ᠥᠷᠭᠡᠨ ᠠᠭᠤᠳᠠᠮ ᠭᠠᠵᠠᠷ ᠨᠤᠳᠤᠭ ᠳᠡᠭᠡᠷ᠎ᠡ᠂ ᠤᠨ ᠵᠢᠯ ᠤᠨ ᠣᠷᠣ ᠮᠥᠷ ᠪᠠ ᠰᠣᠶᠣᠯ ᠤᠨ ᠭᠤᠣᠯ | ᠴᠢᠮᠥᠭᠡ ᠶᠢ ᠠᠴᠢᠶᠠᠯᠠᠭᠰᠠᠨ ᠲᠤᠭ᠎ᠠ ᠲᠤᠮᠰᠢ ᠦᠭᠡᠢ ᠣᠯᠠᠨ ᠲᠤᠰᠬᠤᠨ ᠨᠢᠭᠤᠭᠳᠠᠵᠤ ᠪᠠᠶᠢᠨ᠎ᠠ᠃ ᠥᠨᠥᠳᠦᠷ᠂ | ᠪᠢᠳᠡ ᠬᠠᠮᠲᠤ ᠪᠠᠷ ᠪᠦᠬᠦ ᠤᠯᠤᠰ ᠤᠨ ᠲᠠᠪᠤᠳᠤᠭᠠᠷ ᠪᠦᠯᠦᠭ ᠤᠨ ᠳᠤᠮᠳᠠᠳᠤ ᠤᠯᠤᠰ ᠤᠨ ᠤᠯᠠᠮᠵᠢᠯᠠᠯᠲᠤ ᠡᠷᠲᠡᠨ ᠤ | ᠲᠣᠰᠬᠤᠨ - ᠳ᠋ᠠ ᠢᠩᠲᠦ ᠲᠣᠰᠬᠤᠨ ᠳᠤ ᠣᠷᠣᠪᠠ᠃ ᠠᠳᠡᠬᠢ ᠶᠢᠨ ᠨᠠᠢᠮᠠᠨ ᠦᠶ᠎ᠡ ᠶᠢᠨ ᠠᠷᠠᠳ ᠤᠨ ᠣᠷᠣᠨ | ᠰᠠᠭᠤᠴᠠ ᠢᠷᠠᠭᠤ ᠰᠠᠶᠢᠬᠠᠨ ᠡᠷᠲᠡᠨ ᠤ ᠠᠶᠠᠯᠭᠤ ᠶᠢ ᠬᠠᠳᠠᠭᠠᠯᠠᠭᠰᠠᠨ ᠢᠶᠠᠷ ᠪᠠᠷᠠᠬᠤ ᠦᠭᠡᠢ᠂ ᠪᠠᠰᠠ ᠲᠡᠳᠡᠨ ᠤ | ᠥᠪᠡᠷᠮᠢᠴᠡ ᠨᠦᠬᠡᠨ ᠭᠡᠷ ᠤᠨ ᠰᠣᠶᠣᠯ ᠪᠠ ᠡᠯᠪᠡᠭ ᠪᠠᠶᠠᠯᠢᠭ ᠲᠡᠦᠬᠡ ᠶᠢᠨ ᠠᠭᠤᠯᠤᠭᠳᠠᠬᠤᠨ ᠢᠶᠠᠷ ᠪᠢᠳᠡᠨ ᠳᠤ | ᠥᠩᠭᠡᠷᠡᠭᠰᠡᠨ ᠤ ᠦᠯᠢᠭᠡᠷ ᠢ ᠶᠠᠷᠢᠵᠤ ᠪᠠᠶᠢᠯ᠎ᠠ᠃ | ᠳ᠋ᠠ ᠢᠩᠳᠦ ᠲᠣᠰᠬᠤᠨ ᠳᠤ ᠴᠠᠭ ᠦᠶ᠎ᠡ ᠡᠶᠡᠯᠰᠡᠭ ᠳᠣᠲᠣᠨᠣ ᠪᠠᠶᠢᠵᠤ᠂ ᠠᠳᠡᠬᠢ ᠨᠦᠬᠡᠨ ᠭᠡᠷ ᠤᠨ ᠲᠥᠷᠥᠯ | ᠵᠦᠢᠯ ᠣᠯᠠᠨ᠂ ᠲᠣᠭᠤᠰᠬ᠎ᠠ ᠪᠦᠷᠢ ᠨᠢ ᠴᠥᠮ ᠳᠡᠭᠡᠳᠦᠰ ᠤᠨ ᠣᠶᠤᠨ ᠤᠬᠠᠭᠠᠨ ᠪᠣᠯᠤᠨ ᠠᠵᠢᠯᠴᠢ | ᠬᠥᠳᠡᠯᠮᠦᠷᠢᠴᠢ ᠶᠢ ᠵᠠᠳᠠᠷᠠᠭᠤᠯᠵᠤ ᠪᠠᠶᠢᠪᠠ᠃ ᠠᠯᠬᠤᠯᠠᠬᠤ ᠬᠤᠭᠤᠴᠠᠭᠠᠨ ᠳᠤ᠂ ᠶᠠᠭ ᠲᠡᠷᠡ ᠬᠦ ᠪᠣᠷᠣᠭᠵᠢᠭᠤᠨ | ᠪᠥᠭᠡᠳ ᠰᠠᠶᠢᠨ ᠰᠠᠶᠢᠬᠠᠨ ᠴᠠᠭ ᠦᠶ᠎ᠡ ᠶᠢ ᠲᠤᠭᠤᠯᠤᠭᠰᠠᠨ ᠰᠢᠭ᠂ ᠲᠡᠷᠡᠬᠦ ᠨᠠᠮ ᠰᠡᠯᠡᠭᠦᠨ ᠪᠠ ᠡᠶ᠎ᠡ ᠵᠣᠬᠢᠴᠠᠯ ᠢ | ᠰᠡᠷᠡᠵᠦ ᠮᠡᠳᠡᠭᠰᠡᠨ ᠪᠠᠶᠢᠨ᠎ᠠ᠃ | ᠰᠢᠶᠠ ᠱᠢ ᠬᠤᠤ ᠪᠠᠯᠭᠠᠰᠤ ᠳ᠋ᠠ ᠢᠩᠲᠦ ᠲᠣᠰᠬᠤᠨ ᠤ ᠣᠯᠠᠨ ᠠᠴᠠ ᠣᠨᠴᠠᠭᠠᠢ ᠭᠠᠵᠠᠷ ᠵᠦᠢ ᠶᠢᠨ ᠳᠠᠪᠠᠭᠤᠯᠢᠭ᠂ | ᠡᠯᠪᠡᠭ ᠪᠠᠶᠠᠯᠢᠭ ᠬᠤᠪᠢᠰᠬᠠᠯ ᠤᠨ ᠡᠬᠢ ᠪᠠᠶᠠᠯᠢᠭ ᠪᠣᠯᠤᠨ ᠵᠢᠷᠤᠭ ᠮᠡᠲᠦ ᠦᠵᠡᠮᠵᠢ ᠳᠤ ᠲᠦᠰᠢᠭᠯᠡᠵᠦ᠂ | ᠲᠣᠰᠬᠤᠨ ᠤ ᠬᠠᠮᠲᠤ ᠪᠣᠯᠤᠨ ᠲᠠᠷᠢᠶᠠᠴᠢᠨ ᠡᠷᠦᠬᠡ ᠶᠢᠨ ᠰᠤᠯᠠ ᠪᠠᠶᠢᠬᠤ ᠡᠬᠢ ᠪᠠᠶᠠᠯᠢᠭ ᠢ ᠤᠷᠠᠨ ᠢᠶᠠᠷ ᠨᠡᠶᠢᠳᠬᠡᠵᠦ᠂ | ᠰᠡᠯᠡᠭᠦᠴᠡᠯ ᠤᠨ ᠲᠠᠷᠢᠶᠠᠯᠠᠩ ᠤᠨ ᠵᠢᠭᠤᠯᠴᠢᠯᠠᠯ ᠢᠶᠠᠷ ᠭᠤᠣᠯ ᠴᠣᠭᠴᠠ ᠪᠣᠯᠭᠠᠭᠰᠠᠨ᠂ ᠴᠠᠨ᠎ᠠ ᠴᠡᠴᠡᠭ ᠤᠨ ᠳᠠᠯᠠᠢ | ᠪᠣᠯᠤᠨ ᠬᠤᠪᠢᠰᠬᠠᠯ ᠤᠨ ᠰᠣᠶᠣᠯ ᠤᠨ ᠣᠷᠳᠣᠨ ᠢᠶᠠᠷ ᠭᠤᠣᠯ ᠪᠣᠯᠭᠠᠭᠰᠠᠨ ᠰᠢᠨ᠎ᠡ ᠵᠠᠮ ᠢ ᠨᠡᠭᠡᠭᠡᠪᠡ᠃ | ᠡᠮᠦᠨᠡᠲᠦ ᠶᠢᠨ ᠴᠠᠭᠠᠨ ᠨᠣᠭᠤᠭ᠎ᠠ ᠶᠢᠨ ᠠᠮᠤ ᠪᠤᠳᠠᠭᠠᠨ ᠤ ᠪᠠᠭᠤᠷᠢ ᠠᠴᠠ ᠠᠷᠤ ᠨᠢᠷᠤᠭᠤ ᠶᠢᠨ ᠶᠠᠫᠣᠨ ᠢ | ᠡᠰᠡᠷᠭᠦᠴᠡᠬᠦ ᠰᠦᠮ᠎ᠡ ᠶᠢᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠵᠠᠮ ᠱᠤᠭᠤᠮ ᠨᠢ ᠨᠢᠭᠡ ᠤᠯᠠᠭᠠᠨ | ᠥᠩᠭᠡ ᠶᠢᠨ ᠲᠣᠷᠭᠠᠨ ᠪᠦᠰᠡ ᠮᠡᠲᠦ ᠪᠠᠶᠢᠵᠤ᠂ ᠳ᠋ᠠ ᠢᠩᠲᠦ ᠲᠣᠰᠬᠤᠨ ᠤ ᠤᠯᠠᠭᠠᠨ ᠥᠩᠭᠡ ᠨᠢ ᠡᠷᠭᠢᠨ | ᠲᠣᠭᠤᠷᠢᠨ ᠤ ᠬᠤᠪᠢᠰᠬᠠᠯ ᠤᠨ ᠡᠬᠢ ᠪᠠᠶᠠᠯᠢᠭ ᠲᠠᠢ ᠨᠢᠭᠲᠠ ᠬᠤᠯᠪᠣᠯᠳᠤᠵᠤ ᠪᠠᠶᠢᠪᠠ᠃ ᠵᠠᠮ ᠳᠠᠭᠠᠤ᠂ ᠪᠠᠭᠤᠷᠢ | ᠨᠢᠭᠡᠪᠦᠷᠢ ᠴᠥᠮ ᠲᠡᠦᠬᠡ ᠶᠢᠨ ᠭᠡᠷᠡᠴᠢᠯᠡᠯ ᠪᠠᠶᠢᠵᠤ᠂ ᠬᠡᠰᠡᠭ ᠪᠦᠷᠢ ᠶᠢᠨ ᠦᠯᠢᠭᠡᠷ ᠨᠢᠭᠡᠪᠦᠷᠢ ᠴᠥᠮ ᠤᠯᠤᠰ ᠢᠶᠠᠨ | ᠬᠠᠶᠢᠷᠠᠯᠠᠬᠤ ᠰᠡᠳᠬᠢᠯᠭᠡ ᠶᠢ ᠬᠥᠭᠵᠢᠭᠡᠵᠦ᠂ ᠬᠥᠮᠦᠰ ᠲᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ | ᠪᠠᠭᠠᠲᠤᠷᠯᠢᠭ ᠵᠣᠷᠢᠭ ᠰᠠᠨᠠᠭ᠎ᠠ ᠪᠠ ᠦᠷᠡᠭᠳᠡᠯ ᠢ ᠭᠦᠨᠵᠡᠭᠡᠢ ᠣᠶᠢᠯᠠᠭᠠᠭᠤᠯᠪᠠ᠃ | ᠴᠦᠨ ᠺᠦᠨ ᠱᠠᠨ ᠤ ᠰᠦᠷᠯᠢᠭ ᠰᠠᠶᠢᠬᠠᠨ᠂ ᠮᠠ ᠠᠨ ᠯᠢᠩ ᠳᠠᠪᠠᠭᠠᠨ ᠤ ᠦᠵᠡᠰᠬᠦᠯᠡᠩᠲᠦ ᠰᠠᠶᠢᠬᠠᠨ᠂ ᠨᠠᠨ | ᠪᠠᠢ ᠼᠠᠢ ᠭᠤᠣᠯ ᠳᠠᠭᠠᠤ ᠨᠠᠮ ᠰᠡᠯᠡᠭᠦᠨ ᠪᠠᠶᠢᠪᠠ ᠁ ᠡᠳᠡᠭᠡᠷ ᠪᠠᠶᠢᠭᠠᠯᠢ ᠶᠢᠨ ᠥᠩᠭᠡ ᠦᠵᠡᠮᠵᠢ ᠨᠢ ᠳ᠋ᠡ | ᠢᠩᠲᠦ ᠲᠣᠰᠬᠤᠨ ᠤ ᠨᠦᠬᠡᠨ ᠭᠡᠷ ᠤᠨ ᠰᠣᠶᠣᠯ ᠤᠨ ᠣᠷᠳᠣᠨ᠂ ᠤᠯᠠᠮᠵᠢᠯᠠᠯᠲᠤ ᠠᠷᠠᠳ ᠤᠨ ᠣᠷᠣᠨ ᠰᠠᠭᠤᠴᠠ᠂ | ᠴᠠᠨ᠎ᠠ ᠴᠡᠴᠡᠭ ᠵᠡᠷᠭᠡ ᠬᠥᠮᠦᠨ ᠰᠣᠶᠣᠯ ᠤᠨ ᠦᠵᠡᠮᠵᠢ ᠲᠠᠢ ᠥᠩᠭᠡ ᠢᠯᠭᠠᠷᠠᠵᠤ᠂ ᠬᠥᠮᠦᠰ ᠤᠨ ᠰᠡᠳᠬᠢᠯ ᠢ | ᠬᠥᠳᠡᠯᠭᠡᠮ᠎ᠡ ᠵᠢᠷᠤᠭ ᠢ ᠪᠦᠷᠢᠯᠳᠦᠭᠦᠯᠵᠡᠢ᠃ ᠠᠳᠡ ᠵᠢᠭᠤᠯᠴᠢᠯᠠᠯ ᠤᠨ ᠲᠠᠷᠢᠶᠠᠯᠠᠩ ᠨᠢ ᠳᠥᠭᠦᠮᠬᠡᠨ ᠢᠶᠠᠷ ᠵᠤᠭᠠᠴᠠᠬᠤ | ᠶᠠᠪᠤᠳᠠᠯ ᠪᠢᠰᠢ᠂ ᠪᠠᠶᠢᠭᠠᠯᠢ ᠲᠠᠢ ᠡᠶ᠎ᠡ ᠵᠣᠬᠢᠴᠠᠯ ᠲᠠᠢ ᠬᠠᠮᠲᠤ ᠣᠷᠣᠰᠢᠬᠤ ᠬᠠᠶᠢᠨ ᠰᠥᠪᠡᠭᠴᠢᠯᠡᠯᠲᠡ ᠮᠥᠨ᠃ | ᠳ᠋ᠠ ᠢᠩᠲᠦ ᠲᠣᠰᠬᠤᠨ ᠪᠣᠯ ᠰᠡᠯᠡᠭᠦᠴᠡᠨ ᠠᠮᠠᠷᠠᠬᠤ ᠭᠠᠵᠠᠷ ᠪᠣᠯᠬᠤ ᠪᠠᠷ ᠪᠠᠷᠠᠬᠤ ᠦᠭᠡᠢ᠂ ᠨᠡᠩ ᠴᠤ ᠰᠤᠷᠭᠠᠨ | ᠬᠥᠮᠦᠵᠢᠯ ᠤᠨ ᠬᠤᠶᠠᠳᠤᠭᠠᠷ ᠬᠢᠴᠢᠶᠡᠯ ᠤᠨ ᠲᠠᠩᠬᠢᠮ ᠪᠣᠯᠤᠨ᠎ᠠ᠃ ᠪᠤᠭᠤᠲᠤ ᠬᠤᠲᠠ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠪᠣᠯᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ | ᠠᠳᠡ ᠬᠡᠭᠡᠷ᠎ᠡ ᠪᠠᠭᠤᠳᠠᠯᠯᠠᠬᠤ ᠭᠠᠵᠠᠷ ᠵᠢᠴᠢ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠤᠨ ᠰᠠᠭᠤᠷᠢᠨ | ᠭᠠᠵᠠᠷ ᠢ ᠪᠠᠶᠢᠭᠤᠯᠵᠤ᠂ ᠬᠡᠦᠬᠡᠳ ᠤᠳ ᠢ ᠵᠤᠭᠠᠴᠠᠨ ᠨᠠᠭᠠᠳᠬᠤ ᠳᠤᠮᠳᠠ ᠰᠤᠷᠤᠯᠴᠠᠭᠤᠯᠵᠤ᠂ ᠰᠤᠷᠤᠯᠴᠠᠯᠭ᠎ᠠ ᠶᠢᠨ | ᠳᠤᠮᠳᠠ ᠥᠰᠦᠨ ᠪᠤᠶᠢᠵᠢᠭᠤᠯᠵᠤ᠂ ᠰᠤᠷᠭᠠᠨ ᠬᠥᠮᠦᠵᠢᠯ ᠢ ᠪᠠᠶᠠᠷ ᠴᠡᠩᠭᠡᠯ ᠳᠤ ᠠᠭᠤᠯᠵᠤ᠂ ᠤᠳᠠᠭ᠎ᠠ ᠪᠦᠷᠢ ᠶᠢᠨ | ᠵᠢᠭᠤᠯᠴᠢᠯᠠᠯ ᠨᠢ ᠴᠥᠮ ᠮᠠᠷᠳᠠᠭᠳᠠᠰᠢ ᠦᠭᠡᠢ ᠰᠤᠷᠭᠠᠨ ᠬᠥᠮᠦᠵᠢᠯ ᠤᠨ ᠠᠶᠠᠯᠠᠯ ᠪᠣᠯᠤᠭᠰᠠᠨ ᠪᠠᠶᠢᠨ᠎ᠠ᠃ | ᠳ᠋ᠠ ᠢᠩᠲᠦ ᠲᠣᠰᠬᠤᠨ ᠡᠷᠲᠡᠨ ᠤ ᠡᠭᠡᠰᠢᠭ᠂ ᠤᠯᠠᠭᠠᠨ ᠥᠩᠭᠡ᠂ ᠪᠠᠶᠢᠭᠠᠯᠢ᠂ ᠰᠤᠷᠭᠠᠨ ᠬᠥᠮᠦᠵᠢᠯ ᠢ ᠨᠢᠭᠡ | ᠴᠣᠭᠴᠠᠵᠢᠭᠤᠯᠤᠭᠰᠠᠨ ᠣᠯᠠᠨ ᠡᠰᠢᠲᠦ ᠬᠤᠸᠠᠷᠠᠨ ᠤ ᠶᠡᠷᠦᠩᠬᠡᠶᠢᠯᠡᠭᠰᠡᠨ ᠴᠣᠭᠴᠠ᠂ ᠨᠡᠭᠡᠭᠡᠯᠲᠡᠲᠦ ᠣᠪᠣᠷ ᠢᠶᠠᠷ | ᠠᠯᠤᠰ ᠵᠠᠮ ᠤᠨ ᠵᠣᠴᠢᠨ ᠨᠢᠭᠡᠪᠦᠷᠢ ᠶᠢ ᠤᠭᠲᠤᠵᠤ ᠪᠠᠶᠢᠨ᠎ᠠ᠃ | |