ᠭᠦᠶᠡᠩ ᠰᠢᠶᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠥᠯᠥᠭᠡ᠂ ᠳᠡᠭᠡᠳᠦ ᠳᠤᠤᠷᠠᠳᠤ ᠱᠠᠲᠤ ᠪᠠᠷ ᠢᠶᠠᠨ ᠵᠣᠯᠭᠠᠭᠤᠯᠬᠤ ᠵᠠᠷᠴᠢᠮ ᠶᠣᠰᠣᠭᠠᠷ᠂ ᠭᠦᠶᠡᠩ | ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ︽ᠭᠦᠶᠡᠩ ᠰᠢᠶᠠᠨ ᠤ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 | ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠳᠤ ᠵᠠᠰᠠᠪᠤᠷᠢ ᠣᠷᠣᠭᠤᠯᠪᠠ᠃ | ᠨᠢᠭᠡ᠂ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ ᠵᠢᠴᠢ ᠵᠣᠷᠢᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ | ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠦᠶᠡᠩ ᠰᠢᠶᠠᠨ ᠤ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠰᠢᠰᠲ᠋ᠧᠮ ᠪᠣᠯᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠶᠢᠭᠠᠯᠢ ᠶᠢᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯᠯᠠᠭ᠎ᠠ ᠶᠢ ᠵᠢᠷᠤᠮᠵᠢᠭᠤᠯᠵᠤ᠂ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠭᠠᠮᠰᠢᠭ ᠢ ᠰᠢᠢᠳᠪᠦᠷᠢᠯᠡᠬᠦ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠬᠤᠬᠢᠷᠠᠯ ᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠵᠤ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠵᠤ᠂ | ᠭᠠᠮᠰᠢᠭᠳᠠᠭᠰᠠᠨ ᠭᠠᠵᠠᠷ ᠣᠷᠣᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ | ᠬᠤᠶᠠᠷ᠂ ᠵᠠᠰᠠᠪᠤᠷᠢ ᠣᠷᠣᠭᠤᠯᠤᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ︾᠂ ︽ | ᠤᠯᠤᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠦᠷᠢᠮ︾ ᠢ | ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠂ ︽ | ᠪᠤᠭᠤᠲᠤ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠬᠤᠯᠪᠣᠭᠳᠠᠯ ᠪᠥᠬᠦᠶ ᠲᠣᠭᠲᠠᠭᠠᠯ ᠢ | ᠦᠨᠳᠦᠰᠦᠯᠡᠨ᠂ ᠲᠣᠰ ᠪᠡᠯᠡᠳᠬᠡᠯ ᠲᠥᠰᠦᠯ ᠢ ᠲᠣᠭᠲᠠᠭᠠᠪᠠ᠃ | ᠭᠤᠷᠪᠠ᠂ ᠭᠤᠣᠯ ᠠᠭᠤᠯᠭ᠎ᠠ | ︽ᠭᠦᠶᠡᠩ ᠰᠢᠶᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ | ᠲᠥᠰᠦᠯ︾ ᠢ ᠨᠠᠢᠮᠠᠨ ᠬᠡᠰᠡᠭ ᠲᠤ ᠬᠤᠪᠢᠶᠠᠪᠠ᠃ ᠨᠢᠭᠡᠳᠦᠭᠡᠷ ᠬᠡᠰᠡᠭ ᠨᠢ ᠶᠡᠷᠦᠩᠬᠡᠢ ᠳᠦᠷᠢᠮ ᠪᠣᠯᠣᠨ᠎ᠠ᠃ | ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ ᠪᠠ | ᠠᠵᠢᠯ ᠤᠨ ᠵᠠᠷᠴᠢᠮ ᠢ ᠪᠠᠭᠲᠠᠭᠠᠨ᠎ᠠ︔ ᠬᠤᠶᠠᠳᠤᠭᠠᠷ ᠬᠡᠰᠡᠭ ᠨᠢ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮᠵᠢ | ᠪᠣᠯᠤᠨ᠎ᠠ᠃ ᠭᠦᠶᠡᠩ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ᠂ | ᠺᠣᠮᠢᠰ ᠤᠨ ᠠᠯᠪᠠᠨ ᠭᠡᠷ ᠪᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠭᠲᠠᠨ᠎ᠠ︔ ᠭᠤᠷᠪᠠᠳᠤᠭᠠᠷ ᠬᠡᠰᠡᠭ ᠨᠢ | ᠭᠠᠮᠰᠢᠭ ᠠᠴᠠ ᠠᠪᠤᠷᠠᠨ ᠲᠤᠰᠠᠯᠠᠬᠤ ᠪᠡᠯᠡᠳᠬᠡᠯ ᠪᠣᠯᠤᠨ᠎ᠠ᠃ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ | ᠪᠡᠯᠡᠳᠬᠡᠯ ᠠᠵᠢᠯ ᠢ ᠵᠢᠷᠤᠮᠵᠢᠭᠤᠯᠪᠠ︔ ᠳᠥᠷᠪᠡᠳᠦᠭᠡᠷ ᠬᠡᠰᠡᠭ ᠨᠢ ᠭᠠᠮᠰᠢᠭ ᠤᠨ ᠮᠡᠳᠡᠭᠡ ᠵᠠᠩᠭᠢ ᠶᠢ ᠮᠡᠳᠡᠭᠦᠯᠬᠦ ᠪᠠ | ᠨᠡᠶᠢᠲᠡᠯᠡᠬᠦ ᠶᠠᠪᠤᠳᠠᠯ ᠪᠣᠯᠤᠨ᠎ᠠ᠃ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ | ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠪᠠ︔ ᠲᠠᠪᠤᠳᠤᠭᠠᠷ ᠬᠡᠰᠡᠭ ᠨᠢ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ | ᠪᠣᠯᠤᠨ᠎ᠠ᠃ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ | ᠳᠥᠷᠪᠡᠨ ᠳᠡᠰ ᠬᠤᠪᠢᠶᠠᠵᠤ᠂ ᠡᠯ᠎ᠡ ᠱᠠᠲᠤᠨ ᠤ ᠪᠤᠰᠤᠳ ᠡᠬᠢᠯᠡᠭᠦᠯᠬᠦ ᠨᠥᠬᠦᠴᠡᠯ᠂ ᠡᠬᠢᠯᠡᠭᠦᠯᠬᠦ ᠳᠡᠰ ᠳᠠᠷᠠᠭᠠᠯᠠᠯ᠂ | ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠪᠠ ᠳᠠᠭᠠᠬᠤ ᠶᠢ ᠵᠣᠭᠰᠣᠭᠠᠬᠤ ᠶᠢ ᠲᠤᠰ ᠲᠤᠰ ᠲᠣᠳᠣᠷᠬᠠᠶᠢᠯᠠᠪᠠ︔ | ᠵᠢᠷᠭᠤᠳᠤᠭᠠᠷ ᠬᠡᠰᠡᠭ ᠪᠣᠯ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠪᠠ ᠰᠡᠷᠭᠦᠭᠡᠨ ᠲᠠᠬᠢᠨ ᠪᠠᠶᠢᠭᠤᠯᠬᠤ ᠠᠵᠢᠯ | ᠪᠣᠯᠣᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠯᠵᠢᠯᠲᠡ ᠶᠢᠨ ᠬᠤᠭᠤᠴᠠᠭᠠᠨ ᠤ ᠠᠮᠢᠳᠤᠷᠠᠯ ᠤᠨ | ᠠᠪᠤᠷᠠᠨ ᠲᠤᠰᠠᠯᠠᠬᠤ᠂ ᠡᠪᠦᠯ ᠬᠠᠪᠤᠷ ᠤᠨ ᠠᠪᠤᠷᠠᠨ ᠲᠤᠰᠠᠯᠠᠬᠤ᠂ ᠨᠤᠷᠠᠵᠤ ᠡᠪᠳᠡᠷᠡᠭᠰᠡᠨ ᠣᠷᠣᠨ ᠰᠠᠭᠤᠴᠠ ᠶᠢ | ᠰᠡᠷᠭᠦᠭᠡᠨ ᠲᠠᠬᠢᠨ ᠪᠠᠶᠢᠭᠤᠯᠬᠤ ᠠᠵᠢᠯ ᠢ ᠵᠢᠷᠤᠮᠵᠢᠭᠤᠯᠪᠠ︔ ᠳᠣᠯᠣᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ | ᠬᠡᠮᠵᠢᠶ᠎ᠡ ᠪᠣᠯᠤᠨ᠎ᠠ᠃ ᠡᠭᠦᠨ ᠳᠤ ᠪᠡᠯᠡ ᠮᠥᠩᠭᠦ ᠶᠢᠨ ᠪᠠᠲᠤᠯᠠᠭ᠎ᠠ᠂ ᠡᠳ᠋ ᠪᠣᠳᠠᠰ ᠤᠨ ᠪᠠᠲᠤᠯᠠᠭ᠎ᠠ᠂ ᠴᠢᠮᠡᠭᠡ | ᠬᠤᠯᠪᠣᠭ᠎ᠠ ᠪᠠ ᠮᠡᠳᠡᠭᠡ ᠵᠠᠩᠭᠢ ᠶᠢᠨ ᠪᠠᠲᠤᠯᠠᠭ᠎ᠠ᠂ ᠲᠥᠬᠦᠭᠡᠷᠦᠮᠵᠢ ᠲᠥᠬᠦᠭᠡᠷᠦᠮᠵᠢ ᠶᠢᠨ ᠪᠠᠲᠤᠯᠠᠭ᠎ᠠ᠂ ᠡᠮᠴᠢᠯᠡᠭᠡ | ᠡᠷᠡᠭᠦᠯ ᠬᠠᠮᠠᠭᠠᠯᠠᠯ ᠤᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠪᠠ ᠠᠮᠤᠷ ᠢ ᠬᠠᠮᠠᠭᠠᠯᠠᠬᠤ | ᠬᠠᠮᠠᠭᠠᠯᠠᠯᠲᠠ᠂ ᠨᠡᠶᠢᠭᠡᠮ ᠤᠨ ᠳᠠᠶᠢᠴᠢᠯᠠᠯᠲᠠ ᠶᠢᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ᠂ | ᠤᠬᠠᠭᠤᠯᠭ᠎ᠠ ᠪᠠ ᠪᠣᠯᠪᠠᠰᠤᠷᠠᠭᠤᠯᠤᠯ ᠪᠠᠭᠲᠠᠨ᠎ᠠ︔ ᠨᠠᠢᠮᠠᠳᠤᠭᠠᠷ ᠬᠡᠰᠡᠭ ᠨᠢ ᠳᠠᠭᠠᠯᠳᠤᠭᠤᠯᠤᠯ ᠲᠦᠷᠢᠮ ᠪᠣᠯᠤᠨ᠎ᠠ᠃ | ᠡᠭᠦᠨ ᠳᠤ ᠨᠡᠷ᠎ᠡ ᠲᠣᠮᠢᠶᠠᠨ ᠤ ᠲᠠᠶᠢᠯᠪᠤᠷᠢ᠂ ᠬᠠᠷᠢᠭᠤᠴᠠᠯᠭ᠎ᠠ ᠪᠣᠯᠤᠨ ᠰᠢᠳᠬᠡᠯ᠂ ᠲᠥᠰᠥᠯ ᠤᠨ ᠬᠠᠮᠢᠶᠠᠷᠤᠯᠲᠠ᠂ | ᠯᠠᠪᠯᠠᠬᠤ ᠪᠠᠶᠢᠳᠠᠯ᠂ ᠲᠥᠰᠥᠯ ᠢ ᠬᠡᠷᠡᠭᠵᠢᠭᠦᠯᠬᠦ ᠴᠠᠭ ᠵᠡᠷᠭᠡ ᠠᠭᠤᠯᠭ᠎ᠠ ᠶᠢ ᠪᠠᠭᠲᠠᠭᠠᠨ᠎ᠠ᠃ ︽ᠪᠡᠯᠡᠳᠬᠡᠯ ᠲᠥᠰᠦᠯ︾ | ᠳᠤ ᠪᠠᠰᠠ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠶᠢ ᠡᠬᠢᠯᠡᠭᠦᠯᠬᠦ ᠨᠥᠬᠦᠴᠡᠯ ᠤᠨ ᠬᠦᠰᠦᠨᠦᠭᠲᠦ᠂ | ᠭᠦᠶᠡᠩ ᠰᠢᠶᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠶᠢᠨ | ᠳᠠᠭᠠᠵᠤ ᠬᠢᠬᠦ ᠴᠤᠪᠤᠷᠠᠯ ᠤᠨ ᠵᠢᠷᠤᠭ᠂ ᠬᠠᠮᠢᠶ᠎ᠠ ᠪᠦᠬᠦᠢ ᠨᠢᠭᠡᠴᠡ ᠶᠢᠨ ᠠᠵᠢᠯᠲᠠᠨ ᠤ ᠬᠠᠷᠢᠯᠴᠠᠬᠤ ᠤᠲᠠᠰᠤᠨ ᠤ | ᠬᠦᠰᠦᠨᠦᠭᠲᠦ 3 ᠳᠠᠭᠠᠯᠳᠤᠭᠤᠯᠤᠯ ᠮᠠᠲ᠋ᠧᠷᠢᠶᠠᠯ ᠪᠠᠭᠲᠠᠨ᠎ᠠ᠃ | ᠳᠥᠷᠪᠡ᠂ ᠭᠦᠢᠴᠡᠳᠬᠡᠬᠦ ᠬᠡᠪᠴᠢᠶ᠎ᠡ ᠪᠠ ᠴᠠᠭ ᠬᠤᠭᠤᠴᠠᠭ᠎ᠠ | ︽ᠭᠦᠶᠡᠩ ᠰᠢᠶᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ︾ ᠢ ᠮᠠᠨ ᠤ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠶᠢᠭᠠᠯᠢ ᠶᠢᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠬᠡᠷᠡᠭᠯᠡᠨ᠎ᠡ᠃ ᠪᠤᠰᠤᠳ ᠲᠥᠷᠥᠯ | ᠬᠡᠯᠪᠡᠷᠢ ᠶᠢᠨ ᠭᠡᠨᠡᠳᠲᠡ ᠶᠢᠨ ᠬᠡᠷᠡᠭ ᠭᠠᠷᠪᠠᠯ᠂ ᠬᠡᠷᠡᠭᠴᠡᠭᠡ ᠪᠠᠨ ᠦᠨᠳᠦᠰᠦᠯᠡᠨ ᠲᠣᠰ ᠪᠡᠯᠡᠳᠬᠡᠯ ᠲᠥᠰᠦᠯ ᠢᠶᠠᠷ | ᠯᠠᠪᠯᠠᠯᠲᠠ ᠪᠣᠯᠭᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠵᠦ ᠪᠣᠯᠤᠨ᠎ᠠ᠃ ᠲᠣᠰ | ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠶᠢᠨ | ᠳᠠᠭᠠᠬᠤ ᠶᠢ ᠡᠬᠢᠯᠡᠭᠦᠯᠬᠦ ᠨᠥᠬᠦᠴᠡᠯ ᠳᠤ ᠵᠠᠰᠠᠪᠤᠷᠢ ᠣᠷᠣᠭᠤᠯᠤᠭᠰᠠᠨ ᠪᠠᠶᠢᠳᠠᠯ | | | | | | | | | |