ᠳ᠋ᠦᠩᠨᠡᠯᠲᠡ ᠶᠢᠨ ᠶᠠᠷᠢᠶᠠᠨ ᠳᠠᠭᠠᠨ᠂ ᠭᠦᠶᠡᠩ ᠰᠢᠶᠠᠨ ᠤ ᠨᠠᠮ ᠤᠨ ᠬᠤᠷᠢᠶ᠎ᠡ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠨᠢᠭᠡᠪᠦᠷᠢ ᠳᠤ ᠨᠠᠷᠢᠨ ᠬᠢᠨᠠᠮᠠᠭᠠᠢ ᠬᠠᠨᠳᠤᠵᠤ᠂ ᠲᠤᠰᠬᠠᠢ ᠰᠡᠳᠦᠪ ᠢᠶᠠᠷ ᠰᠤᠳᠤᠯᠬᠤ ᠶᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠵᠢᠯ ᠢ ᠠᠳᠬᠤᠬᠤ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠵᠦ ᠵᠢᠭᠠᠵᠤ ᠭᠠᠷᠭᠠᠪᠠ᠃   ᠶᠣᠣ ᠵᠢᠶᠦ᠋ᠨ ᠵᠢᠶᠧ ᠭᠤᠷᠪᠠᠨ ᠲᠠᠯ᠎ᠠ ᠶᠢᠨ ᠰᠠᠨᠠᠯ ᠢ ᠴᠢᠬᠤᠯᠠᠴᠢᠯᠠᠪᠠ᠂ ᠨᠢᠭᠡ ᠳᠤ ᠣᠨᠣᠯ ᠤᠨ ᠰᠢᠮᠡᠯᠢᠭ ᠬᠥᠷᠥᠰᠥ ᠶᠢ ᠵᠤᠵᠠᠭᠠᠳᠬᠠᠵᠤ᠂ ᠰᠤᠷᠤᠯᠴᠠᠬᠤ ᠤᠬᠠᠮᠰᠠᠷ᠂ ᠰᠣᠨᠣᠷ ᠰᠡᠷᠡᠮᠵᠢ ᠪᠠᠨ ᠴᠢᠩᠭᠠᠳᠬᠠᠬᠤ ᠬᠡᠷᠡᠭᠲᠡᠢ᠃ ᠰᠤᠷᠤᠯᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠣᠪᠣᠷ ᠢᠶᠠᠨ ᠲᠥᠪ ᠪᠣᠯᠭᠠᠵᠤ᠂ ᠰᠡᠳᠬᠢᠯ ᠰᠠᠨᠠᠭ᠎ᠠ ᠲᠣᠭᠲᠠᠭᠤᠨ ᠪᠠᠶᠢᠬᠤ ᠶᠢ ᠪᠡᠶᠡᠯᠡᠭᠦᠯᠵᠦ᠂ ᠰᠡᠳᠬᠢᠯ ᠲᠠᠯᠪᠢᠨ ᠰᠤᠷᠤᠯᠴᠠᠵᠤ᠂ ᠰᠡᠳᠬᠢᠯ ᠲᠠᠯᠪᠢᠨ ᠣᠶᠢᠯᠠᠭᠠᠵᠤ᠂ ᠨᠤᠬᠤᠵᠤ ᠬᠡᠮᠬᠡᠯᠦᠨ᠂ ᠢᠯᠡᠭᠦᠬᠡᠨ ᠰᠡᠳᠬᠢᠵᠦ ᠢᠯᠡᠭᠦᠬᠡᠨ ᠪᠣᠳᠣᠯᠬᠢᠯᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ ᠰᠢᠰᠲ᠋ᠧᠮ ᠲᠠᠢ ᠡᠵᠡᠮᠰᠢᠬᠦ ᠬᠡᠷᠡᠭᠲᠡᠢ᠃ ᠰᠤᠷᠤᠯᠴᠠᠯᠭ᠎ᠠ ᠶᠢᠨ ᠰᠣᠨᠣᠷ ᠰᠡᠷᠡᠮᠵᠢ ᠪᠠᠨ ᠴᠢᠩᠭᠠᠳᠬᠠᠵᠤ᠂ ᠣᠳᠣᠬᠠᠨ ᠤ ᠡᠨᠡᠬᠦ ᠨᠢᠰᠬᠦ ᠲᠦᠷᠭᠡᠨ ᠬᠥᠭᠵᠢᠵᠦ᠂ ᠬᠤᠷᠣᠮᠬᠠᠨ ᠵᠠᠭᠤᠷ᠎ᠠ ᠬᠤᠪᠢᠷᠠᠵᠤ ᠪᠠᠶᠢᠭ᠎ᠠ ᠴᠠᠭ ᠦᠶ᠎ᠡ ᠳᠤ᠂ ᠤᠳᠤᠷᠢᠳᠬᠤ ᠺᠠᠳ᠋ᠷ ᠰᠢᠨ᠎ᠡ ᠣᠨᠣᠯ ᠪᠣᠯᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠢᠳᠡᠪᠬᠢᠲᠡᠢ ᠰᠤᠷᠤᠯᠴᠠᠵᠤ᠂ ᠥᠪᠡᠷ ᠢ ᠪᠠᠨ ᠳᠡᠭᠡᠭᠰᠢᠯᠡᠭᠦᠯᠵᠦ᠂ ᠥᠷᠢᠰᠥᠯᠳᠦᠭᠡᠨ ᠬᠤᠷᠴᠠ ᠰᠢᠷᠦᠭᠦᠨ ᠣᠷᠴᠢᠨ ᠲᠣᠭᠤᠷᠢᠨ ᠳᠤ ᠯᠠᠪᠳᠠᠭᠤᠨ ᠪᠠᠲᠤᠲᠠᠢ ᠠᠯᠬᠤᠵᠤ ᠂ ᠭᠦᠶᠡᠩ ᠰᠢᠶᠠᠨ ᠤ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠤᠷᠤᠯᠴᠠᠯᠭ᠎ᠠ ᠶᠢᠨ ᠲᠥᠷᠥᠭᠳᠡᠯ ᠢᠶᠠᠨ ᠴᠢᠩᠭᠠᠳᠬᠠᠵᠤ᠂ ᠡᠯ᠎ᠡ ᠪᠠᠶᠢᠩᠭᠤ ᠶᠢᠨ ᠭᠡᠰᠢᠭᠦᠳ ᠸᠠᠩ ᠭᠦᠸᠧ ᠸᠧᠢ ᠶᠢᠨ ︽ᠬᠥᠮᠦᠨ ᠤ ᠶᠢᠷᠲᠢᠨᠴᠦ ᠶᠢᠨ ᠦᠭᠡ ︾ ᠶᠢᠨ ᠳᠤᠮᠳᠠ ᠠᠴᠠ ᠰᠤᠷᠤᠯᠴᠠᠯᠭ᠎ᠠ ᠶᠢ ᠵᠠᠰᠠᠬᠤ ᠭᠤᠷᠪᠠᠨ ᠳᠠᠪᠬᠤᠷ ᠠᠬᠤᠢ ᠪᠠᠶᠢᠳᠠᠯ ᠢ ᠳᠤᠷᠠᠳᠴᠤ᠂ ᠢᠯᠡᠭᠦᠬᠡᠨ ᠰᠤᠷᠤᠯᠴᠠᠵᠤ᠂ ᠢᠯᠡᠭᠦᠬᠡᠨ ᠪᠣᠳᠣᠯᠬᠢᠯᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠪᠣᠳᠠᠲᠠᠢ ᠠᠳᠬᠤᠵᠤ ᠪᠦᠲᠦᠭᠡᠨ᠂ ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠨᠡᠮᠡᠷᠢᠯᠡᠵᠦ᠂ ᠨᠡᠩ ᠣᠯᠠᠨ ᠰᠢᠨ᠎ᠡ ᠶᠢ ᠡᠭᠦᠳᠬᠦ ᠴᠡᠭ ᠨᠡᠮᠡᠷᠢᠯᠡᠵᠦ᠂ ᠨᠡᠩ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠶᠢ ᠨᠡᠭᠡᠭᠡᠵᠦ᠂ ᠭᠦᠶᠡᠩ ᠴᠠᠭ ᠦᠶ᠎ᠡ ᠶᠢᠨ ᠤᠷᠤᠰᠬᠠᠯ ᠳᠤᠮᠳᠠ ᠨᠡᠩ ᠥᠪᠡᠷᠮᠢᠴᠡ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ᠃   ᠬᠤᠶᠠᠷ ᠲᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠢᠮᠠᠭᠲᠠ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠡᠷᠡᠰ ᠭᠤᠶᠢᠪᠢᠰᠢ ᠦᠭᠡᠢ ᠪᠠᠷ ᠦᠨᠡᠨᠴᠢ ᠰᠢᠳᠤᠷᠭᠤ ᠶᠢ ᠡᠷᠬᠢᠮᠯᠡᠵᠦ᠂ ︽ᠲᠠᠶᠢᠯᠬᠤ ᠰᠡᠳᠬᠢᠬᠦᠢ ᠲᠠᠢ︾ ᠪᠠᠶᠢᠬᠤ ᠶᠢ ᠪᠠᠷᠢᠮᠲᠠᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠭᠰᠠᠨ ᠤ ᠦᠷ᠎ᠡ ᠳ᠋ᠦᠩ ᠪᠣᠯᠤᠨ᠎ᠠ᠃ ᠠᠷᠢᠭᠤᠨ ᠴᠢᠬᠡᠴᠢ ᠪᠠᠶᠢᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠬᠤᠷᠢᠭ᠎ᠠ ᠱᠤᠭᠤᠮ᠂ ᠤᠯᠠᠭᠠᠨ ᠱᠤᠭᠤᠮ ᠢ ᠴᠢᠩᠭ᠎ᠠ ᠵᠢᠷᠤᠮᠯᠠᠵᠤ᠂ ᠠᠷᠢᠭᠤᠨ ᠴᠢᠬᠡᠴᠢ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠲᠠᠯ᠎ᠠ ᠪᠠᠷ ᠦᠨᠡᠨ ᠬᠦ ᠴᠢᠩᠭ᠎ᠠ ᠠᠳᠬᠤᠵᠤ᠂ ︽ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠣᠳᠣᠬᠤ ᠦᠭᠡᠢ︾ ᠤᠬᠠᠮᠰᠠᠷᠲᠤ ᠴᠢᠨᠠᠷ ᠢᠶᠠᠨ ᠴᠢᠩᠭᠠᠳᠬᠠᠬᠤ ᠬᠡᠷᠡᠭᠲᠡᠢ︔ ᠡᠷᠬᠡ ᠶᠢ ᠪᠢᠰᠢᠷᠡᠨ ᠬᠦᠨᠳᠦᠳᠬᠡᠬᠦ᠂ ᠡᠷᠬᠡ ᠶᠢ ᠰᠠᠶᠢᠲᠤᠷ ᠬᠠᠮᠢᠶᠠᠷᠬᠤ᠂ ᠡᠷᠬᠡ ᠶᠢ ᠪᠣᠯᠭᠤᠮᠵᠢᠲᠠᠢ ᠬᠡᠷᠡᠭᠯᠡᠵᠦ᠂ ᠨᠣᠮᠣᠬᠠᠨ ᠰᠢᠳᠤᠷᠭᠤ ᠬᠥᠮᠦᠨ ᠪᠣᠯᠬᠤ᠂ ᠠᠷᠢᠭᠤᠨ ᠴᠢᠬᠡᠴᠢ ᠨᠣᠶᠠᠨ ᠰᠠᠭᠤᠬᠤ ᠶᠣᠰᠣ ᠰᠤᠷᠲᠠᠬᠤᠨ ᠤ ᠢᠲᠡᠭᠡᠯ ᠢ ᠰᠠᠬᠢᠬᠤ ᠬᠡᠷᠡᠭᠲᠡᠢ᠃ ᠪᠦᠯᠬᠦᠮᠳᠡᠨ ᠬᠠᠮᠵᠢᠯᠴᠠᠵᠤ᠂ ᠣᠯᠠᠨ ᠢᠶᠠᠷ ᠢᠶᠠᠨ ᠬᠤᠸᠠᠷ ᠫᠤᠤᠵᠢᠩ ᠥᠨᠳᠥᠷ ᠰᠡᠯᠢᠭᠦᠷᠳᠡᠵᠦ᠂ ᠣᠯᠠᠨ ᠢᠶᠠᠷ ᠢᠶᠠᠨ ᠲᠣᠮᠣ ᠣᠩᠭᠤᠴᠠ ᠪᠠᠨ ᠰᠡᠯᠢᠵᠦ᠂ ᠪᠥᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠠᠶᠠᠨ ᠳᠤ ᠬᠥᠮᠦᠨ ᠪᠦᠬᠦᠨ ᠡᠵᠡᠨ ᠬᠥᠮᠦᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠬᠠᠷᠢᠭᠤᠯᠲᠠ ᠶᠢᠨ ᠬᠠᠭᠤᠳᠠᠰᠤ ᠶᠢ ᠡᠪᠦᠷᠯᠡᠵᠦ᠂ ᠬᠦᠴᠦᠯᠡᠨ ᠴᠢᠷᠮᠠᠶᠢᠵᠤ ᠬᠦᠴᠦᠷᠬᠡᠭᠵᠢᠬᠦ ᠪᠠᠷ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠡᠪᠦᠷᠯᠡᠵᠦ᠂ ᠢᠳᠡᠪᠬᠢᠲᠡᠢ ᠪᠠᠷ ᠠᠵᠢᠯᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠢᠶᠠᠨ ᠤ ᠬᠡᠪᠴᠢᠶᠡᠨ ᠤ ᠬᠥᠭᠵᠢᠯ ᠴᠡᠴᠡᠭᠯᠡᠯ ᠪᠣᠯᠤᠨ ᠳᠠᠪᠰᠢᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃   ᠭᠤᠷᠪᠠ ᠳᠤ᠂ ᠪᠣᠳᠠᠲᠠᠢ ᠠᠵᠢᠯᠯᠠᠬᠤ ᠰᠤᠷᠲᠠᠯ ᠢ ᠪᠣᠢ ᠪᠣᠯᠭᠠᠵᠤ᠂ ᠵᠣᠷᠢᠭᠲᠠᠢ ᠪᠠᠷ ᠬᠢᠵᠦ᠂ ᠬᠡᠵᠢᠶᠡᠳᠡ ᠬᠢᠵᠦ᠂ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠵᠣᠷᠢᠭᠲᠠᠢ ᠪᠠᠷ ᠲᠡᠮᠡᠴᠡᠵᠦ᠂ ᠵᠣᠷᠢᠭᠲᠠᠢ ᠪᠠᠷ ᠪᠣᠭᠤᠮᠲᠠ ᠰᠢᠪᠲᠤᠯᠵᠤ᠂ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠪᠣᠯᠤᠨ ᠵᠠᠷᠢᠮ ᠤᠯᠤᠰ ᠤᠨ ᠳᠡᠰ ᠳᠠᠪᠬᠤᠷᠭ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠦᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠠᠵᠠ ᠲᠣᠬᠢᠶᠠᠯ ᠢ ᠠᠮᠵᠢᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠣᠯᠠᠨ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ᠃ ᠦᠢᠯᠡᠴᠢᠯᠡᠭᠴᠢ ᠶᠢᠨ ᠰᠡᠳᠬᠢᠬᠦᠢ ᠶᠢ ᠪᠠᠷᠢᠮᠲᠠᠯᠠᠵᠤ᠂ ︽ᠠᠯᠢᠪᠠ ᠶᠠᠪᠤᠳᠠᠯ ᠢ ᠴᠥᠮ ᠰᠢᠢᠳᠪᠦᠷᠢᠯᠡᠬᠦ︾ ᠢᠳᠡᠪᠬᠢᠲᠡᠢ ᠣᠪᠣᠷ ᠢᠶᠠᠷ ᠠᠵᠤ ᠠᠬᠤᠶᠢᠯᠠᠯ ᠢ ᠨᠠᠶᠢᠳᠠᠪᠤᠷᠢᠵᠢᠭᠤᠯᠬᠤ ᠡᠯ᠎ᠡ ᠵᠦᠢᠯ ᠤᠨ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠵᠤ ᠠᠬᠤᠶᠢᠯᠠᠯ ᠠᠮᠵᠢᠯᠲᠠ ᠲᠠᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠴᠢᠩᠭ᠎ᠠ ᠠᠩᠬᠠᠷᠴᠤ ᠲᠠᠯᠪᠢᠬᠤ ᠦᠭᠡᠢ᠂ ᠪᠣᠳᠠᠲᠠᠢ ᠶᠢ ᠡᠷᠬᠢᠮᠯᠡᠨ ᠠᠮᠵᠢᠯᠲᠠ ᠣᠯᠬᠤ ᠡᠷᠡᠰ ᠬᠠᠳᠠᠨ ᠵᠣᠷᠢᠭ ᠰᠠᠨᠠᠭ᠎ᠠ ᠶᠢ ᠢᠯᠡᠷᠡᠭᠦᠯᠵᠦ᠂ ᠬᠤᠶᠢᠰᠢᠳᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠬᠢᠭᠤᠯᠤᠯᠲᠠ ᠪᠠᠷ ᠴᠢᠷᠮᠠᠶᠢᠬᠤ ᠬᠡᠷᠡᠭᠲᠡᠢ᠃ ᠥᠨᠢ ᠡᠭᠦᠷᠢᠳᠡ ᠤᠷᠤᠭᠰᠢᠯᠠᠵᠤ᠂ ᠲᠡᠨᠡᠭ ᠡᠪᠦᠭᠡᠨ ᠠᠭᠤᠯᠠ ᠶᠢ ᠨᠡᠭᠦᠯᠭᠡᠬᠦ ᠵᠣᠷᠢᠭ ᠰᠠᠨᠠᠭ᠎ᠠ ᠪᠠᠷ ᠪᠤᠭᠤᠲᠤ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠠᠷᠠᠯᠲᠠ ᠶᠢ ᠪᠠᠷᠢᠮᠲᠠᠯᠠᠨ᠂ ᠴᠠᠭ ᠢᠮᠠᠭᠲᠠ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠬᠡᠷᠡᠭᠲᠡᠢ᠃ ᠣᠳᠣᠬᠠᠨ ᠳᠤ᠂ ᠭᠦᠶᠡᠩ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠴᠠᠭ ᠦᠶ᠎ᠡ ᠨᠢᠭᠡᠨᠲᠡ ᠬᠦᠷᠴᠦ᠂ ᠮᠠᠰᠢ ᠶᠡᠭᠡ ᠦᠷ᠎ᠡ ᠪᠦᠲᠦᠮᠵᠢ ᠣᠯᠬᠤ ᠨᠢ ᠯᠠᠪᠲᠠᠢ ᠪᠥᠭᠡᠳ ᠶᠡᠭᠡ ᠦᠢᠯᠡᠰ ᠢ ᠪᠦᠲᠦᠭᠡᠵᠦ ᠪᠣᠯᠤᠨ᠎ᠠ᠂ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤᠮᠳᠠ ᠪᠦᠲᠦᠭᠡᠯᠴᠢ ᠴᠢᠨᠠᠷᠲᠠᠢ ᠵᠢᠳᠬᠦᠯ ᠴᠢᠷᠮᠠᠶᠢᠯᠭ᠎ᠠ ᠭᠠᠷᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ ᠰᠢᠨᠵᠢᠯᠡᠬᠦ ᠤᠬᠠᠭᠠᠨᠴᠢ ᠪᠠᠷ ᠠᠵᠢᠯᠯᠠᠵᠤ᠂ ᠣᠯᠠᠨ ᠲᠦᠮᠡᠨ ᠳᠤ ᠦᠢᠯᠡᠴᠢᠯᠡᠬᠦ᠂ ᠬᠤᠷᠢᠭ᠎ᠠ ᠱᠤᠭᠤᠮ ᠢ ᠪᠠᠲᠤ ᠰᠠᠬᠢᠬᠤ ᠳᠤᠮᠳᠠ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠭᠦᠶᠡᠩ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠣᠯᠠᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号