ᠰᠢᠶᠠ  ᠱᠢ ᠬᠤᠤ ᠪᠠᠯᠭᠠᠰᠤᠨ ᠤ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ᠄ ︽1154︾ ᠠᠵᠢᠯ ᠤᠨ ᠠᠷᠭ᠎ᠠ ᠬᠡᠮᠵᠢᠶ᠎ᠡ ᠨᠢ ᠠᠵᠢᠯᠴᠢᠨ ᠳᠤ ︽ᠵᠣᠯ ᠵᠢᠷᠭᠠᠯ︾ ᠢ ᠡᠭᠦᠳᠴᠦ ᠥᠭᠪᠡ
ᠨᠡᠶᠢᠲᠡᠯᠡᠭᠰᠡᠨ ᠴᠠᠭ᠄
2025/2/24
   ᠰᠢᠶᠠ ᠱᠢ ᠬᠤᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠵᠢᠯᠴᠢᠨ ᠤ ᠡᠪᠯᠡᠯ ᠤᠨ ︽ᠡᠩᠨᠡᠭᠡ ᠶᠢᠨ ᠵᠢᠭᠰᠠᠭᠠᠯ ᠤᠨ ᠭᠠᠵᠠᠷ ᠤᠨ ᠦᠢᠯᠡᠴᠢᠯᠡᠭᠡ︾ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠰᠦᠪᠡᠭᠴᠢᠯᠡᠵᠦ᠂ ︽1154︾ ᠠᠵᠢᠯ ᠤᠨ ᠰᠢᠨ᠎ᠡ ᠶᠢ ᠡᠭᠦᠳᠦᠨ ᠬᠡᠷᠡᠭᠵᠢᠭᠦᠯᠵᠦ᠂ ᠬᠠᠮᠲᠤᠪᠠᠷ ᠪᠠᠶᠢᠭᠤᠯᠬᠤ᠂ ᠬᠠᠮᠲᠤᠪᠠᠷ ᠵᠠᠰᠠᠬᠤ᠂ ᠬᠠᠮᠲᠤᠪᠠᠷ ᠡᠳ᠋ᠯᠡᠬᠦ ᠴᠢᠳᠠᠮᠵᠢ ᠶᠢᠨ ᠬᠡᠯᠪᠡᠷᠢ᠂ ᠦᠢᠯᠡᠴᠢᠯᠡᠭᠡᠨ ᠤ ᠬᠡᠯᠪᠡᠷᠢ᠂ ᠰᠢᠨ᠎ᠡ ᠶᠢ ᠡᠭᠦᠳᠬᠦ ᠬᠡᠯᠪᠡᠷᠢ ᠶᠢᠨ ︽ᠬᠠᠮᠲᠤᠪᠠᠷ ᠡᠳ᠋ᠯᠡᠬᠦ ᠠᠵᠢᠯᠲᠠᠨ ᠠᠵᠢᠯᠴᠢᠨ ᠤ ᠭᠡᠷ︾ ᠢ ᠪᠠᠶᠢᠭᠤᠯᠪᠠ᠃   ︽1︾ ᠰᠠᠯᠪᠤᠷᠢ ᠲᠤᠰᠬᠠᠶᠢᠵᠢᠭᠰᠠᠨ ᠠᠵᠢᠯᠴᠢᠨ ᠤ ᠡᠪᠯᠡᠯ ᠤᠨ ᠡᠩᠨᠡᠭᠡ ᠶᠢ ᠪᠠᠶᠢᠭᠤᠯᠤᠨ᠎ᠠ   ᠠᠵᠢᠯᠴᠢᠨ ᠤ ᠡᠪᠯᠡᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠨᠠᠮ ᠤᠨ ᠭᠡᠰᠢᠭᠦᠨ᠂ ᠨᠤᠲᠤᠭ ᠤᠨ ᠡᠷᠳᠡᠮᠲᠡᠨ ᠴᠢᠳᠠᠪᠤᠷᠢᠲᠠᠨ᠂ ᠬᠥᠳᠡᠯᠮᠦᠷᠢ ᠶᠢᠨ ᠵᠢᠱᠢᠶᠡᠴᠢ ᠶᠢᠨ ᠤᠷᠠᠨ ᠳᠠᠷᠬᠠᠨ ᠢ ᠥᠷᠭᠡᠨ ᠢᠶᠠᠷ ᠰᠢᠩᠭᠡᠭᠡᠨ ᠠᠪᠴᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠠᠵᠢᠯᠲᠠᠨ ᠨᠢᠭᠡᠪᠦᠷᠢ ᠳᠤ ᠬᠦᠷᠲᠡᠯ᠎ᠡ ᠥᠷᠭᠡᠳᠬᠡᠨ᠎ᠡ᠃ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠪᠠᠶᠢᠬᠤ︾ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯᠴᠢᠨ ᠤ ᠡᠪᠯᠡᠯ ᠤᠨ ᠭᠠᠷᠠᠭ ᠤᠨ ᠲᠣᠭᠲᠠᠮᠠᠯ ᠬᠤᠷᠠᠯ ᠤᠨ ᠳᠦᠷᠢᠮ ᠢ ᠪᠠᠶᠢᠭᠤᠯᠵᠤ᠂ ᠠᠵᠢᠯᠯᠠᠭ᠎ᠠ ᠶᠢ ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠳᠦᠷᠢᠮ ᠵᠡᠷᠭᠡ ᠶᠢ ᠬᠡᠷᠡᠭᠵᠢᠭᠦᠯᠵᠦ᠂ ᠠᠵᠢᠯᠴᠢᠨ ᠤ ᠡᠪᠯᠡᠯ ᠤᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃    ︽15︾ ᠮᠢᠨᠦ᠋ᠲ ᠤᠨ ᠠᠵᠢᠯᠴᠢᠨ ᠤ ᠦᠢᠯᠡᠴᠢᠯᠡᠭᠡᠨ ᠤ ᠬᠦᠷᠢᠶ᠎ᠡ ᠶᠢ ᠪᠣᠢ ᠪᠣᠯᠭᠠᠪᠠ    ᠪᠠᠯᠭᠠᠰᠤᠨ ᠤ ᠠᠵᠢᠯᠯᠠᠭᠠᠨ ᠤ ᠲᠠᠰᠤᠭ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠵᠡᠷᠭᠡ ᠡᠬᠢ ᠪᠠᠶᠠᠯᠢᠭ ᠢ ᠠᠰᠢᠭᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠵᠢᠯᠴᠢᠨ ᠤ ᠡᠪᠯᠡᠯ ᠤᠨ ᠦᠢᠯᠡᠴᠢᠯᠡᠭᠡᠨ ᠤ ︽ᠪᠢᠴᠢᠯ ᠵᠢᠭᠰᠠᠭᠠᠯ ᠤᠨ ᠭᠠᠵᠠᠷ︾ ᠢ ᠪᠣᠢ ᠪᠣᠯᠭᠠᠵᠤ᠂ ︽ᠨᠢᠭᠡ ᠥᠷᠥᠭᠡ ᠣᠯᠠᠨ ᠬᠡᠷᠡᠭᠴᠡᠭᠡ ᠲᠠᠢ᠂ ᠲᠥᠪᠯᠡᠷᠡᠭᠦᠯᠦᠨ ᠦᠢᠯᠡᠴᠢᠯᠡᠬᠦ︾ ᠪᠠᠷ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠪᠣᠯᠭᠠᠨ᠂ ︽ᠨᠢᠭᠡ ᠲᠠᠯ᠎ᠠ ᠨᠢ ᠥᠮᠴᠢᠯᠡᠬᠦ᠂ ᠣᠯᠠᠨ ᠲᠠᠯ᠎ᠠ ᠪᠠᠷ ᠬᠠᠮᠲᠤ ᠪᠠᠷ ᠡᠳ᠋ᠯᠡᠬᠦ᠂ ᠶᠡᠷᠦᠩᠬᠡᠶᠢᠯᠡᠨ ᠬᠠᠮᠢᠶᠠᠷᠬᠤ︾ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠡᠷᠡᠭᠵᠢᠭᠦᠯᠵᠦ᠂ ᠰᠡᠯᠡᠭᠦᠴᠡᠯ ᠵᠤᠭ᠎ᠠ ᠴᠡᠩᠭᠡᠯ᠂ ᠪᠣᠯᠪᠠᠰᠤᠷᠠᠭᠤᠯᠤᠯ ᠰᠤᠷᠤᠯᠴᠠᠯᠭ᠎ᠠ᠂ ᠨᠡᠪᠲᠡᠷᠡᠯᠴᠡᠭᠡ ᠰᠣᠯᠢᠯᠴᠠᠭ᠎ᠠ ᠵᠡᠷᠭᠡ ᠶᠢ ᠨᠢᠭᠡ ᠴᠣᠭᠴᠠᠵᠢᠭᠤᠯᠤᠭᠰᠠᠨ ︽15 ᠮᠢᠨᠦ᠋ᠲ︾ ᠤᠨ ᠠᠵᠢᠯᠴᠢᠨ ᠤ ᠦᠢᠯᠡᠴᠢᠯᠡᠭᠡᠨ ᠤ ᠬᠦᠷᠢᠶ᠎ᠡ ᠶᠢ ᠪᠣᠢ ᠪᠣᠯᠭᠠᠪᠠ᠃   ︽ 4︾ ᠰᠡᠳᠬᠢᠯ ᠠᠵᠢᠯᠴᠢᠨ ᠤ ᠡᠪᠯᠡᠯ ᠤᠨ ᠦᠢᠯᠡᠴᠢᠯᠡᠭᠡᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠪᠠ   ᠬᠦᠴᠦᠨ ᠴᠢᠳᠠᠯ ᠣᠯᠭᠤᠬᠤ ᠰᠡᠳᠬᠢᠯ ᠢ ᠴᠢᠩᠭᠠᠳᠬᠠᠬᠤ᠂ ᠤᠷᠠᠨ ᠰᠠᠶᠢᠬᠠᠨ ᠤ ᠰᠡᠳᠬᠢᠯ ᠢ ᠪᠠᠶᠠᠰᠬᠠᠬᠤ᠂ ᠡᠶᠡᠳᠡᠭᠦᠯᠬᠦ ᠳᠤ ᠲᠠᠭᠠᠯᠠᠮᠵᠢᠲᠠᠢ᠂ ᠬᠠᠶᠢᠷ᠎ᠠ ᠬᠠᠯᠠᠮᠵᠢ ᠨᠢ ᠰᠡᠳᠬᠢᠯ ᠵᠢᠷᠦᠬᠡ ᠶᠢ ᠳᠤᠯᠠᠭᠠᠴᠠᠭᠤᠯᠬᠤ ︽ 4︾ ᠰᠡᠳᠬᠢᠯ ᠤᠨ ᠠᠵᠢᠯᠴᠢᠨ ᠤ ᠡᠪᠯᠡᠯ ᠤᠨ ᠣᠨᠴᠠᠯᠢᠭᠲᠤ ᠦᠢᠯᠡᠴᠢᠯᠡᠭᠡ ᠶᠢ ᠥᠷᠨᠢᠭᠦᠯᠦᠨ᠎ᠡ᠃ ᠠᠵᠢᠯᠲᠠᠨ ᠣᠯᠠᠨ ᠲᠦᠮᠡᠨ ᠤ ᠥᠰᠦᠨ ᠪᠤᠶᠢᠵᠢᠬᠤ ᠪᠠ ᠥᠪᠡᠷ ᠢ ᠪᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠲᠠᠨ ᠤ ᠳᠤᠷ᠎ᠠ ᠰᠣᠨᠢᠷᠬᠠᠯ ᠤᠨ ᠳᠤᠭᠤᠶᠢᠯᠠᠩ ᠢ ᠵᠣᠬᠢᠶᠠᠨ ᠪᠠᠶᠢᠭᠤᠯᠪᠠ︔ ︽ᠤᠳᠤᠷᠢᠳᠬᠤ ᠺᠠᠳ᠋ᠷ ᠶᠠᠷᠢᠶᠠᠨ ᠤ ᠲᠠᠪᠴᠠᠩ ᠳᠤ ᠭᠠᠷᠴᠤ︾᠂ ᠠᠵᠢᠯᠲᠠᠨ ᠤ ᠰᠣᠶᠣᠯ ᠴᠡᠩᠭᠡᠯ ᠤᠨ ᠲᠠᠪᠴᠠᠩ ᠢ ᠪᠠᠶᠢᠭᠤᠯᠪᠠ︔ ᠲᠥᠪᠯᠡᠷᠡᠭᠦᠯᠦᠨ ᠬᠠᠤᠯᠢ ᠰᠤᠷᠬᠤ᠂ ᠪᠠᠶᠢᠭᠤᠯᠭ᠎ᠠ ᠳᠤ ᠬᠦᠷᠴᠦ ᠬᠠᠤᠯᠢ ᠲᠦᠭᠡᠮᠡᠯᠵᠢᠭᠦᠯᠬᠦ ᠵᠡᠷᠭᠡ ᠬᠠᠤᠯᠢ ᠲᠦᠭᠡᠮᠡᠯᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠠᠯᠲᠠᠨ ᠮᠧᠳᠠᠯ ᠤᠨ ᠡᠶᠡᠳᠡᠭᠦᠯᠦᠭᠴᠢ︾ ᠶᠢ ᠰᠢᠯᠢᠨ ᠳᠡᠪᠰᠢᠭᠦᠯᠵᠦ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠨᠠᠮᠳᠠᠭᠤᠯᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠡᠪᠯᠡᠯ ᠤᠨ ᠬᠠᠪᠰᠤᠷᠤᠯ ᠳᠡᠷᠭᠡᠳᠡ ᠨᠢ ᠬᠦᠷᠪᠡ︔ ︽ᠡᠭᠦᠳᠡ ᠲᠣᠭᠰᠢᠬᠤ ᠠᠵᠢᠯᠯᠠᠭ᠎ᠠ︾ ᠶᠢ ᠥᠷᠨᠢᠭᠦᠯᠵᠦ ᠬᠦᠴᠢᠷᠳᠡᠯ ᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠠᠴᠠ ᠪᠠᠨ ᠠᠮᠠᠷᠠᠭᠰᠠᠨ ᠠᠵᠢᠯᠲᠠᠨ ᠤ ᠵᠤᠪᠠᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ  
 
ᠢᠷᠡᠯᠲᠡ᠄ ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号