ᠰᠢᠩ ᠱᠦᠨ ᠰᠢ ᠪᠠᠯᠭᠠᠰᠤ ᠭᠠᠳᠠᠭᠰᠢ ᠭᠠᠷᠤᠭᠰᠠᠨ ᠨᠠᠮ ᠤᠨ ᠭᠡᠰᠢᠭᠦᠨ ᠤ ᠲᠣᠰᠬᠤᠨ ᠳᠠᠭᠠᠨ ᠪᠤᠴᠠᠵᠤ ᠲᠤᠰᠢᠶᠠᠯ ᠡᠭᠦᠷᠭᠡᠯᠡᠬᠦ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/25
    ᠰᠢᠨ᠎ᠡ ᠨᠢᠭᠡᠨ ᠡᠭᠡᠯᠵᠢ ᠶᠢᠨ ᠬᠤᠭᠤᠴᠠᠭ᠎ᠠ ᠰᠣᠯᠢᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ ᠥᠷᠭᠡᠨ ᠣᠯᠠᠨ ᠨᠡᠭᠦᠳᠡᠯ ᠨᠠᠮ ᠤᠨ ᠭᠡᠰᠢᠭᠦᠨ ᠤ ᠨᠤᠲᠤᠭ ᠲᠠᠭᠠᠨ ᠪᠤᠴᠠᠵᠤ ᠲᠤᠰᠢᠶᠠᠯ ᠡᠭᠦᠷᠭᠡᠯᠡᠨ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ᠎ᠠ᠃ 2 ᠰᠠᠷ᠎ᠠ ᠶᠢᠨ 21 ᠤ ᠡᠳᠦᠷ᠂ ᠰᠢᠩ ᠱᠦᠨ ᠰᠢ ᠪᠠᠯᠭᠠᠰᠤ ᠭᠦᠶᠡᠩ ᠰᠢᠶᠠᠨ ᠤ ᠪᠤᠭᠤᠲᠤ ᠳᠤ ᠰᠠᠭᠤᠭ᠎ᠠ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠭᠠᠳᠠᠭᠰᠢ ᠭᠠᠷᠴᠤ ᠨᠡᠭᠦᠳᠡᠯ ᠨᠠᠮ ᠤᠨ ᠭᠡᠰᠢᠭᠦᠨ ᠤ ᠲᠣᠰᠬᠤᠨ ᠳᠠᠭᠠᠨ ᠪᠤᠴᠠᠵᠤ ᠲᠤᠰᠢᠶᠠᠯ ᠡᠭᠦᠷᠭᠡᠯᠡᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠶᠤᠸᠠᠨ ᠷᠦᠢ ᠬᠤᠸᠠ ᠬᠤᠷᠠᠯ ᠢ ᠡᠷᠬᠢᠯᠡᠪᠡ᠃    ᠶᠠᠷᠢᠯᠴᠠᠬᠤ ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠭᠦᠸᠧ ᠤᠣ ᠪᠦᠸᠧ ᠭᠠᠳᠠᠨ᠎ᠠ ᠪᠠᠶᠢᠭ᠎ᠠ ᠨᠡᠭᠦᠳᠡᠯ ᠨᠠᠮ ᠤᠨ ᠭᠡᠰᠢᠭᠦᠳ ᠢ ᠬᠠᠯᠠᠭᠤᠨ ᠢᠶᠠᠷ ᠤᠭᠲᠤᠵᠤ ᠪᠠᠶᠢᠬᠤ ᠪᠠ ᠴᠢᠩ ᠰᠡᠳᠬᠢᠯ ᠤᠨ ᠮᠡᠨᠳᠦᠴᠢᠯᠡᠯ ᠢᠶᠠᠨ ᠢᠯᠡᠳᠬᠡᠭᠰᠡᠨ ᠪᠥᠭᠡᠳ ᠰᠢᠩ ᠱᠦᠨ ᠰᠢ ᠪᠠᠯᠭᠠᠰᠤᠨ ᠤ 2024 ᠣᠨ ᠤ ᠬᠥᠭᠵᠢᠯᠲᠡ ᠶᠢᠨ ᠪᠠᠶᠢᠳᠠᠯ ᠪᠠ 2025 ᠣᠨ ᠤ ᠬᠥᠭᠵᠢᠯᠲᠡ ᠶᠢᠨ ᠰᠡᠳᠬᠢᠮᠵᠢ ᠪᠠᠨ ᠨᠠᠷᠢᠨ ᠲᠠᠨᠢᠯᠴᠠᠭᠤᠯᠪᠠ᠃ ᠶᠤᠸᠠᠨ ᠷᠦᠢ ᠬᠤᠸᠠ ᠪᠠᠰᠠ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠳ ᠲᠠᠢ ᠨᠢᠭᠡᠳ ᠨᠢᠭᠡ ᠪᠠᠷ ᠶᠠᠷᠢᠯᠴᠠᠵᠤ᠂ ᠨᠠᠮ ᠤᠨ ᠭᠡᠰᠢᠭᠦᠨ ᠦᠵᠡᠵᠦ ᠰᠣᠨᠣᠰᠤᠭᠰᠠᠨ ᠪᠠ ᠥᠪᠡᠷ ᠤᠨ ᠪᠠᠶᠢᠭ᠎ᠠ ᠠᠵᠢᠯ ᠲᠥᠷᠥᠯ ᠪᠠ ᠬᠦᠷᠢᠶ᠎ᠡ ᠬᠡᠪᠴᠢᠶ᠎ᠡ ᠲᠠᠢ ᠪᠠᠨ ᠤᠶᠠᠯᠳᠤᠭᠤᠯᠤᠨ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠬᠤᠪᠢᠷᠠᠯᠲᠠ ᠶᠢ ᠶᠠᠷᠢᠵᠤ᠂ ᠲᠥᠷᠥᠭᠳᠡᠯ ᠢᠶᠠᠨ ᠶᠠᠷᠢᠵᠤ᠂ ᠰᠠᠨᠠᠭᠤᠯᠭ᠎ᠠ ᠳᠤᠷᠠᠳᠴᠤ᠂ ᠨᠤᠲᠤᠭ ᠤᠰᠤᠨ ᠳᠤ ᠪᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠨᠤᠲᠤᠭ ᠤᠰᠤᠨ ᠳᠠᠭᠠᠨ ᠠᠴᠢ ᠬᠠᠷᠢᠭᠤᠯᠬᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠳᠬᠡᠪᠡ᠃    ᠲᠤᠰ ᠤᠳᠠᠭᠠᠨ ᠤ ᠠᠵᠢᠯᠯᠠᠭ᠎ᠠ ᠨᠢ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠭᠰᠠᠨ ᠪᠠᠶᠢᠨ᠎ᠠ᠃ ᠣᠳᠣᠬᠠᠨ ᠳᠤ ᠨᠢᠭᠡᠨᠲᠡ 20 ᠭᠠᠷᠤᠢ ᠬᠥᠮᠦᠨ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠬᠤ᠂ ᠤᠲᠠᠰᠤ ᠪᠠᠷ ᠨᠡᠪᠲᠡᠷᠡᠯᠴᠡᠬᠦ ᠵᠡᠷᠭᠡ ᠠᠷᠭ᠎ᠠ ᠬᠡᠯᠪᠡᠷᠢ ᠪᠠᠷ ᠲᠣᠰᠬᠤᠨ ᠳᠠᠭᠠᠨ ᠪᠤᠴᠠᠬᠤ ᠬᠦᠰᠡᠯ ᠡᠷᠡᠮᠡᠯᠵᠡᠯ ᠢᠶᠠᠨ ᠢᠯᠡᠳᠬᠡᠪᠡ᠃    ᠳᠠᠷᠠᠭᠠᠴᠢ ᠶᠢᠨ ᠠᠯᠬᠤᠮ ᠳᠤ᠂ ᠰᠢᠩ ᠱᠦᠨ ᠰᠢ ᠪᠠᠯᠭᠠᠰᠤ ᠨᠡᠭᠦᠳᠡᠯ ᠨᠠᠮ ᠤᠨ ᠭᠡᠰᠢᠭᠦᠨ ᠯᠦᠭᠡ ᠶᠢᠨ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠲᠡᠳᠡᠨ ᠳᠤ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠪᠦᠬᠦ ᠪᠠᠯᠭᠠᠰᠤᠨ ᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠬᠦᠴᠦᠨ ᠴᠢᠳᠠᠯ ᠣᠯᠭᠤᠨ᠎ᠠ ᠭᠡᠵᠡᠢ᠃ 
 
ᠢᠷᠡᠯᠲᠡ᠄ ᠰᠢᠩ ᠱᠦᠨ ᠰᠢ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号