ᠰᠢᠨ᠎ᠡ ᠵᠢᠯ ᠡᠬᠢᠯᠡᠮᠡᠭᠴᠡ᠂ ᠰᠢ ᠳ᠋ᠧᠦ ᠫᠦ᠋ ᠪᠠᠯᠭᠠᠰᠤ ᠬᠥᠳᠡᠭᠡ ᠲᠣᠰᠬᠤᠨ ᠤ ︽ᠥᠩᠭᠡ ᠵᠢᠰᠦ︾ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠣᠢ ᠪᠣᠯᠭᠠᠬᠤ ᠶᠢᠨ ᠲᠥᠯᠥᠭᠡ᠂ 2025 ᠣᠨ ᠤ ᠨᠢᠭᠡᠳᠦᠭᠡᠷ ᠤᠯᠠᠷᠢᠯ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠢᠳᠡᠪᠬᠢᠲᠡᠢ | ᠥᠷᠨᠢᠭᠦᠯᠵᠦ᠂ ᠴᠣ᠋ ᠰᠢᠨ᠎ᠡ ᠳᠦᠷᠰᠦ ᠪᠠᠶᠢᠳᠠᠯ ᠢᠶᠠᠷ ᠰᠢᠨ᠎ᠡ ᠨᠢᠭᠡ ᠵᠢᠯ ᠤᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠬᠠᠭᠤᠳᠠᠰᠤ ᠶᠢ ᠨᠡᠭᠡᠭᠡᠪᠡ᠃ | ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠠᠯ᠎ᠠ ᠪᠠᠷ ᠢᠯᠭᠠᠷᠠᠭᠤᠯᠤᠨ | ᠴᠡᠭᠴᠡᠯᠡᠨ ᠵᠠᠰᠠᠪᠠ᠃ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ᠵᠡᠷᠭᠡ ᠪᠠᠷ ᠳᠠᠶᠢᠴᠢᠯᠠᠵᠤ᠂ | ᠲᠣᠰᠬᠤᠨ ᠤ ᠳᠣᠲᠣᠷ᠎ᠠ ᠭᠠᠳᠠᠨᠠᠬᠢ ᠵᠠᠮ ᠳᠠᠭᠠᠤ᠂ ᠭᠤᠣᠯ ᠤᠨ ᠵᠠᠮ ᠳᠠᠭᠠᠤ᠂ ᠭᠡᠷ ᠤᠨ ᠡᠮᠦᠨ᠎ᠡ ᠬᠤᠶᠢᠨ᠎ᠠ ᠵᠡᠷᠭᠡ | ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠦᠨ᠂ ᠵᠢᠭᠰᠠᠭᠠᠨ ᠪᠠᠶᠢᠴᠠᠭᠠᠵᠤ ᠴᠡᠪᠡᠷᠯᠡᠬᠦ | ᠠᠵᠢᠯ ᠢ ᠥᠷᠨᠢᠭᠦᠯᠪᠡ᠃ | ᠪᠠᠯᠭᠠᠰᠤ ᠲᠣᠰᠬᠤᠨ ᠤ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ᠂ ᠴᠡᠪᠡᠷᠯᠡᠭᠴᠢ ᠵᠢᠴᠢ ᠥᠷᠭᠡᠨ ᠣᠯᠠᠨ | ᠲᠦᠮᠡᠨ ᠢ ᠵᠣᠬᠢᠶᠠᠨ ᠪᠠᠶᠢᠭᠤᠯᠤᠨ ᠵᠠᠮ ᠤᠨ ᠬᠤᠶᠠᠷ ᠬᠠᠵᠠᠭᠤ ᠳᠤ ᠣᠪᠣᠭᠠᠯᠠᠭᠰᠠᠨ ᠡᠯᠳᠡᠪ ᠪᠣᠳᠠᠰ᠂ ᠬᠤᠭ | ᠨᠣᠪᠰᠢ ᠶᠢ ᠲᠥᠪᠯᠡᠷᠡᠭᠦᠯᠦᠨ ᠴᠡᠪᠡᠷᠯᠡᠨ ᠲᠡᠭᠡᠭᠡᠪᠦᠷᠢᠯᠡᠵᠦ᠂ ᠭᠤᠣᠯ ᠵᠠᠮ ᠤᠨ ᠬᠠᠷᠰᠢ ᠶᠢᠨ ᠰᠠᠭᠠᠳ ᠵᠡᠷᠭᠡ ᠶᠢ | ᠴᠡᠪᠡᠷᠯᠡᠬᠦ ᠶᠢᠨ ᠬᠠᠮᠲᠤ᠂ ᠲᠣᠰᠬᠤᠨ ᠤ ᠠᠷᠠᠳ ᠢ ᠰᠢᠮᠳᠠᠭᠤᠯᠵᠤ ᠪᠠᠶᠢᠭᠠᠳ ᠥᠪᠡᠷ ᠤᠨ ᠭᠡᠷ ᠤᠨ ᠡᠮᠦᠨ᠎ᠡ ᠬᠤᠶᠢᠨᠠᠬᠢ | ᠡᠷᠡᠭᠦᠯ ᠬᠠᠮᠠᠭᠠᠯᠠᠯ ᠢᠶᠠᠨ ᠠᠩᠬᠠᠷᠴᠤ᠂ ᠬᠤᠭ ᠨᠣᠪᠰᠢ ᠣᠪᠣᠭᠠᠯᠠᠬᠤ ᠦᠭᠡᠢ᠂ ᠡᠯᠳᠡᠪ ᠪᠣᠳᠠᠰ ᠢ ᠳᠤᠷ᠎ᠠ ᠪᠠᠷ | ᠲᠠᠯᠪᠢᠬᠤ ᠦᠭᠡᠢ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠨᠠᠩ ᠴᠡᠪᠡᠷ ᠲᠡᠭᠰᠢ ᠡᠮᠬᠢ | ᠵᠢᠷᠤᠮ ᠲᠠᠢ ᠪᠣᠯᠭᠠᠪᠠ᠃ | ᠲᠤᠰ ᠤᠳᠠᠭᠠᠨ ᠤ ᠶᠡᠭᠡ ᠳᠠᠶᠢᠯᠠᠯᠳᠤᠭᠠᠨ ᠳᠤ᠂ ᠰᠢ ᠳ᠋ᠧᠦ ᠫᠦ᠋ ᠪᠠᠯᠭᠠᠰᠤ ᠨᠡᠶᠢᠲᠡ 270 ᠭᠠᠷᠤᠢ ᠬᠥᠮᠦᠨ | ᠤᠳᠠᠭ᠎ᠠ᠂ 30 ᠭᠠᠷᠤᠢ ᠲᠡᠷᠭᠡ ᠬᠥᠳᠡᠯᠭᠡᠵᠦ᠂ ᠨᠡᠶᠢᠲᠡ 20 ᠭᠠᠷᠤᠢ ᠲᠣᠨ ᠬᠤᠭ ᠨᠣᠪᠰᠢ ᠶᠢ ᠴᠡᠪᠡᠷᠯᠡᠪᠡ᠃ | ᠰᠢᠨ᠎ᠡ ᠨᠢᠭᠡ ᠵᠢᠯ ᠳᠤ᠂ ᠰᠢ ᠳ᠋ᠧᠦ ᠫᠦ᠋ ᠪᠠᠯᠭᠠᠰᠤ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠯᠠᠪᠳᠠᠭᠤᠨ | ᠪᠠᠲᠤᠲᠠᠢ ᠠᠷᠭ᠎ᠠ ᠬᠡᠮᠵᠢᠶ᠎ᠡ ᠪᠠᠷ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠠᠵᠢᠯ ᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠭᠠᠵᠠᠷ ᠪᠣᠯᠭᠠᠨ ᠳᠤ ᠰᠢᠨ᠎ᠡ ᠳᠦᠷᠰᠦ ᠪᠠᠶᠢᠳᠠᠯ | ᠭᠠᠷᠭᠠᠬᠤ ᠪᠠᠷ ᠴᠢᠷᠮᠠᠶᠢᠵᠤ᠂ ᠥᠷᠭᠡᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠤᠨ ᠬᠦᠷᠲᠡᠮᠵᠢ ᠶᠢᠨ | ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ᠂ ᠰᠢᠨ᠎ᠡ ᠬᠠᠭᠤᠳᠠᠰᠤ ᠶᠢ ᠪᠢᠴᠢᠭᠯᠡᠬᠦ ᠪᠣᠯᠤᠨ᠎ᠠ᠃ | |