ᠰᠢᠩ ᠱᠦᠨ ᠰᠢ ᠪᠠᠯᠭᠠᠰᠤ ᠲᠠᠷᠢᠶᠠᠯᠠᠩ ᠮᠠᠯ ᠠᠵᠤ ᠠᠬᠤᠢ᠂ ᠣᠢ ᠰᠢᠭᠤᠢ᠂ ᠤᠰᠤᠨ ᠤ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/24
    2025 ᠣᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ 2 ᠰᠠᠷ᠎ᠠ ᠶᠢᠨ 18 ᠤ ᠡᠳᠦᠷ᠂ ᠰᠢᠩ ᠱᠦᠨ ᠰᠢ ᠪᠠᠯᠭᠠᠰᠤ ᠲᠠᠷᠢᠶᠠᠯᠠᠩ ᠮᠠᠯ ᠠᠵᠤ ᠠᠬᠤᠢ᠂ ᠣᠢ ᠰᠢᠭᠤᠢ᠂ ᠤᠰᠤᠨ ᠤ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠬᠠᠢ ᠯᠢᠨ ᠬᠤᠷᠠᠯ ᠢ ᠡᠷᠬᠢᠯᠡᠵᠦ᠂ ᠤᠳᠤᠷᠢᠳᠬᠤ ᠪᠠᠭ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠯᠢᠦᠢ ᠰᠢᠶᠣᠤ ᠹᠧᠩ ᠪᠠᠯᠭᠠᠰᠤᠨ ᠤ ᠳᠠᠷᠤᠭ᠎ᠠ 2025 ᠣᠨ ᠤ ᠲᠠᠷᠢᠶᠠᠯᠠᠩ ᠮᠠᠯ ᠠᠵᠤ ᠠᠬᠤᠢ᠂ ᠣᠢ ᠰᠢᠭᠤᠢ᠂ ᠤᠰᠤ ᠵᠡᠷᠭᠡ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃   ᠬᠤᠷᠠᠯ ᠳᠡᠭᠡᠷ᠎ᠡ ᠪᠠᠰᠠ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠪᠠ᠃ ᠲᠤᠰ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠨᠢ ᠣᠳᠣᠬᠠᠨ ᠤ ᠪᠠ ᠳᠠᠷᠠᠭᠠᠴᠢ ᠶᠢᠨ ᠱᠠᠲᠤᠨ ᠤ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠤᠨ ᠬᠠᠷᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠩ ᠱᠦᠨ ᠰᠢ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ 
 
ᠢᠷᠡᠯᠲᠡ᠄ ᠰᠢᠩ ᠱᠦᠨ ᠰᠢ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号