ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2025/2/25
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠳᠦᠷᠢᠮ︾ ᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠶᠢᠨ ᠬᠤᠤ ᠪᠠᠯᠭᠠᠰᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠬᠠᠮᠠᠭᠠᠯᠠᠨ ᠠᠰᠢᠭᠯᠠᠵᠤ᠂ ᠶᠢᠨ ᠬᠤᠤ ᠪᠠᠯᠭᠠᠰᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠦᠨᠡᠨ ᠬᠦ ᠴᠢᠩᠭᠠᠳᠬᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠪᠠ᠃    2 ᠰᠠᠷ᠎ᠠ ᠶᠢᠨ 13 ᠤ ᠡᠳᠦᠷ᠂ ᠶᠢᠨ ᠬᠤᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠯᠲᠠ᠂ ᠡᠷᠦᠬᠡ ᠳᠤ ᠣᠷᠣᠵᠤ ᠤᠬᠠᠭᠤᠯᠬᠤ ᠵᠢᠴᠢ ᠲᠡᠵᠢᠭᠡᠨ ᠦᠷᠡᠵᠢᠭᠦᠯᠬᠦ ᠡᠷᠦᠬᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠢᠨᠠᠨ ᠬᠠᠷᠭᠤᠭᠤᠯᠪᠠ᠃ ᠬᠠᠷᠢᠭᠤᠴᠠᠯᠭᠠᠲᠤ ᠤᠳᠤᠷᠢᠳᠤᠯᠭ᠎ᠠ ᠪᠦᠯᠬᠦᠮ ᠳᠠᠭᠠᠭᠤᠯᠤᠨ ᠲᠣᠰᠬᠤᠨ ᠤ ᠠᠷᠠᠳ ᠤᠨ ᠭᠡᠷ ᠲᠤ ᠭᠦᠨᠵᠡᠭᠡᠶᠢᠷᠡᠨ ᠰᠤᠷᠪᠤᠯᠵᠢᠯᠠᠨ ᠪᠠᠶᠢᠴᠠᠭᠠᠵᠤ᠂ ᠭᠤᠣᠯᠳᠠᠭᠤ ᠳ᠋ᠡ ᠴᠧᠩ ᠰᠢ᠂ ᠶᠢᠨ ᠳ᠋ᠢ ᠶᠦᠩ᠂ ᠨᠢᠶᠠᠨ ᠹᠠᠩ ᠲᠣᠰᠬᠤᠨ ᠵᠡᠷᠭᠡ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠸᠢᠴᠠᠲ ᠤᠨ ᠬᠤᠯᠪᠣᠭ᠎ᠠ ᠳᠤ ᠮᠡᠳᠡᠭᠳᠡᠯ ᠥᠭᠬᠦ ᠵᠡᠷᠭᠡ ᠠᠷᠭ᠎ᠠ ᠮᠠᠶ᠋ᠢᠭ ᠢᠶᠠᠷ ᠮᠠᠯᠴᠢᠨ ᠲᠠᠷᠢᠶᠠᠴᠢᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠡᠵᠡᠮᠰᠢᠬᠦ ᠶᠢᠨ ᠬᠠᠮᠲᠤ ᠮᠠᠯᠴᠢᠨ ᠲᠠᠷᠢᠶᠠᠴᠢᠨ ᠲᠠᠢ ᠨᠢᠭᠤᠷᠳᠠᠨ ᠶᠠᠷᠢᠯᠴᠠᠵᠤ᠂ ᠠᠷᠠᠳ ᠤᠨ ᠰᠠᠨᠠᠭ᠎ᠠ ᠶᠢ ᠣᠶᠢᠯᠠᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠨᠡᠩ ᠰᠠᠶᠢᠲᠤᠷ ᠥᠷᠨᠢᠭᠦᠯᠬᠦ ᠳᠤ ᠣᠯᠠᠨ ᠲᠦᠮᠡᠨ ᠤ ᠰᠠᠭᠤᠷᠢ ᠶᠢ ᠲᠠᠯᠪᠢᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠢᠨ᠎ᠡ ᠠᠯᠬᠤᠮ ᠢ ᠠᠯᠬᠤᠵᠤ᠂ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃    ᠣᠳᠣ ᠪᠣᠯᠲᠠᠯ᠎ᠠ᠂ ᠶᠢᠨ ᠬᠤᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠰᠬᠠᠢ ᠠᠵᠢᠯᠯᠠᠭ᠎ᠠ 2 ᠤᠳᠠᠭ᠎ᠠ ᠥᠷᠨᠢᠭᠦᠯᠪᠡ᠃ ᠸᠢᠴᠠᠲ ᠤᠨ ᠬᠤᠯᠪᠣᠭ᠎ᠠ 300 ᠵᠤᠷᠪᠤᠰ ᠮᠡᠳᠡᠭᠳᠡᠯ ᠲᠠᠷᠬᠠᠭᠠᠵᠤ᠂ ᠲᠣᠰᠬᠤᠨ ᠪᠠ ᠡᠷᠦᠬᠡ ᠳᠤ ᠣᠷᠣᠵᠤ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ︾ ᠢ 100 ᠬᠤᠪᠢ ᠤᠬᠠᠭᠤᠯᠤᠨ ᠲᠠᠷᠬᠠᠭᠠᠵᠤ᠂ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠪᠢᠴᠢᠭ ᠢ 2 ᠬᠤᠪᠢ ᠪᠠᠭᠤᠯᠭᠠᠪᠠ᠃ ᠳᠠᠷᠠᠭᠠᠴᠢ ᠶᠢᠨ ᠠᠯᠬᠤᠮ ᠳᠤ᠂ ᠶᠢᠨ ᠬᠤᠤ ᠪᠠᠯᠭᠠᠰᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠪᠠ ᠢᠳᠬᠠᠬᠤ ᠬᠥᠮᠦᠵᠢᠯ ᠢ ᠬᠠᠷᠢᠯᠴᠠᠨ ᠤᠶᠠᠯᠳᠤᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠢ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠤᠯᠢ ᠠᠴᠠ ᠵᠥᠷᠢᠴᠡᠨ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠶᠢ ᠴᠢᠩᠭ᠎ᠠ ᠠᠩᠬᠠᠷᠴᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠥᠳᠡᠯᠦᠩᠭᠦᠢ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠶᠢᠨ ᠬᠠᠮᠲᠤ ᠰᠢᠢᠳᠪᠦᠷᠢᠯᠡᠵᠦ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ ᠂ ᠪᠢᠲᠡᠭᠦᠮᠵᠢᠯᠡᠵᠦ᠂ ᠴᠠᠭᠠᠵᠠᠯᠠᠵᠤ ᠳᠡᠶᠢᠯᠬᠦ᠂ ᠳᠠᠬᠢᠨ ᠡᠭᠦᠰᠴᠦ ᠳᠡᠶᠢᠯᠬᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠵᠤ ᠤᠬᠠᠭᠤᠯᠬᠤ ᠶᠢ ᠪᠠᠶᠢᠩᠭᠤᠵᠢᠭᠤᠯᠵᠤ᠂ ᠵᠠᠭᠪᠤᠷ ᠢ ᠪᠦᠷᠢᠯᠳᠦᠭᠦᠯᠬᠦ ᠶᠢᠨ ᠬᠠᠮᠲᠤ ᠡᠬᠡ ᠳᠠᠩᠰᠠ ᠵᠢᠴᠢ ᠲᠣᠳᠣᠷᠬᠠᠢ ᠺᠠᠷᠲ ᠪᠠᠶᠢᠭᠤᠯᠬᠤ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠵᠠᠳᠠᠯᠤᠨ ᠨᠠᠶᠢᠳᠠᠪᠤᠷᠢᠵᠢᠭᠤᠯᠵᠤ᠂ ᠲᠣᠰᠬᠤᠨ ᠤ ᠠᠷᠠᠳ ᠯᠤᠭ᠎ᠠ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠣᠢ ᠰᠢᠭᠤᠢ ᠬᠠᠮᠠᠭᠠᠯᠠᠭᠴᠢᠳ ᠡᠳᠦᠷ ᠪᠦᠷᠢ ᠲᠣᠭᠤᠷᠢᠨ ᠪᠠᠶᠢᠴᠠᠭᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠥᠨᠢ ᠪᠠᠷ ᠲᠣᠭᠤᠷᠢᠨ ᠪᠠᠶᠢᠴᠠᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠷᠠᠭ ᠪᠦᠷᠢ ᠰᠢᠢᠳᠬᠡᠨ ᠲᠣᠷᠭᠠᠭᠰᠠᠨ ᠪᠠᠶᠢᠳᠠᠯ᠂ ᠲᠣᠭᠤᠷᠢᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠵᠠᠷᠯᠠᠨ ᠮᠡᠳᠡᠭᠳᠡᠪᠡ᠃ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠡᠭᠦᠷᠭᠡ ᠪᠠᠨ ᠨᠠᠷᠢᠯᠢᠬᠵᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠨᠡᠨ ᠬᠦ ᠤᠷᠲᠤ ᠬᠤᠭᠤᠴᠠᠭᠠᠨ ᠤ ᠬᠥᠭᠵᠢᠯᠲᠡ ᠶᠢᠨ ᠶᠡᠭᠡ ᠪᠣᠳᠣᠯᠭ᠎ᠠ ᠪᠣᠯᠭᠠᠨ ᠴᠢᠩᠭ᠎ᠠ ᠪᠥᠭᠡᠳ ᠨᠠᠷᠢᠯᠢᠭ ᠠᠳᠬᠤᠬᠤ ᠬᠡᠷᠡᠭᠲᠡᠢ᠃ ᠮᠠᠨ ᠤ ᠪᠠᠯᠭᠠᠰᠤᠨ ᠤ ᠠᠮᠢ ᠠᠬᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠡᠮᠬᠢ ᠵᠢᠷᠤᠮ ᠲᠠᠢ ᠶᠠᠪᠤᠭᠳᠠᠭᠤᠯᠬᠤ ᠶᠢ ᠦᠨᠡᠨᠬᠦ ᠪᠠᠲᠤᠯᠠᠨ᠎ᠠ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠶᠢᠨ ᠬᠤᠤ ᠪᠠᠯᠭᠠᠰᠤ ᠶᠢ ᠰᠠᠬᠢᠨ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ ᠬᠡᠵᠡᠢ᠃ 
 
ᠢᠷᠡᠯᠲᠡ᠄ ᠶᠢᠨ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号