ᠶᠢᠨ ᠬᠤᠤ ᠪᠠᠯᠭᠠᠰᠤᠨ ᠤ ᠳ᠋ᠦᠩ ᠶᠤᠸᠠᠨ ᠶᠥᠩ ᠲᠣᠰᠬᠤᠨ ︽ᠥᠨᠳᠥᠷ ᠨᠠᠰᠤᠨ ᠤ ᠭᠡᠷᠡᠴᠢᠯᠡᠭᠡ︾ ᠶᠢ ᠭᠡᠷ ᠲᠤᠨᠢ ᠬᠦᠷᠴᠦ ᠬᠢᠵᠦ ᠦᠭᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/19
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠭᠦᠶᠡᠩ ᠰᠢᠶᠠᠨ ᠤ ᠶᠢᠨ ᠬᠤᠤ ᠪᠠᠯᠭᠠᠰᠤᠨ ᠤ ᠳ᠋ᠦᠩ ᠶᠤᠸᠠᠨ ᠶᠥᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ︽ᠨᠠᠰᠤᠵᠢᠯ ᠤᠨ ᠠᠰᠠᠷᠠᠮᠵᠢ ᠶᠢ ᠭᠡᠷ ᠲᠤᠨᠢ ᠬᠦᠷᠭᠡᠵᠦ  ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠥᠨᠳᠥᠷ ᠨᠠᠰᠤᠨ ᠤ ᠭᠡᠷᠡᠴᠢᠯᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠣᠰᠬᠤᠨ ᠤ ᠥᠨᠳᠥᠷ ᠨᠠᠰᠤᠨ ᠤ ᠨᠠᠰᠤᠲᠠᠶᠢᠴᠤᠳ ᠲᠤ ᠦᠢᠯᠡᠴᠢᠯᠡᠭᠡ ᠬᠠᠩᠭᠠᠪᠠ᠃    ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠭᠡᠷ ᠲᠤᠨᠢ ᠬᠦᠷᠴᠦ ᠡᠷᠦᠬᠡ ᠳᠤ ᠣᠷᠣᠵᠤ ᠂ ᠣᠶᠤᠨᠴᠢ ᠭᠠᠷ ᠤᠲᠠᠰᠤ ᠪᠠᠨ ᠰᠠᠶᠢᠨ ᠮᠡᠳᠡᠬᠦ ᠦᠭᠡᠢ ᠨᠠᠰᠤᠲᠠᠨ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠳ ᠲᠤ ᠨᠠᠰᠤᠵᠢᠯ ᠤᠨ ᠳᠠᠭᠠᠳᠬᠠᠯ ᠤᠨ ᠨᠢᠭᠤᠷ ᠤᠨ ᠭᠡᠷᠡᠴᠢᠯᠡᠯ ᠬᠢᠪᠠ᠃ ᠰᠠᠶᠢᠨ ᠳᠤᠷ᠎ᠠ ᠶᠢᠨ ᠠᠵᠢᠯᠯᠠᠭᠴᠢ ᠶᠢᠨ ᠬᠦᠯᠢᠴᠡᠩᠭᠦᠢ ᠵᠢᠯᠣᠭᠤᠳᠣᠯᠭ᠎ᠠ ᠳᠣᠣᠷ᠎ᠠ᠂ ᠨᠠᠰᠤᠲᠠᠶᠢᠴᠤᠳ ᠭᠡᠷᠡᠴᠢᠯᠡᠯ ᠢᠶᠠᠨ ᠤᠷᠤᠭᠰᠢᠲᠠᠢ ᠪᠡᠶᠡᠯᠡᠭᠦᠯᠪᠡ᠃ ᠭᠡᠷᠡᠴᠢᠯᠡᠭᠡ ᠳᠠᠭᠤᠰᠤᠭᠰᠠᠨ ᠤ ᠳᠠᠷᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠴᠢ ᠪᠠᠰᠠ ᠨᠠᠰᠤᠲᠠᠶᠢᠴᠤᠳ ᠲᠤ ᠭᠡᠷᠡᠴᠢᠯᠡᠯ ᠤᠨ ᠴᠢᠬᠤᠯᠠ ᠴᠢᠨᠠᠷ ᠢ ᠲᠠᠶᠢᠯᠪᠤᠷᠢᠯᠠᠵᠤ᠂ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠢ ᠬᠠᠯᠠᠮᠵᠢᠯᠠᠬᠤ ᠶᠢᠨ ᠬᠠᠮᠲᠤ ᠨᠠᠰᠤᠲᠠᠶᠢᠴᠤᠳ ᠲᠤ ᠤᠯᠤᠰ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃    ᠲᠤᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠨᠠᠰᠤᠲᠠᠶᠢᠴᠤᠳ ᠲᠤ ᠳᠥᠭᠦᠮ ᠦᠵᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠪᠣᠳᠠᠲᠤ ᠠᠵᠢᠯᠯᠠᠭ᠎ᠠ ᠪᠠᠷ ᠢᠶᠠᠨ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠶᠢ ᠦᠢᠯᠡᠳᠦᠯᠭᠡᠵᠢᠭᠦᠯᠪᠡ᠃ ᠳᠠᠷᠠᠭᠠᠴᠢ ᠶᠢᠨ ᠠᠯᠬᠤᠮ ᠳᠤ᠂ ᠳ᠋ᠦᠩ ᠶᠤᠸᠠᠨ ᠶᠥᠩ ᠲᠣᠰᠬᠤᠨ ᠤ ᠥᠨᠳᠥᠷ ᠨᠠᠰᠤᠯᠠᠭᠰᠠᠨ᠂ ᠭᠠᠭᠴᠠᠭᠠᠷ ᠰᠠᠭᠤᠭ᠎ᠠ ᠨᠠᠰᠤᠲᠠᠶᠢᠴᠤᠳ ᠢ ᠦᠷᠭᠦᠯᠵᠢᠯᠡᠨ ᠠᠩᠬᠠᠷᠴᠤ ᠂ ᠲᠡᠳᠡᠨ ᠤ ᠠᠮᠢᠳᠤᠷᠠᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠲᠣᠰᠬᠤᠨ ᠤ ᠨᠠᠰᠤᠲᠠᠶᠢᠴᠤᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ᠃  
 
ᠢᠷᠡᠯᠲᠡ᠄ ᠶᠢᠨ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号