︽ᠲᠡᠮᠦᠷ ᠵᠠᠮ ᠤᠨ ᠭᠤᠷᠪᠠᠯᠵᠢᠨ ᠬᠤᠶᠢᠭ︾ ᠤᠨ ᠠᠵᠢᠯ ᠤᠨ ᠬᠤᠷᠠᠯ ᠨᠢ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠦᠴᠦᠨ ᠢ ᠨᠢᠭᠲᠠᠷᠠᠭᠤᠯᠪᠠ
ᠨᠡᠶᠢᠲᠡᠯᠡᠭᠰᠡᠨ ᠴᠠᠭ᠄
2025/2/25
     ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠨᠢᠭᠡᠴᠡ ᠶᠢᠨ ᠳᠠᠷᠤᠭ᠎ᠠ ᠶᠢ ᠦᠨᠳᠦᠰᠦᠨ ᠱᠠᠲᠤᠨ ᠤ ᠵᠠᠰᠠᠯᠲᠠ ᠶᠢᠨ ᠰᠡᠵᠢᠭᠦᠷ ᠪᠣᠯᠭᠠᠨ ᠪᠦᠲᠦᠭᠡᠨ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢ ᠵᠢᠵᠢᠭ ᠲᠣᠭᠤᠷᠢᠭ ᠲᠡᠰᠢ ᠤᠷᠲᠤᠳᠬᠠᠬᠤ᠂ ᠬᠦᠴᠦᠨ ᠢ ᠵᠢᠵᠢᠭ ᠲᠣᠭᠤᠷᠢᠭ ᠲᠡᠰᠢ ᠪᠠᠭᠤᠯᠭᠠᠬᠤ᠂ ᠡᠬᠢ ᠪᠠᠶᠠᠯᠢᠭ ᠢ ᠵᠢᠵᠢᠭ ᠲᠣᠭᠤᠷᠢᠭ ᠲᠡᠰᠢ ᠣᠷᠣᠭᠤᠯᠬᠤ ᠶᠢ ᠲᠦᠯᠬᠢᠨ ᠠᠬᠢᠭᠤᠯᠵᠤ᠂ ᠵᠢᠵᠢᠭ ᠲᠣᠭᠤᠷᠢᠭ ᠤᠨ ᠵᠠᠰᠠᠯᠲᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ 2 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᡁᠢ ᠨᠦᠩ ᠨᠡᠶᠢᠭᠡᠮ ᠲᠣᠭᠤᠷᠢᠭ ᠨᠢᠭᠡᠴᠡ ᠶᠢᠨ ᠳᠠᠷᠤᠭ᠎ᠠ ᠶᠢᠨ ︽ᠲᠡᠮᠦᠷ ᠵᠠᠮ ᠤᠨ ᠭᠤᠷᠪᠠᠯᠵᠢᠨ ᠬᠤᠶᠢᠭ︾ ᠤᠨ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ 52 ᠭᠠᠷᠤᠢ ᠨᠡᠷᠡᠰ ᠨᠢᠭᠡᠴᠡ ᠶᠢᠨ ᠳᠠᠷᠤᠭ᠎ᠠ ᠲᠥᠯᠥᠭᠡᠯᠡᠭᠴᠢ ᠨᠢᠭᠡ ᠲᠠᠩᠬᠢᠮ ᠳᠤ ᠴᠤᠭᠯᠠᠷᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠬᠥᠭᠵᠢᠯᠲᠡ ᠶᠢ ᠬᠠᠮᠲᠤ ᠪᠠᠷ ᠰᠦᠪᠡᠭᠴᠢᠯᠡᠪᠡ᠃    ᠬᠤᠷᠠᠯ ᠳᠡᠭᠡᠷ᠎ᠡ᠂ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠱᠢ ᠬᠤᠸᠠ ︽ᠨᠢᠭᠡᠴᠡ ᠶᠢᠨ ᠳᠠᠷᠤᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ︾᠂ ︽ᠨᠢᠭᠡᠴᠡ ᠶᠢᠨ ᠳᠠᠷᠤᠭ᠎ᠠ ᠶᠢᠨ ᠵᠥᠷᠢᠴᠡᠯ ᠢ ᠠᠷᠢᠯᠭᠠᠬᠤ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠴᠤᠪᠤᠷᠠᠯ︾ ᠤᠨ ᠲᠣᠭᠤᠷᠢᠨ ᠳᠤ ᠨᠠᠷᠢᠨ ᠲᠠᠶᠢᠯᠤᠮᠵᠢ ᠬᠢᠵᠦ᠂ ᠮᠡᠳᠡᠭᠡ ᠵᠠᠩᠭᠢ ᠴᠤᠭᠯᠠᠭᠤᠯᠬᠤ᠂ ᠵᠥᠷᠢᠴᠡᠯ ᠢ ᠡᠶᠡᠳᠡᠭᠦᠯᠬᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠵᠢᠷᠭᠤᠭᠠᠨ ᠶᠡᠭᠡ ᠭᠤᠣᠯ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠢ ᠲᠣᠭᠲᠠᠭᠠᠪᠠ᠃ ᠨᠠᠮ ᠤᠨ ᠵᠣᠬᠢᠶᠠᠨ ᠪᠠᠶᠢᠭᠤᠯᠤᠯᠲᠠ ᠶᠢ ᠲᠣᠣᠷᠵᠢᠯ ᠳᠡᠭᠡᠷ᠎ᠡ ᠪᠠᠶᠢᠭᠤᠯᠵᠤ᠂ ᠨᠠᠮ ᠤᠨ ᠭᠡᠰᠢᠭᠦᠨ ᠢ ᠪᠢᠴᠢᠯ ᠲᠣᠣᠷᠵᠢᠯ ᠳᠤ ᠰᠢᠭᠢᠳᠬᠡᠵᠦ᠂ ︽ᠨᠠᠮ ᠤᠨ ᠳᠤᠭᠤᠶᠢᠯᠠᠩ ᠤᠨ ᠲᠣᠣᠷᠵᠢᠯ ᠤᠨ ᠨᠢᠭᠡᠴᠡ ᠶᠢᠨ ᠳᠠᠷᠤᠭ᠎ᠠ︾ ᠶᠢᠨ ᠦᠨᠳᠦᠰᠦᠨ ᠱᠠᠲᠤᠨ ᠤ ᠪᠢᠴᠢᠯ ᠵᠠᠰᠠᠯᠲᠠ ᠶᠢᠨ ᠲᠡᠮᠦᠷ ᠵᠠᠮ ᠤᠨ ᠭᠤᠷᠪᠠᠯᠵᠢᠨ ᠬᠤᠶᠢᠭ ᠤᠨ ᠪᠦᠲᠦᠴᠡ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠺᠠᠳ᠋ᠷ᠂ ᠨᠠᠮ ᠤᠨ ᠡᠭᠦᠷ ᠤᠨ ᠱᠦᠵᠢ᠂ ᠨᠢᠭᠡᠴᠡ ᠶᠢᠨ ᠳᠠᠷᠤᠭ᠎ᠠ ᠵᠡᠷᠭᠡ ᠬᠦᠴᠦᠨ ᠢ ᠨᠢᠭᠲᠠᠷᠠᠭᠤᠯᠵᠤ᠂ ᠬᠤᠪᠢ ᠬᠤᠷᠠᠮᠳᠤᠭᠤᠯᠬᠤ ᠳᠦᠷᠢᠮ ᠤᠨ ᠵᠥᠪ ᠴᠢᠭᠯᠡᠯ ᠢᠶᠠᠷ ᠤᠷᠮᠠᠰᠢᠭᠤᠯᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ︽ᠮᠡᠳᠡᠷᠡᠯ ᠤᠨ ᠰᠡᠵᠢᠭᠦᠷ︾ ᠤᠨ ᠰᠠᠨᠠᠭᠠᠴᠢᠯᠠᠭᠠᠲᠤ ᠴᠢᠨᠠᠷ ᠢ ᠪᠦᠲᠦᠮᠵᠢᠲᠡᠢ ᠳᠠᠶᠢᠴᠢᠯᠠᠪᠠ᠃ ᠬᠤᠷᠠᠯ ᠳᠤ ᠣᠷᠣᠯᠴᠠᠭᠰᠠᠨ ᠨᠢᠭᠡᠴᠡ ᠶᠢᠨ ᠳᠠᠷᠤᠭ᠎ᠠ ᠨᠠᠷ ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠣᠵᠤ ᠴᠠᠬᠢᠯᠭᠠᠨ ᠴᠡᠨᠡᠭᠯᠡᠬᠦ᠂ ᠲᠤᠰᠬᠠᠷ ᠰᠠᠭᠤᠭᠠᠯᠢ ᠲᠣᠭᠤᠷᠢᠭ ᠤᠨ ᠬᠠᠮᠢᠶᠠᠷᠤᠯᠲᠠ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠬᠠᠯᠠᠮᠰᠢᠯ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ᠂ 6 ᠵᠤᠷᠪᠤᠰ ᠰᠠᠨᠠᠯ ᠰᠠᠨᠠᠭᠤᠯᠭ᠎ᠠ ᠳᠤᠷᠠᠳᠪᠠ᠃   ᠲᠠᠷᠢᠶᠠᠯᠠᠩ ᠢ ᠳᠡᠮᠵᠢᠬᠦ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠡ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ᠂ ᠰᠦᠯᠵᠢᠶ᠎ᠡ ᠪᠠᠷ ᠰᠠᠭᠤᠷᠢ ᠪᠣᠯᠭᠠᠬᠤ᠂ ᠦᠢᠯᠡᠴᠢᠯᠡᠭᠡ ᠪᠠᠷ ᠠᠴᠢᠶᠠᠯᠠᠪᠤᠷᠢ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠮᠡᠳᠡᠷᠡᠯ ᠤᠨ ᠰᠡᠵᠢᠭᠦᠷ︾ ᠢ ᠬᠦᠴᠦᠯᠡᠨ ᠬᠥᠭᠵᠢᠭᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠵᠠᠰᠠᠯᠲᠠ ᠶᠢᠨ ᠦᠢᠯᠡᠴᠢᠯᠡᠭᠡᠨ ᠳᠠᠬᠢ ᠨᠢᠭᠡᠴᠢ ᠶᠢᠨ ᠳᠠᠷᠤᠭ᠎ᠠ ᠶᠢᠨ ᠭᠤᠣᠯ ᠪᠣᠯᠬᠤ ᠦᠢᠯᠡᠳᠦᠯ ᠢ ᠰᠢᠨ᠎ᠡ ᠪᠠᠷ ᠡᠭᠦᠳᠴᠦ ᠪᠠᠳᠠᠷᠠᠭᠤᠯᠤᠨ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧ᠊ᠲᠷ ︾ ᠢ ᠦᠨᠡᠨ ᠬᠦ ᠨᠡᠪᠲᠡᠷᠡᠭᠦᠯᠦᠨ᠎ᠡ᠃ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠡ ︽ᠨᠠᠮ ᠤᠨ ᠳᠤᠭᠤᠶᠢᠯᠠᠩ ᠤᠨ ᠰᠦᠯᠵᠢᠶᠡᠨ ᠤ ᠨᠢᠭᠡᠴᠡ ᠶᠢᠨ ᠳᠠᠷᠤᠭ᠎ᠠ︾ ᠶᠢᠨ ᠵᠠᠰᠠᠯᠲᠠ ᠶᠢᠨ ᠲᠣᠭᠲᠠᠴᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠭᠤᠭᠠᠯᠢ ᠲᠣᠭᠤᠷᠢᠭ ᠤᠨ ᠨᠠᠷᠢᠯᠢᠬᠵᠢᠭᠤᠯᠤᠭᠰᠠᠨ ᠵᠠᠰᠠᠯᠲᠠ ᠶᠢᠨ ᠠᠵᠢᠯ ᠢ ᠨᠠᠷᠢᠨ ᠪᠣᠳᠠᠲᠠᠢ ᠬᠢᠵᠦ᠂ ᠰᠠᠭᠤᠭᠠᠯᠢ ᠲᠣᠭᠤᠷᠢᠭ ᠤᠨ ᠵᠠᠰᠠᠯᠲᠠ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠰᠠᠭᠤᠭᠠᠯᠢ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠰᠠᠭᠤᠭᠠᠯᠢ ᠠᠷᠠᠳ ᠤᠨ ᠵᠠᠰᠠᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ︽ᠰᠠᠭᠤᠭᠠᠯᠢ ᠲᠣᠭᠤᠷᠢᠭ ᠪᠣᠯ ᠮᠠᠨ ᠤ ᠭᠡᠷ ᠮᠥᠨ᠂ ᠵᠠᠰᠠᠬᠤ ᠳᠤ ᠣᠯᠠᠨ ᠳᠤ ᠲᠦᠰᠢᠭᠯᠡᠬᠦ︾ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠤᠨ ᠠᠮᠢᠳᠤᠷᠠᠯ ᠤᠨ ᠠᠭᠤᠷ ᠠᠮᠢᠰᠬᠤᠯ ᠢ ᠪᠤᠢ ᠪᠣᠯᠭᠠᠨ᠎ᠠ᠃ 
 
ᠢᠷᠡᠯᠲᠡ᠄ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号