ᠰᠢᠶᠠᠨ ᠤ ᠨᠠᠮ ᠤᠨ ᠬᠤᠷᠢᠶ᠎ᠡ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/18
    2 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃    ᠬᠤᠷᠠᠯ ᠠᠴᠠ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠮᠡᠳᠡᠭᠳᠡᠯ︾ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ︿ᠳᠥᠷᠪᠡᠨ ᠵᠦᠢᠯ ᠤᠨ ᠬᠡᠯᠪᠡᠷᠢ ᠪᠠᠶᠢᠳᠠᠯ﹀ ᠢ ᠣᠨᠣᠪᠴᠢᠲᠠᠢ ᠬᠡᠷᠡᠭᠯᠡᠬᠦ ᠶᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠤᠯᠠᠮᠵᠢᠯᠠᠪᠠ᠃    ᠬᠤᠷᠠᠯ ᠳᠡᠭᠡᠷ᠎ᠡ᠂ ᠾᠧᠦ ᠶᠥᠩ ᠹᠧᠩ᠂ ᠽᠧᠩ ᠬᠤᠩ ᠪᠢᠨ᠂ ᠸᠠᠩ ᠬᠤᠤ᠂ ᠸᠠᠩ ᠰᠢᠶᠠᠩ ᠯᠢᠨ᠂ ᠽᠧᠩ ᠪᠦᠸᠧ ᠲᠤᠰ ᠲᠤᠰ ᠤᠨ ᠪᠣᠳᠣᠯᠬᠢᠯᠠᠯ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠭᠤᠣᠯ ᠳᠤᠭᠤᠶᠢᠯᠠᠩ ᠤᠨ ᠪᠦᠷᠢᠯᠳᠦᠬᠦᠨ ᠪᠢᠴᠢᠭ ᠤᠨ ᠮᠠᠲ᠋ᠧᠷᠢᠶᠠᠯ ᠢᠶᠠᠨ ᠲᠤᠰᠢᠶᠠᠪᠠ᠃   ᠶᠣᠣ ᠵᠢᠶᠦ᠋ᠨ ᠵᠢᠶᠧ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠰᠡᠷᠭᠡᠭ ᠢᠶᠠᠷ ᠲᠠᠨᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ᠂ ᠰᠡᠷᠡᠮᠵᠢᠯᠡᠭᠦᠯᠬᠦ ᠬᠥᠮᠦᠵᠢᠯ᠂ ᠤᠬᠠᠭᠤᠯᠤᠨ ᠬᠥᠲᠥᠯᠥᠨ ᠳᠠᠭᠠᠭᠤᠯᠬᠤ ᠵᠡᠷᠭᠡ ᠲᠠᠯ᠎ᠠ ᠶᠢᠨ ᠠᠵᠢᠯ ᠢ ᠰᠠᠶᠢᠲᠤᠷ ᠠᠳᠬᠤᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠡᠨᠬᠦ ᠴᠢᠩᠭ᠎ᠠ ᠰᠠᠬᠢᠯᠭ᠎ᠠ ᠪᠠᠲᠤ᠂ ᠪᠣᠳᠠᠲᠠᠢ ᠰᠤᠷᠲᠠᠯ ᠢᠶᠠᠷ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃    ᠣᠳᠣᠬᠠᠨ ᠤ ᠠᠵᠢᠯ ᠢ ᠰᠠᠶᠢᠲᠤᠷ ᠬᠢᠬᠦ ᠪᠠ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠥᠷᠨᠢᠭᠦᠯᠬᠦ ᠲᠤᠬᠠᠢ ᠶᠣᠣ ᠵᠢᠶᠦ᠋ᠨ ᠵᠢᠶᠧ ᠴᠢᠬᠤᠯᠠᠴᠢᠯᠠᠭᠰᠠᠨ ᠨᠢ᠂ ᠨᠢᠭᠡ ᠳᠤ᠂ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠢ ᠲᠥᠪ ᠴᠢᠩᠭ᠎ᠠ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠥᠪᠡᠷ ᠤᠨ ᠪᠡᠶ᠎ᠡ ᠠᠴᠠ ᠪᠠᠨ ᠡᠭᠦᠰᠬᠦ ᠪᠠ ᠠᠵᠢᠯ ᠤᠨ ᠪᠣᠳᠠᠲᠤ ᠪᠠᠶᠢᠳᠠᠯ ᠠᠴᠠ ᠪᠣᠳᠣᠯᠬᠢᠯᠠᠬᠤ ᠶᠢ ᠪᠠᠷᠢᠮᠲᠠᠯᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠲᠠᠢ ᠬᠠᠷᠢᠴᠠᠭᠤᠯᠵᠤ᠂ ᠥᠪᠡᠷ ᠢ ᠪᠠᠨ ᠴᠢᠩᠭ᠎ᠠ ᠬᠢᠨᠠᠨ ᠦᠵᠡᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ ᠦᠵᠡᠵᠦ᠂ ᠠᠰᠠᠭᠤᠳᠠᠯ ᠤᠨ ᠡᠬᠢ ᠰᠤᠷᠪᠤᠯᠵᠢ ᠶᠢ ᠣᠯᠵᠤ᠂ ᠰᠡᠳᠦᠪ ᠤᠨ ᠭᠤᠣᠯᠳᠠᠯᠭ᠎ᠠ ᠶᠢ ᠣᠨᠣᠪᠴᠢᠲᠠᠢ ᠣᠯᠵᠤ᠂ ᠠᠰᠠᠭᠤᠳᠠᠯ ᠢ ᠢᠯᠡᠷᠡᠭᠦᠯᠬᠦ ᠠᠷᠭ᠎ᠠ ᠪᠣᠳᠣᠯᠭ᠎ᠠ ᠶᠢ ᠡᠷᠢᠬᠦ ᠬᠡᠷᠡᠭᠲᠡᠢ᠃ ᠠᠰᠠᠭᠤᠳᠠᠯ ᠢ ᠦᠨᠡᠨ ᠪᠣᠳᠠᠲᠠᠢ ᠪᠠᠷ ᠵᠢᠭᠠᠨ ᠭᠠᠷᠭᠠᠵᠤ᠂ ᠣᠨᠣᠯ ᠤᠨ ᠰᠤᠷᠤᠯᠴᠠᠯᠭ᠎ᠠ᠂ ᠰᠠᠨᠠᠭᠤᠯᠭ᠎ᠠ ᠬᠤᠷᠢᠶᠠᠵᠤ ᠰᠡᠳᠬᠢᠯ ᠤᠨ ᠦᠭᠡ ᠪᠠᠨ ᠶᠠᠷᠢᠯᠴᠠᠬᠤ᠂ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠬᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠪᠢᠴᠢᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠶᠢᠨ ᠬᠠᠮᠲᠤ ᠠᠯᠬᠤᠮ ᠳᠠᠷᠠᠭ᠎ᠠ ᠪᠠᠨ ᠨᠠᠷᠢᠯᠢᠬᠵᠢᠭᠤᠯᠵᠤ ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠦᠢᠯᠡᠳᠦᠯᠭᠡᠵᠢᠭᠦᠯᠦᠨ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠬᠤᠶᠠᠷ ᠲᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠤᠷᠲᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠦᠷᠭᠦᠯᠵᠢᠯᠡᠨ ᠭᠦᠨᠵᠡᠭᠡᠢ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠯ ᠪᠠ ᠪᠠᠲᠤᠯᠠᠭ᠎ᠠ ᠶᠢᠨ ᠤᠷᠮᠠᠰᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ︽ᠰᠤᠷᠤᠯᠴᠠᠬᠤ︾ ᠶᠢ ᠪᠠᠶᠢᠩᠭᠤ ᠬᠢᠵᠦ᠂ ︽ᠴᠠᠭᠳᠠᠭ᠎ᠠ︾ ᠶᠢ ᠬᠡᠪ ᠤᠨ ᠪᠠᠶᠢᠳᠠᠯ ᠳᠤ ᠪᠠᠶᠢᠯᠭᠠᠵᠤ᠂ ᠰᠡᠳᠬᠢᠯ ᠳᠡᠭᠡᠨ ᠵᠢᠷᠦᠬᠡᠰᠢᠶᠡᠯ ᠲᠠᠢ ᠪᠠᠶᠢᠬᠤ᠂ ᠦᠭᠡ ᠬᠡᠯᠡᠬᠦ ᠳᠡᠭᠡᠨ ᠴᠡᠭᠡᠷ ᠲᠠᠢ ᠪᠠᠶᠢᠬᠤ᠂ ᠦᠢᠯᠡ ᠠᠵᠢᠯᠯᠠᠭ᠎ᠠ ᠳᠠᠭᠠᠨ ᠬᠢᠵᠠᠭᠠᠷᠯᠠᠯ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠢᠶᠠᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠪᠠᠨ ᠴᠠᠭ ᠢᠮᠠᠭᠲᠠ ᠪᠠᠳᠤᠯᠠᠬᠤ ᠬᠡᠷᠡᠭᠳᠡᠢ᠃ ᠭᠤᠷᠪᠠ ᠳᠤ᠂ 2025 ᠣᠨ ᠤ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠬᠥᠭᠵᠢᠯᠲᠡ ᠶᠢᠨ ᠪᠣᠳᠠᠲᠤ ᠠᠮᠵᠢᠯᠲᠠ ᠪᠣᠯᠭᠠᠨ ᠬᠤᠪᠢᠷᠠᠭᠤᠯᠵᠤ᠂ ᠪᠣᠳᠠᠲᠠᠢ ᠲᠠᠢ ᠤᠶᠠᠯᠳᠤᠭᠤᠯᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠵᠦᠢᠯᠡᠰ ᠢ ᠪᠣᠳᠠᠲᠠᠢ ᠶᠠᠪᠤᠳᠠᠯ ᠲᠡᠭᠡᠷ᠎ᠡ ᠬᠡᠷᠡᠭᠵᠢᠭᠦᠯᠵᠦ ᠪᠣᠯᠬᠤᠶᠢᠴᠠ ᠢᠨᠵᠧᠨᠧᠷᠢᠩ ᠪᠣᠯᠭᠠᠨ ᠬᠤᠪᠢᠷᠠᠭᠤᠯᠵᠤ᠂ ᠤᠯᠤᠰ ᠤᠨ ᠳᠡᠮᠵᠢᠯᠭᠡ ᠶᠢ ᠨᠡᠩ ᠣᠨᠣᠪᠴᠢᠲᠠᠢ ᠪᠦᠲᠦᠮᠵᠢᠲᠡᠢ ᠲᠡᠮᠡᠴᠡᠨ ᠣᠯᠵᠤ᠂ ᠰᠠᠶᠢᠨ ︽ᠭᠤᠷᠪᠠ ᠶᠢ ᠲᠡᠮᠡᠴᠡᠨ ᠣᠯᠬᠤ︾ ᠬᠢᠷᠢ ᠪᠦᠲᠦᠮᠵᠢ ᠶᠢᠨ ᠬᠠᠭᠤᠳᠠᠰᠤ ᠶᠢ ᠴᠢᠷᠮᠠᠶᠢᠨ ᠭᠠᠷᠭᠠᠬᠤ ᠬᠡᠷᠡᠭᠲᠡᠢ᠃ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠢ ᠠᠷᠭᠠᠴᠠᠭᠠᠬᠤ ᠶᠠᠪᠤᠴᠠ ᠶᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠥᠭᠵᠢᠯᠲᠡ ᠶᠢᠨ ᠪᠣᠳᠠᠲᠤ ᠠᠮᠵᠢᠯᠲᠠ ᠪᠣᠯᠭᠠᠨ ᠬᠤᠪᠢᠷᠠᠭᠤᠯᠵᠤ᠂ ᠬᠦᠴᠢᠷ ᠪᠡᠷᠬᠡᠰᠢᠶᠡᠯ ᠤᠨ ᠳᠣᠲᠣᠷ᠎ᠠ ᠠᠴᠠ ᠶᠠᠭ ᠭᠠᠷᠴᠤ ᠪᠠᠶᠢᠭ᠎ᠠ ᠢᠳᠡᠪᠬᠢᠲᠡᠢ ᠬᠤᠪᠢᠷᠠᠯᠲᠠ ᠶᠢ ᠣᠯᠵᠤ ᠬᠠᠷᠠᠬᠤ ᠳᠠᠭᠠᠨ ᠴᠢᠳᠠᠮᠠᠭᠠᠢ ᠪᠠᠶᠢᠵᠤ᠂ ᠳᠠᠷᠤᠯᠲᠠ ᠳᠣᠲᠣᠷ᠎ᠠ ᠠᠴᠠ ᠶᠠᠭ ᠪᠤᠶᠢᠵᠢᠵᠤ ᠪᠠᠶᠢᠭ᠎ᠠ ᠰᠢᠨ᠎ᠡ ᠬᠥᠳᠡᠯᠭᠡᠬᠦ ᠬᠦᠴᠦᠨ ᠢ ᠣᠯᠵᠤ ᠬᠠᠷᠠᠵᠤ᠂ ᠬᠠᠷᠰᠢ ᠰᠠᠭᠠᠳ ᠠᠴᠠ ᠨᠢᠭᠡᠨᠲᠡ ᠲᠣᠳᠣᠷᠬᠠᠢ ᠪᠣᠯᠤᠭᠰᠠᠨ ᠰᠢᠪᠲᠤᠯᠤᠯᠲᠠ ᠶᠢᠨ ᠴᠢᠭᠯᠡᠯ ᠢ ᠣᠯᠵᠤ ᠬᠠᠷᠠᠨ᠂ ᠥᠷᠢᠰᠥᠯᠳᠦᠭᠡᠨ ᠤ ᠳᠤᠮᠳᠠ ᠠᠴᠠ ᠨᠡᠩ ᠠᠯᠤᠰ ᠬᠡᠳᠦ ᠶᠢᠨ ᠬᠥᠭᠵᠢᠯᠲᠡ ᠶᠢᠨ ᠠᠵᠠ ᠲᠣᠬᠢᠶᠠᠯ ᠢ ᠣᠯᠵᠤ ᠬᠠᠷᠠᠨ᠂ ᠯᠠᠪᠳᠠᠭᠤᠨ ᠪᠠᠲᠤᠲᠠᠢ ᠠᠵᠢᠯ ᠢᠶᠠᠷ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠪᠥᠬᠦ ᠰᠢᠶᠠᠨ ᠤ ᠭᠤᠣᠯᠳᠠᠯᠭ᠎ᠠ ᠲᠠᠢ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠱᠦᠵᠢ ᠶᠢᠨ ᠲᠤᠰᠬᠠᠢ ᠰᠡᠳᠦᠪᠲᠦ ᠬᠤᠷᠠᠯ ᠳᠤ ᠲᠣᠭᠲᠠᠭᠠᠭᠰᠠᠨ ᠵᠦᠢᠯᠡᠰ ᠢ ᠬᠥᠭᠵᠢᠯᠲᠡ ᠶᠢᠨ ᠪᠣᠳᠠᠲᠤ ᠠᠮᠵᠢᠯᠲᠠ ᠪᠣᠯᠭᠠᠨ ᠬᠤᠪᠢᠷᠠᠭᠤᠯᠵᠤ᠂ ᠪᠦᠬᠦ ᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠲᠥᠯᠥᠪᠵᠢᠭᠦᠯᠵᠦ ᠂ ᠨᠠᠷᠢᠨ ᠬᠢᠨᠠᠮᠠᠭᠠᠢ ᠬᠠᠷᠢᠭᠤᠴᠠᠵᠤ᠂ ᠴᠢᠩᠭ᠎ᠠ ᠠᠩᠬᠠᠷᠴᠤ᠂ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠭᠦᠶᠡᠩ ᠰᠢᠶᠠᠨ ᠢ ᠪᠤᠭᠤᠲᠤ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠵᠤ ᠠᠬᠤᠢ ᠶᠢᠨ ᠨᠡᠮᠡᠭᠳᠡᠯ ᠤᠨ ᠲᠦᠢᠯ ᠪᠣᠯᠭᠠᠵᠤ᠂ ᠲᠡᠷᠢᠭᠦᠨ ᠤ ᠠᠮᠵᠢᠯᠲᠠ ᠪᠦᠲᠦᠮᠵᠢ ᠪᠠᠷ ︽ᠪᠤᠭᠤᠲᠤ ᠶᠢ ᠬᠠᠶᠢᠷᠠᠯᠠᠵᠤ᠂ ᠬᠤᠪᠢ ᠨᠡᠮᠡᠷᠢ ᠦᠵᠡᠭᠦᠯᠵᠦ᠂ ᠭᠦᠶᠡᠩ ᠢ ᠬᠠᠶᠢᠷᠠᠯᠠᠵᠤ᠂ ᠬᠥᠭᠵᠢᠯᠲᠡ ᠶᠢ ᠡᠷᠢᠯᠬᠢᠯᠡᠬᠦ︾ ᠬᠡᠷᠡᠭᠲᠡᠢ︕ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号